ᠱᠢᠯᠢ᠎ᠶ᠋ᠢᠨ ᠭᠤᠤᠯ ᠠᠢᠮᠠᠭ᠎ᠤᠨ 2026 ᠣᠨ᠎ᠤ ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ᠌ ᠠᠵᠢᠯ ᠤᠳᠠᠯ ᠦᠭᠡᠢ ᠡᠬᠢᠯᠡᠨ᠎ᠡ
2026-04-02 09:53:40
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠵᠤ᠂ ᠮᠠᠯ ᠠᠵᠤ ᠠᠬᠤᠶ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ ᠱᠢᠯᠢ᠎ᠶ᠋ᠢᠨ ᠭᠤᠤᠯ ᠠᠢᠮᠠᠭ᠎ᠤᠨ 2026 ᠣᠨ᠎ᠤ ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ᠌ ᠠᠵᠢᠯ᠎ᠢ ᠤᠳᠤᠬᠠᠨ᠎ᠳᠤ ᠨᠢᠭᠡᠨᠲᠡ ᠪᠥᠬᠥ᠌ ᠲᠠᠯ᠎ᠠ᠎ᠪᠠᠷ ᠪᠠᠢᠷᠢᠯᠠᠭᠤᠯᠵᠤ᠂ ᠤᠳᠠᠯ ᠦᠭᠡᠢ ᠡᠬᠢᠯᠡᠭᠦᠯᠬᠦ᠌᠎ᠪᠡᠷ ᠪᠤᠢ᠃ ᠡᠨᠡ ᠵᠢᠯ᠎ᠦᠨ ᠪᠡᠯᠴᠢᠭᠡᠷ ᠰᠡᠷᠭᠦᠭᠡᠬᠦ ᠵᠢ ᠬᠡᠷᠡᠭ᠌ᠵᠢᠭᠦᠯᠬᠦ᠌ ᠬᠡᠪᠴᠢᠶ᠎ᠡ ᠨᠢ ᠡᠷᠢᠶᠡᠨ ᠬᠣᠲᠠ᠎ᠡᠴᠠ ᠪᠤᠰᠤᠳ 12 ᠬᠣᠱᠢᠭᠤ ᠱᠢᠶᠠᠨ ᠬᠣᠲᠠ ᠲᠣᠭᠣᠷᠢᠭ᠎ᠤᠨ ᠪᠥᠬᠥ᠌ ᠨᠤᠲᠤᠭ ᠪᠡᠯᠴᠢᠭᠡᠷ᠎ᠢ ᠬᠠᠮᠤᠷᠴᠤ᠌᠂ ᠮᠠᠯ᠎ᠤᠨ ᠲᠦᠷᠦᠯ ᠨᠢ ᠦᠬᠡᠷ᠂ ᠬᠣᠨᠢ (ᠮᠣᠷᠢ᠂ ᠲᠡᠮᠡᠭᠡ ᠪᠠᠭ᠍ᠲᠠᠬᠤ ᠥᠬᠡᠶ) ᠵᠢ ᠪᠠᠭᠲᠠᠭᠠᠨ᠂ ᠪᠡᠯᠴᠢᠭᠡᠷ ᠰᠡᠷᠭᠦᠭᠡᠬᠦ ᠴᠠᠭ᠎ᠨᠢ ᠨᠠᠭᠠᠳᠤ ᠵᠠᠬ᠎ᠠ ᠳ᠋ᠠᠭᠠᠨ 45 ᠡᠳᠦᠷ᠎ᠡᠴᠡ ᠳᠡᠭᠡᠭᠰᠢ ᠪᠠᠢᠬᠤ ᠬᠡᠷᠡᠭᠲᠡᠢ ᠭᠡᠵᠦ ᠲᠣᠭ᠍ᠲᠠᠭᠠᠭ᠍ᠰᠠᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠬᠦ ᠪᠤᠯᠤᠨ᠎ᠠ᠃

ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ᠌ ᠪᠣᠯ ᠪᠡᠯᠴᠢᠭᠡᠷ ᠡᠪᠡᠰᠦᠨ᠎ᠤ ᠬᠡᠪ᠎ᠦᠨ ᠪᠠᠢᠳᠠᠯ᠎ᠢᠶᠠᠷ ᠤᠷᠭᠤᠬᠤ᠎ᠶ᠋ᠢ ᠪᠠᠲᠤᠯᠠᠬᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ ᠱᠢᠯᠢ᠎ᠶ᠋ᠢᠨ ᠭᠤᠤᠯ ᠠᠢᠮᠠᠭ ᠡᠨᠡ ᠵᠢᠯ ᠪᠡᠯᠴᠢᠭᠡᠷ ᠰᠡᠷᠭᠦᠭᠡᠬᠦ᠌ ᠠᠵᠢᠯ᠎ᠳᠤ ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ ᠵᠠᠷᠴᠢᠮ᠎ᠢ ᠪᠠᠷᠢᠮᠲᠠᠯᠠᠵᠤ᠂ ᠡᠯ᠎ᠡ ᠭᠠᠵᠠᠷ᠎ᠤᠨ ᠠᠭᠤᠷ ᠠᠮᠢᠰᠭᠤᠯ᠎ᠤᠨ ᠨᠥᠬᠥᠴᠡᠯ ᠪᠠ ᠪᠡᠯᠴᠢᠭᠡᠷ ᠡᠪᠡᠰᠦ ᠨᠣᠭᠣᠭᠠᠷᠠᠬᠤ ᠪᠣᠳᠠᠲᠠᠶ ᠪᠠᠢᠳᠠᠯ᠎ᠢ ᠦᠨᠳᠦᠰᠦᠯᠡᠨ᠂ ᠪᠣᠳᠠᠲᠠᠶ ᠡᠬᠢᠯᠡᠬᠦ᠌ ᠪᠠ ᠳᠠᠭᠤᠰᠭᠤ ᠴᠠᠭ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠨ᠎ᠠ᠃ ᠡᠭᠦᠨ᠎ᠳᠦ ᠡᠮᠦᠨ᠎ᠡ ᠬᠡᠰᠡᠭ᠂ ᠪᠠᠷᠠᠭᠤᠨ ᠬᠡᠰᠡᠭ᠎ᠦᠨ ᠬᠣᠱᠢᠭᠤ ᠱᠢᠶᠠᠨ (ᠰᠥᠨᠢᠳ ᠵᠡᠭᠦᠨ ᠬᠣᠱᠢᠭᠤ᠂ ᠰᠥᠨᠢᠳ ᠪᠠᠷᠠᠭᠤᠨ ᠬᠣᠱᠢᠭᠤ᠂ ᠬᠥᠪᠡᠭᠡᠲᠦ ᠱᠢᠷ᠎ᠠ ᠬᠣᠱᠢᠭᠤ᠂ ᠱᠢᠯᠤᠭᠤᠨ ᠬᠥᠪᠡᠭᠡᠲᠦ ᠴᠠᠭᠠᠨ ᠬᠣᠱᠢᠭᠤ᠂ ᠱᠢᠯᠤᠭᠤᠨ ᠬᠥᠬᠡ ᠬᠣᠱᠢᠭᠤ᠂ ᠲᠠᠢᠪᠤᠰᠧ ᠬᠣᠱᠢᠭᠤ᠂ ᠳᠣᠯᠣᠨ ᠨᠠᠭᠤᠷ ᠱᠢᠶᠠᠨ)ᠤ᠋ ᠪᠡᠯᠴᠢᠭᠡᠷ᠎ᠰᠡᠷᠭᠦᠭᠡᠬᠦ᠌ ᠴᠠᠭ᠎ᠨᠢ 4 ᠰᠠᠷ᠎ᠠ᠎ᠶ᠋ᠢᠨ 1᠎ᠡᠴᠡ ᠡᠷᠲᠡ ᠪᠠᠢᠵᠤ ᠪᠣᠯᠬᠤ ᠥᠬᠡᠶ᠃ ᠳᠤᠮᠳᠠ ᠬᠣᠢᠲᠤ ᠬᠡᠰᠡᠭ᠎ᠦᠨ ᠬᠣᠱᠢᠭᠤ ᠬᠣᠲᠠ ᠲᠣᠭᠣᠷᠢᠭ (ᠱᠢᠯᠢᠩᠬᠣᠲᠠ᠂ ᠠᠪᠠᠭ᠎ᠠ ᠬᠣᠱᠢᠭᠤ᠂ ᠵᠡᠭᠦᠨ ᠦᠵᠦᠮᠦᠴᠢᠨ ᠬᠣᠱᠢᠭᠤ᠂ ᠪᠠᠷᠠᠭᠤᠨ ᠦᠵᠦᠮᠦᠴᠢᠨ ᠬᠣᠱᠢᠭᠤ᠂ ᠤᠯᠠᠭᠠᠶ ᠬᠠᠮᠢᠶᠠᠷᠤᠯᠲᠠ᠎ᠶ᠋ᠢᠨ ᠣᠷᠣᠨ) 4 ᠰᠠᠷ᠎ᠠ᠎ᠶ᠋ᠢᠨ 5᠎ᠡᠴᠡ ᠡᠷᠲᠡ ᠪᠠᠢᠵᠤ ᠪᠤᠯᠬᠤ ᠦᠭᠡᠢ᠃ ᠪᠡᠯᠴᠢᠭᠡᠷ ᠰᠡᠷᠭᠦᠭᠡᠬᠦ᠌ ᠨᠥᠬᠥᠪᠥᠷᠢ ᠵᠢ ᠬᠦᠷᠲᠡᠬᠦ ᠡᠲᠡᠭᠡᠳ ᠪᠣᠯ ᠨᠤᠲᠤᠭ ᠪᠡᠯᠴᠢᠭᠡᠷ᠎ᠦᠨ ᠳᠠᠭᠠᠭᠠᠴᠢᠯᠠᠨ ᠡᠵᠡᠩᠨᠡᠬᠦ᠌ ᠡᠷᠬᠡ᠎ᠶ᠋ᠢᠨ ᠦᠨᠡᠮᠯᠡᠯ᠎ᠲᠡᠶ ᠪᠤᠶᠤ ᠳᠠᠭᠠᠭᠠᠴᠢᠯᠠᠨ ᠡᠵᠡᠩᠨᠡᠬᠦ᠌ ᠭᠡᠷ᠎ᠡ ᠲᠣᠭ᠍ᠲᠠᠭ᠍ᠰᠠ ᠮᠠᠯᠴᠢᠨ ᠲᠠᠷᠢᠶᠠᠴᠢᠨ ᠪᠣᠯᠤᠨ ᠤᠯᠤᠰ᠎ᠤᠨ ᠥᠮᠴᠢᠯᠡᠯᠲᠦ ᠲᠠᠷᠢᠶᠠᠯᠠᠩ ᠮᠠᠯᠵᠢᠯ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯᠲᠠᠨ ᠠᠵᠢᠯᠴᠢᠨ ᠪᠣᠯᠤᠨ᠎ᠠ᠃

ᠪᠡᠯᠴᠢᠭᠡᠷ ᠰᠡᠷᠭᠦᠭᠡᠬᠦ᠌ ᠬᠤᠭᠤᠴᠠᠭᠠᠨ᠎ᠳᠤ ᠮᠠᠯ ᠤᠨᠤᠭ᠎ᠠ᠎ᠶ᠋ᠢ 《ᠪᠡᠯᠴᠢᠭᠡᠷᠯᠡᠭᠦᠯᠦᠨ ᠮᠠᠯᠵᠢᠬᠤ᠎ᠶ᠋ᠢ ᠬᠤᠷᠢᠬᠯᠠᠬᠤ᠂ ᠡᠪᠡᠰᠦ ᠪᠣᠷᠳᠣᠭ᠎ᠠ ᠵᠢ ᠪᠠᠲᠤᠯᠠᠬᠤ》 ᠵᠢ ᠦᠨᠡᠨ ᠬᠦ᠌ ᠨᠠᠢᠳᠠᠪᠤᠷᠢᠵᠢᠭᠤᠯᠵᠦ᠂ ᠲᠡᠵᠢᠭᠡᠯ ᠡᠪᠡᠰᠦ ᠪᠣᠷᠳᠣᠭ᠎ᠠ ᠨᠥᠭᠡᠴᠡᠯᠡᠬᠦ᠌ ᠪᠠᠲᠤᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠡᠯ᠎ᠡ ᠭᠠᠵᠠᠷ᠎ᠤᠳ ᠬᠣᠨᠢ ᠨᠢᠭᠡᠪᠦᠷᠢ᠎ᠳᠦ ᠡᠳᠦᠷ ᠳᠤᠮᠳᠠᠴᠢ᠎ᠪᠠᠷ 1.8 ᠺᠢᠯᠣᠭ᠌ᠷᠠᠮ ᠲᠡᠵᠢᠭᠡᠯ ᠡᠪᠡᠰᠦ ᠪᠣᠷᠳᠣᠭ᠎ᠠ᠎ᠶ᠋ᠢᠨ ᠪᠠᠷᠢᠮᠵᠢᠶ᠎ᠠ ᠶᠣᠰᠣᠭᠠᠷ ᠬᠣᠱᠢᠭᠤ᠂ ᠰᠤᠮᠤ᠂ ᠭᠠᠴᠠᠭ᠎ᠠ ᠭᠤᠷᠪᠠᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠨᠥᠭᠡᠴᠡᠯᠡᠬᠦ᠌ ᠱᠢᠰᠲᠧᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠬᠠᠩᠭᠠᠯᠭ᠎ᠠ ᠭᠦᠢᠴᠡᠳ ᠪᠠᠢᠬᠤ ᠵᠢ ᠡᠷᠬᠡᠪᠰᠢ ᠪᠠᠳᠤᠯᠠᠨ᠎ᠠ᠃

ᠱᠢᠯᠢ᠎ᠶ᠋ᠢᠨ ᠭᠤᠤᠯ ᠠᠢᠮᠠᠭ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠎ᠶ᠋ᠢᠨ ᠲᠥᠯᠥᠭᠡ ᠭᠠᠵᠠᠷ᠎ᠤᠨ ᠲᠠᠰ᠎ᠤᠨ ᠤᠳᠤᠷᠢᠳᠤᠯᠭ᠎ᠠ ᠰᠤᠮᠤ ᠱᠢᠶᠠᠩ ᠪᠠᠯᠭᠠᠰᠤ᠎ᠶ᠋ᠢ ᠳᠠᠭᠠᠭᠠᠴᠢᠯᠠᠬᠤ᠂ ᠰᠠᠯᠠᠭᠠᠨ ᠲᠠᠰ᠎ᠤᠨ ᠺᠠᠳ᠋ᠷ ᠭᠠᠴᠠᠭ᠎ᠠ ᠲᠣᠰᠭᠣᠨ᠎ᠢ ᠳᠠᠭᠠᠭᠠᠴᠢᠯᠠᠬᠤ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠡᠯ᠎ᠡ ᠬᠣᠱᠢᠭᠤ ᠱᠢᠶᠠᠨ ᠬᠣᠲᠠ (ᠲᠣᠭᠣᠷᠢᠭ) ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠵᠡᠷᠭᠡᠪᠡᠷ ᠠᠳᠭᠤᠨ ᠬᠠᠮᠲᠤ᠎ᠪᠠᠷ ᠬᠠᠮᠢᠶᠠᠷᠬᠤ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠪᠡᠯᠴᠢᠭᠡᠷ ᠰᠡᠷᠭᠦᠭᠡᠬᠦ᠌ ᠬᠤᠭᠤᠴᠠᠭᠠᠨ᠎ᠳᠤ ᠠᠢᠮᠠᠭ᠂ ᠬᠣᠱᠢᠭᠤ ᠬᠣᠶᠠᠷ ᠱᠠᠲᠤ ᠣᠶ ᠱᠢᠭᠤᠶ ᠨᠤᠲᠤᠭ ᠪᠡᠯᠴᠢᠭᠡᠷ᠎ᠦᠨ ᠬᠠᠤᠯᠢ ᠬᠡᠷᠡᠭ᠌ᠵᠢᠭᠦᠯᠬᠦ ᠪᠠ ᠰᠤᠮᠤ ᠱᠢᠶᠠᠩ ᠪᠠᠯᠭᠠᠰᠤᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠬᠦᠴᠦᠨ᠎ᠢ ᠨᠢᠭᠡᠳᠦᠯᠲᠡᠶ ᠲᠥᠯᠥᠪᠯᠡᠵᠦ᠍᠂ ᠲᠥᠪᠯᠡᠷᠡᠭᠦᠯᠦᠨ ᠪᠠᠢᠴᠠᠭᠠᠬᠤ ᠪᠠ ᠲᠣᠭ᠍ᠲᠠᠮᠠᠯ ᠪᠤᠰᠤ ᠴᠠᠭ᠎ᠢᠶᠠᠷ ᠲᠣᠭᠣᠷᠢᠨ ᠪᠠᠢᠴᠠᠭᠠᠨ᠎ᠠ᠃ ᠡᠭᠦᠨ᠎ᠦ ᠬᠠᠮᠲᠤ ᠦᠨᠳᠦᠰᠦᠨ ᠱᠠᠲᠤᠨ᠎ᠤ ᠲᠤᠤᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠨ᠎ᠤ ᠦᠶ᠋ᠯᠡᠳᠦᠯ᠎ᠢ ᠪᠠᠳᠠᠷᠠᠭᠤᠯᠵᠤ᠂ ᠲᠣᠭᠣᠷᠢᠨ ᠪᠠᠢᠴᠠᠭᠠᠬᠤ ᠡᠳᠦᠷ᠎ᠦᠨ ᠲᠡᠮᠳᠡᠭ᠌ᠯᠡᠯ ᠭᠠᠷᠭᠠᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠱᠢᠯᠤᠭᠤᠳᠭᠠᠨ᠂ ᠲᠣᠭ᠍ᠲᠠᠭᠠᠯ᠎ᠠᠴᠠ ᠵᠥᠷᠢᠴᠡᠨ ᠪᠡᠯᠴᠢᠭᠡᠷᠯᠡᠭᠦᠯᠬᠦ ᠦᠶ᠋ᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠬᠦ᠌᠎ᠶ᠋ᠢᠨ ᠬᠠᠮᠲᠤ ᠲᠡᠭᠦᠨ᠎ᠦ ᠲᠣᠰ ᠵᠢᠯ᠎ᠦᠨ ᠪᠡᠯᠴᠢᠭᠡᠷ ᠰᠡᠷᠭᠦᠭᠡᠬᠦ ᠨᠥᠬᠥᠪᠥᠷᠢ᠎ᠶ᠋ᠢ ᠲᠣᠭ᠍ᠲᠠᠭᠠᠯ ᠶᠣᠰᠣᠭᠠᠷ ᠰᠠᠭᠤᠯᠭᠠᠨ ᠠᠪᠴᠤ᠌᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠬᠢᠭᠡᠳ ᠪᠥᠲᠥᠭᠡᠨ ᠪᠠᠢᠭᠤᠯᠤᠯᠲᠠ᠎ᠳᠤ ᠨᠢᠭᠡᠳᠦᠯᠲᠡᠶ ᠲᠥᠯᠥᠪᠯᠡᠨ ᠬᠡᠷᠡᠭ᠌ᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号