ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠄ ᠲᠠᠪᠴᠠᠩ᠎ᠤᠨ ᠠᠵᠤ ᠠᠬᠤᠶ ᠬᠡᠷᠡᠯᠴᠢ ᠴᠡᠨᠡᠭ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ ᠪᠠ ᠬᠦᠷᠢᠶᠡᠨ᠎ᠳᠡᠬᠢ 《 ᠳᠤᠲᠤᠭᠠᠳᠤ᠎ᠵᠢᠨ ᠨᠠᠵᠠᠭᠠᠢ ᠥᠷᠢᠰᠥᠯᠳᠦᠭᠡᠨ 》 ᠢ᠋ ᠰᠡᠷᠭᠡᠢᠯᠡᠨ ᠵᠠᠰᠠᠨ᠎ᠠ
2026-04-02 16:47:31
ᠵᠣᠬᠢᠶᠠᠭ᠍ᠴᠢ᠄
​ ᠵᠣᠣ ᠢ ᠨᠢᠩ ᠳ᠋ᠠᠶ ᠱᠢᠶᠤᠤ ᠾᠧ
ᠣᠩᠱᠢᠭ᠍ᠰᠠᠨ ᠣᠳᠠᠭ᠎ᠠ᠄
★★★☆☆

ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ 30᠎ᠤ᠋ ᠡᠳᠦᠷ 《〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ〉ᠶ᠋ᠢ ᠤᠯᠠᠮ ᠨᠢᠭᠡ ᠠᠯᠬᠤᠮ ᠲᠤᠭᠤᠰᠢᠯᠠᠭᠤᠯᠤᠨ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》 ᠢ᠋ ᠨᠡᠢᠲᠡᠯᠡᠵᠦ᠍᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠎ᠶ᠋ᠢ ᠲᠤᠭᠤᠰᠢᠯᠠᠭᠤᠯᠤᠨ ᠬᠡᠷᠡᠭ᠌ᠵᠢᠭᠦᠯᠬᠦ᠌ ᠠᠵᠢᠯ᠎ᠤᠨ ᠭᠤᠤᠯᠳᠠᠯᠭ᠎ᠠ᠎ᠶ᠋ᠢ ᠣᠨᠣᠪᠴᠢᠲᠠᠶ ᠡᠵᠡᠮᠱᠢᠬᠦ᠌᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠎ᠶ᠋ᠢ ᠪᠦᠲᠦᠮᠵᠢᠲᠡᠶ ᠬᠡᠷᠡᠭ᠌ᠵᠢᠭᠦᠯᠬᠦ᠌᠎ᠶ᠋ᠢ ᠢᠳᠡᠪᠬᠢᠲᠡᠶ ᠠᠬᠢᠭᠤᠯᠬᠤ ᠵᠡᠷᠭᠡ ᠠᠭᠤᠯᠭ᠎ᠠ᠎ᠳᠤ ᠱᠠᠭᠠᠷᠳᠠᠯᠭ᠎ᠠ ᠳᠤᠷᠠᠳᠪᠠ᠃

ᠮᠡᠳᠡᠭ᠌ᠳᠡᠯ᠎ᠳᠦ᠂ 《ᠳᠤᠲᠤᠭᠠᠳᠤ᠎ᠵᠢᠨ ᠨᠠᠵᠠᠭᠠᠢ ᠥᠷᠢᠰᠥᠯᠳᠦᠭᠡᠨ》 ᠢ᠋ ᠶᠡᠷᠦᠩᠬᠡᠢᠯᠡᠨ ᠴᠡᠭ᠌ᠴᠡᠯᠡᠨ ᠵᠠᠰᠠᠬᠤ ᠬᠡᠷᠡᠭ᠌ᠲᠡᠶ᠃ ᠰᠡᠷᠭᠡᠢᠯᠡᠨ ᠵᠠᠰᠠᠬᠤ ᠲᠠᠪᠴᠠᠩ᠎ᠤᠨ ᠠᠵᠤ ᠠᠬᠤᠶ᠂ ᠬᠡᠷᠡᠯᠴᠢ ᠴᠡᠨᠡᠭ᠂ ᠯᠢᠲ᠋ᠢ ᠳ᠋ᠢᠶᠠᠨ ᠤ᠋ᠤᠢ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ ᠪᠠ ᠬᠦᠷᠢᠶᠡᠨ᠎ᠳᠡᠬᠢ 《ᠳᠤᠲᠤᠭᠠᠳᠤ᠎ᠵᠢᠨ ᠨᠠᠵᠠᠭᠠᠢ ᠥᠷᠢᠰᠥᠯᠳᠦᠭᠡᠨ》 ᠢ᠋ ᠬᠦᠴᠦᠯᠡᠨ ᠰᠡᠷᠭᠡᠢᠯᠡᠨ ᠵᠠᠰᠠᠬᠤ ᠬᠡᠷᠡᠭᠳᠡᠢ᠃ ᠲᠠᠪᠴᠠᠩ᠎ᠤᠨ ᠠᠵᠤ ᠠᠬᠤᠢᠯᠠᠯ᠎ᠤᠨ ᠵᠦᠶ ᠶᠣᠰᠣᠨ᠎ᠤ ᠪᠤᠰᠤ ᠱᠢᠯᠲᠠᠭᠠᠨ᠂ ᠨᠡᠷᠡᠰ᠎ᠦᠨ ᠵᠢᠭ᠍ᠰᠠᠭᠠᠯᠲᠠ ᠵᠢ ᠬᠠᠢᠬᠤ᠂ ᠡᠵᠡᠩᠨᠡᠯᠲᠡ᠎ᠶ᠋ᠢ ᠦᠨᠡᠯᠡᠬᠦ ᠵᠡᠷᠭᠡ ᠠᠷᠭ᠎ᠠ ᠪᠠᠷᠢᠯ᠎ᠢ ᠠᠱᠢᠭ᠍ᠯᠠᠨ᠂ ᠲᠠᠪᠴᠠᠩ᠎ᠤᠨ ᠳᠣᠲᠣᠷᠠᠬᠢ ᠡᠵᠡᠩᠨᠡᠭ᠌ᠴᠢ᠎ᠶ᠋ᠢ ᠠᠯᠪᠠᠳᠠᠬᠤ ᠪᠤᠶᠤ ᠬᠡᠯᠪᠡᠷᠢ᠎ᠶ᠋ᠢ᠎ᠨᠢ ᠥᠭᠡᠷᠡᠲᠦᠭᠦᠯᠦᠨ ᠠᠯᠪᠠᠳᠠᠵᠤ  ᠪᠠᠢᠭᠠᠳ ᠥᠪᠡᠷ᠎ᠦᠨ ᠥᠷᠲᠡᠭ᠎ᠡᠴᠡ ᠳᠤᠤᠷ᠎ᠠ ᠦᠨ᠎ᠡ᠎ᠪᠡᠷ  ᠪᠣᠷᠣᠯᠠᠭᠤᠯᠬᠤ ᠵᠢ ᠤᠨᠤᠪᠴᠢᠳᠠᠢ ᠢᠯᠭᠠᠨ ᠲᠠᠨᠢᠬᠤ ᠪᠠ ᠬᠤᠯᠢ ᠶᠤᠰᠤᠭᠠᠷ ᠪᠠᠢᠴᠠᠭᠠᠨ ᠰᠢᠢᠳᠪᠦᠷᠢᠯᠡᠬᠦ ᠭᠡᠷᠡᠭᠳᠠᠢ᠃ ᠲᠠᠪᠴᠠᠩ᠎ᠤᠨ ᠡᠵᠡᠩᠨᠡᠭ᠌ᠴᠢ᠎ᠶ᠋ᠢᠨ ᠵᠦᠶ ᠪᠤᠰᠤ ᠥᠷᠢᠰᠥᠯᠳᠦᠭᠡᠨ᠎ᠦ ᠦᠶ᠋ᠯᠡ ᠠᠵᠢᠯᠯᠠᠭ᠎ᠠ᠎ᠶ᠋ᠢ ᠱᠢᠶ᠋ᠳᠪᠦᠷᠢᠯᠡᠬᠦ᠌ ᠬᠠᠷᠢᠭᠤᠴᠠᠯᠭ᠎ᠠ ᠡᠭᠦᠷᠭᠡ᠎ᠶ᠋ᠢ ᠪᠣᠳᠠᠲᠠᠢᠵᠢᠭᠤᠯᠵᠤ᠂ ᠲᠠᠪᠴᠠᠩ᠎ᠢ ᠱᠠᠯᠠᠪᠳᠠᠭᠤᠯᠤᠨ ᠲᠠᠪᠴᠠᠩ᠎ᠤᠨ ᠳᠣᠲᠣᠷᠠᠬᠢ ᠭᠤᠤᠯᠴᠢ ᠥᠷᠢᠰᠥᠯᠳᠦᠭᠡᠨ᠎ᠦ ᠲᠦᠷᠢᠮ᠎ᠢ ᠲᠣᠳᠣᠷᠬᠠᠢᠯᠠᠬᠤ ᠬᠡᠷᠡᠭᠳᠡᠢ᠃ ᠲᠠᠪᠴᠠᠩ᠎ᠤᠨ ᠡᠵᠡᠩᠨᠡᠭ᠌ᠴᠢ᠎ᠶ᠋ᠢᠨ ᠬᠢᠨᠠᠨ ᠰᠢᠯᠭᠠᠬᠤ ᠬᠠᠮᠢᠶᠠᠷᠤᠯᠲᠠ᠎ᠶ᠋ᠢᠨ ᠵᠣᠬᠢᠰ ᠥᠬᠡᠶ ᠭᠡᠳᠡᠭ ᠵᠢᠡᠷ ᠰᠢᠯᠳᠠᠬᠯᠠᠵᠤ ᠲᠠᠪᠴᠠᠩ᠎ᠤᠨ ᠳᠣᠲᠣᠷᠠᠬᠢ ᠡᠵᠡᠩᠨᠡᠭ᠌ᠴᠢ᠎ᠶ᠋ᠢᠨ ᠡᠵᠡᠨ ᠮᠡᠳᠡᠵᠦ᠍ ᠡᠵᠡᠩᠨᠡᠬᠦ᠌ ᠡᠷᠬᠡ᠎ᠳᠦ ᠭᠠᠷ ᠲᠦᠷᠦᠭᠦ᠌ ᠵᠢ ᠰᠡᠷᠭᠡᠢᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠮᠡᠳᠡᠭ᠌ᠳᠡᠯ᠎ᠳᠦ᠂ ᠰᠦᠯᠵᠢᠶᠡᠨ᠎ᠦ ᠵᠦᠶ ᠪᠤᠰᠤ ᠥᠷᠢᠰᠥᠯᠳᠦᠭᠡᠨ᠎ᠦ ᠦᠶ᠋ᠯᠡ ᠠᠵᠢᠯᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠬᠤ ᠬᠡᠷᠡᠭᠳᠡᠢ᠃ ᠠᠮᠢᠵᠢᠷᠠᠯ᠎ᠤᠨ ᠬᠦᠴᠦᠨ ᠪᠠ ᠡᠮᠬᠢ ᠳᠢᠭ᠌ᠯᠢᠮ᠎ᠦᠨ ᠬᠠᠷᠢᠴᠠᠭ᠎ᠠ᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠰᠦᠯᠵᠢᠶᠡᠨ᠎ᠦ ᠥᠷᠢᠰᠥᠯᠳᠦᠭᠡᠨ᠎ᠦ ᠲᠦᠷᠢᠮ᠎ᠢ ᠲᠡᠭᠦᠯᠳᠡᠷᠵᠢᠭᠦᠯᠵᠦ᠍᠂ ᠰᠦᠯᠵᠢᠶᠡᠨ᠎ᠦ ᠵᠦᠶ ᠪᠤᠰᠤ ᠥᠷᠢᠰᠥᠯᠳᠦᠭᠡᠨ᠎ᠦ ᠠᠵᠢᠯᠯᠠᠭ᠎ᠠ᠎ᠶ᠋ᠢ ᠪᠠᠢᠩᠭᠤᠵᠢᠭᠤᠯᠤᠨ ᠬᠢᠨᠠᠨ ᠬᠠᠮᠢᠶᠠᠷᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ ᠬᠡᠷᠡᠭᠳᠡᠢ᠃ ᠡᠯ᠎ᠡ ᠲᠥᠷᠥᠯ᠎ᠦᠨ ᠱᠢᠨ᠎ᠡ ᠬᠡᠯᠪᠡᠷᠢ᠎ᠶ᠋ᠢᠨ ᠰᠦᠯᠵᠢᠶᠡᠨ᠎ᠦ ᠵᠦᠶ ᠪᠤᠰᠤ ᠥᠷᠢᠰᠥᠯᠳᠦᠭᠡᠨ᠎ᠦ ᠦᠶ᠋ᠯᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠠᠷᠭᠠᠴᠠᠭᠠᠵᠤ᠂ ᠲᠣᠭ᠎ᠠ ᠪᠠᠷᠢᠮᠲᠠ ᠪᠠ ᠪᠤᠳᠤᠯᠲᠠ ᠵᠢᠨ ᠠᠷᠭ᠎ᠠ᠂ ᠮᠡᠷᠭᠡᠵᠢᠯ᠂ ᠲᠠᠪᠴᠠᠩ᠎ᠤᠨ ᠲᠦᠷᠢᠮ ᠵᠡᠷᠭᠡ᠎ᠶ᠋ᠢ ᠪᠦᠲᠦᠮᠵᠢᠲᠡᠶ ᠵᠢᠷᠤᠮᠵᠢᠭᠤᠯᠤᠨ ᠠᠱᠢᠭ᠍ᠯᠠᠵᠤ ᠵᠦᠶ ᠪᠤᠰᠤ ᠥᠷᠢᠰᠥᠯᠳᠦᠭᠡᠨ᠎ᠦ ᠦᠶ᠋ᠯᠡ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠶ᠃ ᠬᠢᠨᠠᠯᠲᠠ ᠬᠠᠮᠢᠶᠠᠷᠤᠯᠲᠠ᠎ᠶ᠋ᠢᠨ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠴᠠᠭ ᠲᠤᠬᠠᠶ᠎ᠳᠤᠨᠢ ᠳ᠋ᠦᠩᠨᠡᠵᠦ᠍᠂《ᠰᠦᠯᠵᠢᠶᠡᠨ᠎ᠦ ᠵᠦᠶ ᠪᠤᠰᠤ ᠥᠷᠢᠰᠥᠯᠳᠦᠭᠡᠨ᠎ᠢ ᠴᠠᠭᠠᠵᠠᠯᠠᠬᠤ ᠲᠦᠷᠢᠮ》ᠢ᠋ ᠰᠤᠳᠤᠯᠤᠨ ᠲᠣᠭ᠍ᠲᠠᠭᠠᠬᠤ᠎ᠶ᠋ᠢ ᠠᠬᠢᠭᠤᠯᠬᠤ ᠬᠡᠷᠡᠭᠳᠡᠢ ᠭᠡᠵᠦ ᠲᠤᠳᠤᠷᠬᠠᠢᠯᠠᠪᠠ᠃

ᠡᠭᠦᠨ᠎ᠡᠴᠡ ᠭᠠᠳᠠᠨ᠎ᠠ᠂ ᠮᠡᠳᠡᠭ᠌ᠳᠡᠯ᠎ᠳᠦ ᠪᠠᠰᠠ ᠲᠣᠮᠣ ᠬᠡᠯᠪᠡᠷᠢ᠎ᠶ᠋ᠢᠨ ᠠᠵᠤ ᠠᠬᠤᠢᠯᠠᠯ ᠵᠡᠷᠭᠡ ᠡᠵᠡᠩᠨᠡᠭ᠌ᠴᠢ᠎ᠵᠢᠨ ᠳᠤᠮᠳᠠ ᠪᠠᠭ᠎ᠠ ᠠᠵᠤ ᠠᠬᠤᠢᠯᠠᠯ᠎ᠤᠨ ᠵᠤᠭᠤᠰ᠎ᠢ ᠥᠷᠢᠲᠦᠬᠦ᠎ᠵᠢ ᠰᠡᠷᠭᠡᠢᠯᠡᠨ ᠵᠠᠰᠠᠬᠤ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ᠎ᠶ᠋ᠢ ᠴᠢᠩᠭᠠᠳᠭᠠᠬᠤ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠣᠷᠣᠨ᠎ᠬᠡᠪᠴᠢᠶ᠎ᠡ ᠡᠴᠡ ᠭᠠᠳᠠᠨ᠎ᠠ ᠬᠠᠤᠯᠢ ᠬᠡᠷᠡᠭ᠌ᠵᠢᠭᠦᠯᠬᠦ᠌᠎ᠶ᠋ᠢ ᠰᠦᠪᠡᠭ᠌ᠴᠢᠯᠡᠬᠦ᠌ ᠵᠡᠷᠭᠡ ᠠᠵᠢᠯ᠎ᠤᠨ ᠭᠤᠤᠯᠳᠠᠯᠭ᠎ᠠ᠎ᠶ᠋ᠢ ᠲᠣᠳᠣᠷᠬᠠᠢᠯᠠᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号