ᠲᠦᠩᠯᠢᠶᠣᠣ ᠬᠣᠲᠠ᠎ᠶᠢᠨ 220 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠢᠳᠡ ᠬᠥᠭ ᠲᠠᠢ ᠶᠠᠪᠤᠬᠳᠠᠵᠤ ᠪᠤᠢ
2026-04-02 09:58:14
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠣᠳᠣᠬᠠᠨ᠎ᠳᠤ ᠲᠦᠩᠯᠢᠶᠣᠣ ᠬᠤᠳᠠ᠎ᠶᠢᠨ ᠡᠯ᠎ᠡ ᠭᠠᠵᠠᠷ ᠬᠠᠪᠤᠷ᠎ᠤᠨ ᠲᠠᠷᠢᠶᠠᠯᠠᠭ᠎ᠠ᠎ᠠᠴᠠ ᠡᠮᠦᠨᠡᠬᠢ ᠪᠡᠯᠡᠳᠭᠡᠯ ᠬᠤᠭᠤᠴᠠᠭ᠎ᠠ᠎ᠶᠢ ᠠᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠪᠦᠬᠦ ᠬᠤᠷᠳᠤᠴᠠ᠎ᠪᠠᠷ ᠠᠬᠢᠭᠤᠯᠵᠦ ᠪᠤᠢ᠃ ᠬᠡᠰᠡᠭᠷᠡᠭᠰᠡᠨ ᠥᠩ ᠰᠢᠮᠡᠯᠢᠭ ᠲᠠᠷᠢᠶᠠᠨ ᠭᠠᠵᠠᠷ᠎ᠲᠤ ᠮᠠᠰᠢᠨ᠎ᠤ ᠳᠠᠭᠤᠨ ᠬᠥᠷᠴᠢᠭᠢᠨᠡᠨ᠂ ᠬᠥᠮᠥᠰ ᠶᠠᠭᠠᠷᠠᠯᠲᠠᠢ ᠠᠵᠢᠯᠯᠠᠵᠤ᠂ ᠤᠰᠤᠨ ᠬᠣᠭᠣᠯᠠᠢ᠂ ᠤᠰᠤ ᠠᠷᠪᠢᠯᠠᠬᠤ ᠲᠤᠰᠤᠯᠭᠠᠨ ᠤᠰᠤᠯᠠᠬᠤ ᠪᠥᠰᠠ ᠵᠡᠷᠭᠡ ᠵᠢ ᠪᠤᠯᠠᠵᠤ ᠤᠬᠰᠠᠷᠠᠨ᠂ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠪᠠᠳᠤᠯᠠᠵᠤ᠂ ᠮᠡᠷᠭᠡᠵᠢᠯ᠎ᠢᠶᠡᠷ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ ᠪᠡᠷ ᠬᠦᠴᠦᠯᠡᠵᠤ ᠪᠤᠢ᠃

ᠬᠦᠷᠢᠶ᠎ᠡ ᠬᠣᠰᠢᠭᠤᠨ᠎ᠤ ᠬᠦᠷᠢᠶ᠎ᠡ ᠪᠠᠯᠭᠠᠰᠤᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠳᠤ ᠰᠢᠷᠥᠢ ᠲᠥᠯᠬᠢᠬᠥ ᠮᠠᠰᠢᠨ᠂ ᠤᠳᠬᠤᠭᠤᠷ ᠮᠠᠰᠢᠨ ᠵᠡᠷᠭᠡ ᠲᠣᠮᠣ᠌ ᠬᠡᠯᠪᠡᠷᠢ᠎ᠶᠢᠨ ᠮᠠᠰᠢᠨ ᠲᠦᠬᠦᠭᠡᠷᠤᠮᠵᠢ ᠰᠦᠯᠵᠢᠯᠳᠦᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠶᠠᠬ ᠢᠳᠡ ᠬᠥᠭ ᠲᠠᠢ ᠶᠠᠪᠤᠬᠳᠠᠨ᠎ᠠ᠃ ᠲᠤᠬᠠᠢ᠎ᠶᠢᠨ ᠲᠠᠯᠠᠪᠠᠢ᠎ᠶᠢᠨ ᠠᠵᠢᠯᠲᠠᠨ ᠵᠧᠦ ᠯᠢ ᠮᠢᠩ᠄ 《ᠪᠢᠳᠡ ᠬᠠᠪᠤᠷ᠎ᠤᠨ ᠲᠠᠷᠢᠶᠠᠯᠠᠭ᠎ᠠ ᠡᠴᠡ ᠡᠮᠥᠨᠡᠬᠢ ᠴᠠᠭ᠎ᠢ ᠵᠠᠪᠳᠤᠨ᠂ ᠴᠠᠭ ᠨᠡᠮᠡᠨ ᠠᠵᠢᠯᠯᠠᠵᠤ᠂ ᠭᠠᠵᠠᠷ ᠰᠢᠷᠣᠢ ᠲᠡᠭᠰᠢᠯᠡᠬᠥ᠂ ᠭᠠᠵᠠᠷ ᠳᠤᠤᠷᠠᠬᠢ ᠬᠣᠭᠣᠯᠠᠢ᠎ᠶᠢᠨ ᠰᠤᠪᠠᠭ᠎ᠢ ᠮᠠᠯᠲᠠᠬᠤ᠂ ᠤᠰᠤᠯᠠᠯᠲᠠ ᠵᠢᠨ ᠬᠣᠭᠣᠯᠠᠢ᠎ᠶᠢᠨ ᠲᠣᠣᠷ᠎ᠢ ᠤᠬᠰᠠᠷᠠᠬᠤ ᠠᠵᠢᠯ᠎ᠢ ᠱᠠᠯᠠᠪᠳᠠᠭᠤᠯᠤᠨ ᠬᠢᠵᠤ᠂ ᠬᠠᠪᠤᠷ᠎ᠤᠨ ᠲᠠᠷᠢᠶᠠᠯᠠᠭ᠎ᠠ ᠡᠬᠢᠯᠡᠬᠥ ᠡᠴᠡ ᠡᠮᠥᠨ᠎ᠡ ᠳᠠᠭᠤᠰᠬᠠᠬᠤ᠎ᠪᠡᠷ ᠴᠢᠷᠮᠠᠢᠵᠤ ᠪᠠᠢᠨ᠎ᠠ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠣᠢᠯᠠᠭᠠᠭᠰᠠᠨ᠎ᠢᠶᠠᠷ᠂ ᠲᠦᠩᠯᠢᠶᠣᠣ ᠬᠣᠲᠠ᠎ᠶᠢᠨ ᠣᠲᠣ᠌ ᠪᠠᠢᠭ᠎ᠠ ᠲᠠᠷᠢᠶᠠᠨ ᠭᠠᠵᠠᠷ᠎ᠤᠨ ᠳᠠᠯᠠᠪᠠᠢ 3200 ᠲᠦᠮᠡᠨ ᠮᠦ᠍᠎ᠳᠤ ᠬᠦᠷᠴᠤ ᠪᠤᠢ᠃ ᠡᠭᠥᠨ ᠳ᠋ᠤ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ 2597 ᠲᠦᠮᠡᠨ ᠮᠦ᠍ ᠳ᠋ᠤ ᠬᠥᠷᠴᠥ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 1476 ᠲᠦᠮᠡᠨ ᠮᠦ᠍ ᠵᠢ ᠡᠵᠡᠯᠡᠨ᠂ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠤᠨ ᠤᠨᠠᠯᠲᠠ᠎ᠶᠢ ᠨᠡᠮᠡᠭᠳᠡᠭᠦᠯᠬᠦ᠎ᠳᠦ ᠪᠠᠲᠤ ᠲᠤᠯᠭᠠᠭᠤᠷᠢᠯᠠᠯ ᠬᠠᠩᠭᠠᠵᠤ ᠪᠤᠢ᠃ ᠡᠨᠡ ᠵᠢᠯ ᠲᠤᠰ ᠬᠤᠲᠠ ᠵᠢᠨ ᠡᠯ᠎ᠡ ᠭᠠᠵᠠᠷ 220 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ ᠲᠦᠯᠬᠢᠨ ᠠᠬᠢᠭᠤᠯᠬᠤ ᠪᠤᠯᠤᠨ᠎ᠠ᠃

ᠲᠦᠩᠯᠢᠶᠣᠣ ᠬᠣᠲᠠ ᠥᠨᠳᠥᠷ  ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠳᠤ ᠲᠥᠪᠯᠡᠷᠡᠭᠦᠯᠦᠨ ᠬᠡᠰᠡᠭᠷᠡᠭᠥᠯᠵᠤ ᠠᠬᠢᠭᠤᠯᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠭᠦᠶᠦᠬᠡᠨ ᠪᠤᠯᠠᠵᠤ ᠳᠤᠰᠤᠯᠠᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ᠎ᠢ ᠨᠡᠢᠳᠡᠮ ᠬᠡᠷᠡᠭᠯᠡᠨ᠂ ᠡᠷᠳᠡᠨᠢ ᠰᠢᠰᠢ᠎ᠶᠢ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ᠎ᠲᠣᠬᠢᠷᠠᠭᠤᠯᠤᠨ ᠡᠵᠡᠮᠳᠡᠬᠦ ᠵᠡᠷᠭᠡ ᠲᠡᠷᠢᠭᠦᠨ᠎ᠦ ᠲᠠᠷᠢᠶᠠᠯᠠᠩ᠎ᠤᠨ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠵᠦ᠂ 《ᠬᠤᠳᠳᠤᠭ᠎ᠤᠨ ᠳᠠᠷᠤᠭ᠎ᠠ᠎ᠶᠢᠨ ᠳᠦᠷᠢᠮ》 ᠤ᠋ᠨ ᠬᠠᠮᠢᠶᠠᠷᠤᠨ ᠬᠠᠮᠠᠭᠠᠯᠠᠬᠤ ᠵᠠᠭᠪᠤᠷ᠎ᠢ ᠨᠠᠢᠳᠠᠪᠤᠷᠢᠵᠢᠭᠤᠯᠤᠨ᠂ ᠢᠨᠵᠧᠨᠧᠷᠢᠩ᠎ᠢ ᠪᠠᠢᠭᠤᠯᠵᠤ ᠳᠡᠶ᠋ᠢᠯᠬᠦ᠂ ᠰᠠᠢᠲᠤᠷ ᠬᠠᠮᠢᠶᠠᠷᠴᠤ ᠳᠡᠶ᠋ᠢᠯᠬᠦ᠂ ᠣᠷᠳᠣ᠌ ᠬᠤᠭᠤᠴᠠᠭ᠎ᠠ᠎ᠠᠰᠢᠭ᠋ ᠭᠥᠷᠳᠡᠬᠦ᠎ᠶᠢ ᠦᠨᠡᠨ ᠬᠦ᠌ ᠪᠠᠲᠤᠯᠠᠭᠰᠠᠭᠠᠷ ᠢᠷᠡᠵᠠᠢ᠃ ᠡᠭᠦᠨ᠎ᠦ ᠬᠠᠮᠲᠤ 《ᠲᠦᠩᠯᠢᠶᠣᠣ ᠬᠣᠲᠠ᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠢ ᠬᠠᠮᠢᠶᠠᠷᠬᠤ 26 ᠠᠯᠬᠤᠮᠳᠥ ᠠᠵᠢᠯᠯᠠᠬᠤ ᠠᠷᠭ᠎ᠠ》 ᠵᠢ ᠡᠭᠦᠳᠦᠨ ᠬᠡᠷᠡᠭᠵᠢᠭᠦᠯᠵᠦ᠂ ᠡᠮᠦᠨᠡᠬᠢ ᠬᠤᠭᠤᠴᠠᠭᠠᠨ᠎ᠤ ᠪᠡᠯᠡᠳᠬᠡᠯ᠂ ᠲᠥᠰᠥᠯ᠎ᠢ ᠬᠢᠨᠠᠨ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠪᠠᠷᠢᠯᠭ᠎ᠠ ᠡᠬᠢᠯᠡᠭᠥᠯᠬᠥ ᠵᠡᠷᠭᠡ 6 ᠲᠠᠯ᠎ᠠ ᠵᠢᠨ 26 ᠠᠵᠢᠯᠯᠠᠬᠤ ᠠᠯᠬᠤᠮ ᠵᠢᠨᠷ ᠲᠥᠷᠥᠯ ᠵᠦᠢᠯ᠎ᠦᠨ ᠬᠠᠮᠢᠶᠠᠷᠤᠯᠲᠠ᠎ᠶᠢ ᠵᠢᠷᠤᠮᠵᠢᠭᠤᠯᠤᠨ᠂ ᠲᠥᠷᠥᠯ ᠵᠦᠢᠯ᠎ᠦᠨ ᠪᠠᠷᠢᠮᠵᠢᠶᠠᠵᠢᠭ᠍ᠰᠠᠨ᠂ ᠡᠷᠴᠢᠮᠵᠢᠭᠰᠡᠨ ᠬᠠᠮᠢᠶᠠᠷᠤᠯᠲᠠ᠎ᠶᠢ ᠪᠦᠬᠦᠨ᠎ᠢ ᠪᠥᠷᠬᠥᠭᠥᠯᠵᠦ᠂ ᠠᠺᠠᠳᠧᠮᠢᠴᠢ᠎ᠶᠢᠨ ᠪᠦᠯᠬᠦᠮ ᠯᠦ᠍ᠭᠡ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠥᠨ᠂ ᠢᠨᠵᠧᠨᠧᠷᠢᠩ᠎ᠦᠨ ᠶᠠᠰᠤ ᠴᠢᠨᠠᠷ ᠬᠢᠭᠡᠳ ᠣᠷᠳᠣ᠌ ᠬᠤᠭᠤᠴᠠᠭ᠎ᠠ ᠪᠦᠲᠦᠮᠵᠢᠲᠡᠶ ᠦᠷ᠎ᠡ ᠠᠰᠢᠭ᠋ ᠬᠦᠷᠲᠡᠬᠦ ᠵᠢ ᠡᠬᠢ ᠡᠭᠦᠰᠦᠯ᠎ᠡᠴᠡ ᠨᠢ ᠪᠠᠲᠤᠯᠠᠬᠰᠠᠨ ᠪᠠᠢᠨ᠎ᠠ᠃

ᠣᠳᠣᠬᠠᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠲᠠᠷᠢᠶᠠᠯᠠᠩ᠎ᠤᠨ ᠣᠳᠣᠬᠢᠴᠢᠯᠠᠯᠲᠠ᠎ᠶᠢ ᠠᠬᠢᠭᠤᠯᠬᠤ ᠪᠠᠲᠤ ᠲᠤᠯᠭᠠᠭᠤᠷᠢᠯᠠᠯ ᠪᠣᠯᠵᠤ᠂ ᠲᠦᠩᠯᠢᠶᠣᠣ᠎ᠶᠢᠨ ᠡᠬᠡ ᠭᠠᠵᠠᠷ᠎ᠲᠤ ᠶᠠᠬ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠡᠯᠪᠡᠭ ᠬᠤᠷᠢᠶᠠᠯᠲᠠ᠎ᠪᠠᠷ ᠣᠷᠣᠯᠭ᠎ᠠ᠎ᠶᠢ ᠨᠡᠮᠡᠭᠳᠡᠭᠦᠯᠬᠦ ᠠᠮᠢᠳᠤᠯᠢᠭ᠋ ᠦᠢᠯᠡᠳᠦᠯᠭᠡ ᠵᠢ ᠥᠢᠯᠡᠳᠥᠯᠭᠡᠵᠢᠭᠥᠯᠥᠨ᠂ ᠤᠳᠤ ᠦᠶ᠎ᠡ᠎ᠶᠢᠨ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号