ᠦᠪᠦᠷ ᠮᠤᠨᠭᠭᠤᠯ ᠰᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠠᠵᠢᠯ ᠲᠦᠷᠦᠯ ᠤ᠋ᠨ ᠡᠮᠬᠢ ᠵᠢᠷᠦᠮ ᠢ᠋ ᠪᠦᠬᠦ ᠬᠦᠴᠦᠨ ᠢ᠋ᠶ᠋ᠡᠷ ᠢ᠋ᠶ᠋ᠡᠨ ᠪᠠᠳᠤᠯᠠᠵᠤ ᠪᠠᠢᠨ᠎ᠠ
2026-04-02 10:35:09
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠱᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠨᠢ ᠲᠤᠭᠠᠴᠢᠯᠠᠬᠰᠠᠨ ᠠᠵᠤ ᠠᠬᠤᠢ ᠶ᠋ᠢᠨ ᠰᠢᠨ᠎ᠡ ᠡᠵᠡᠨᠭᠨᠡᠯᠲᠡ ᠶ᠋ᠢᠨ ᠬᠡᠯᠪᠡᠷᠢ ᠪᠤᠯᠤᠬᠰᠠᠨ ᠤ᠋ ᠬᠤᠪᠢ ᠳ᠋ᠤ ᠬᠡᠷᠡᠭᠯᠡᠭᠡ ᠵᠢᠴᠢ ᠠᠵᠤ ᠦᠢᠯᠡᠰ ᠤ᠋ᠨ ᠬᠦᠭᠵᠢᠯᠲᠡ ᠵᠢ ᠠᠬᠢᠭᠤᠯᠤᠬᠰᠠᠨ ᠤ᠋ ᠬᠠᠮᠲᠤ ᠪᠠᠰᠠ ᠬᠤᠲᠠᠯ ᠬᠠᠭᠤᠷᠮᠠᠭ ᠢ᠋ᠶ᠋ᠡᠷ ᠤᠬᠠᠭᠤᠯᠬᠤ᠂ ᠲᠤᠭ᠎ᠠ ᠪᠠᠷᠢᠮᠲᠠ ᠵᠢ ᠬᠠᠭᠤᠷᠮᠠᠬᠯᠠᠨ ᠵᠤᠬᠢᠶᠠᠬᠤ᠂ ᠮᠠᠭᠤ ᠪᠠᠷ ᠰᠠᠢᠨ ᠢ᠋ ᠤᠷᠤᠯᠠᠭᠤᠯᠬᠤ ᠵᠡᠷᠭᠡ ᠠᠰᠠᠭᠤᠳᠠᠯ ᠢᠯᠡᠷᠡᠵᠤ᠂ ᠬᠡᠷᠡᠭᠯᠡᠭᠴᠢᠳ ᠤ᠋ᠨ ᠬᠠᠤᠯᠢ ᠶᠤᠰᠤᠨ ᠤ᠋ ᠡᠷᠬᠡ ᠠᠰᠢᠭ ᠢ᠋ ᠬᠤᠬᠢᠷᠠᠭᠤᠯᠤᠬᠰᠠᠨ ᠮᠦᠷᠲᠡᠭᠡᠨ ᠵᠠᠬ᠎ᠠ ᠳᠡᠯᠭᠡᠭᠦᠷ ᠤ᠋ᠨ ᠡᠮᠬᠢ ᠵᠢᠷᠦᠮ ᠢ᠋ ᠰᠠᠮᠠᠭᠤᠷᠠᠭᠤᠯᠵᠤ ᠪᠠᠢᠨ᠎ᠠ᠃ ᠡᠳᠡᠭᠡᠷ ᠠᠰᠠᠭᠤᠳᠠᠯ ᠳ᠋ᠤ ᠴᠢᠭᠯᠡᠭᠦᠯᠦᠨ ᠦᠪᠦᠷ ᠮᠤᠨᠭᠭᠤᠯ ᠤ᠋ᠨ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠦᠴᠢᠷ᠎ᠤᠨ ᠬᠢᠨ ᠤᠯᠠᠨ ᠲᠠᠯ᠎ᠠ ᠪᠠᠷ ᠬᠦᠴᠦᠯᠡᠨ᠂ ᠰᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠠᠵᠢᠯ ᠲᠦᠷᠦᠯ ᠤ᠋ᠨ ᠡᠮᠬᠢ ᠵᠢᠷᠦᠮ ᠢ᠋ ᠪᠦᠬᠦ ᠬᠦᠴᠦᠨ ᠢ᠋ᠶ᠋ᠡᠷ ᠢ᠋ᠶ᠋ᠡᠨ ᠪᠠᠳᠤᠯᠠᠵᠤ ᠪᠠᠢᠨ᠎ᠠ᠃

ᠬᠢᠨᠠᠯᠲᠠ ᠬᠠᠮᠢᠶᠠᠷᠤᠯᠲᠠ ᠶ᠋ᠢᠨ ᠬᠠᠤᠯᠢ ᠬᠡᠷᠡᠭᠵᠢᠭᠦᠯᠦᠯᠲᠡ ᠵᠢ ᠴᠢᠨᠭᠭᠠᠳᠬᠠᠬᠤ ᠲᠠᠯ᠎ᠠ ᠪᠠᠷ᠂ ᠦᠪᠦᠷ ᠮᠤᠨᠭᠭᠤᠯ 《ᠰᠦᠯᠵᠢᠶ᠎ᠡ ᠵᠢ ᠴᠡᠪᠡᠷᠱᠢᠭᠦᠯᠵᠦ᠍ ᠡᠬᠢ ᠦᠨᠳᠦᠰᠦ ᠡᠴᠡ ᠨᠢ ᠴᠡᠭᠴᠡᠯᠡᠨ ᠵᠠᠰᠠᠬᠤ》 ᠲᠤᠰᠭᠠᠶ ᠠᠵᠢᠯᠯᠠᠭ᠎ᠠ ᠵᠢ ᠦᠷᠨᠢᠭᠦᠯᠵᠦ᠂ 2025 ᠤᠨ ᠳ᠋ᠤ ᠨᠡᠢᠲᠡ 875 ᠲᠠᠯᠠᠪᠤᠷ ᠰᠢᠭᠤᠳ ᠨᠡᠪᠲᠡᠷᠡᠭᠦᠯᠭᠡ ᠵᠢ ᠬᠢᠨᠠᠨ ᠰᠢᠨᠵᠢᠵᠦ᠂ ᠲᠣᠭ᠍ᠲᠠᠭᠠᠯ ᠢ᠋ ᠵᠥᠷᠢᠴᠡᠭ᠌ᠰᠡᠨ ᠠᠭᠤᠯᠭ᠎ᠠ ᠵᠢ ᠲᠠᠪᠴᠠᠩ ᠡᠴᠡ ᠭᠠᠷᠭᠠᠬᠤ᠂ ᠠᠰᠠᠭᠤᠳᠠᠯ ᠲᠠᠢ ᠳᠡᠯᠭᠡᠭᠦᠷ ᠢ᠋ ᠬᠠᠭᠠᠵᠤ ᠡᠵᠡᠨᠭᠨᠡᠯᠲᠡ ᠵᠢ ᠨᠢ ᠵᠣᠭ᠍ᠰᠣᠭᠠᠬᠤ᠂ ᠬᠠᠤᠯᠢ ᠡᠴᠡ ᠵᠥᠷᠢᠴᠡᠭ᠌ᠰᠡᠨ ᠬᠡᠷᠡᠭ ᠢ᠋ ᠪᠠᠢᠴᠠᠭᠠᠨ ᠱᠢᠶ᠋ᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠤᠯᠢ ᠡᠴᠡ ᠵᠦᠷᠢᠴᠡᠭᠰᠡᠨ ᠠᠵᠢᠯᠯᠠᠭ᠎ᠠ᠎ᠶᠢ ᠴᠢᠨᠭᠭ᠎ᠠ ᠪᠠᠢᠴᠠᠭᠠᠨ ᠰᠢᠢᠳᠪᠦᠷᠢᠯᠡᠪᠡ᠃ ᠳᠦᠷᠢᠮ ᠤ᠋ᠨ ᠪᠠᠢᠭᠤᠯᠤᠯᠲᠠ ᠶ᠋ᠢᠨ ᠲᠠᠯ᠎ᠠ ᠪᠠᠷ᠂ 《ᠥᠪᠥᠷ ᠮᠣᠩᠭᠣᠯ ᠤ᠋ᠨ ᠱᠢᠭᠤᠳ ᠨᠡᠪᠲᠡᠷᠡᠭᠦᠯᠭᠡ ᠶ᠋ᠢᠨ ᠡᠯᠧᠺᠲ᠋ᠷᠣᠨ ᠬᠤᠳᠠᠯᠳᠤᠭᠠᠨ ᠤ᠋ ᠶᠠᠪᠤᠳᠠᠯ ᠤ᠋ᠨ ᠬᠠᠮᠢᠶᠠᠷᠤᠯᠲᠠ ᠪᠠ ᠦᠶ᠋ᠯᠡᠴᠢᠯᠡᠭᠡᠨ ᠤ᠋ ᠵᠢᠷᠤᠮᠵᠢᠯ》 ᠢ᠋ ᠲᠤᠬᠲᠠᠭᠠᠵᠤ᠂ ᠲᠠᠪᠴᠠᠩ᠂ ᠪᠠᠢᠭᠤᠯᠤᠮᠵᠢ᠂ ᠬᠦᠲᠦᠯᠦᠭᠴᠢ ᠨᠡᠪᠲᠡᠷᠡᠭᠦᠯᠦᠭᠴᠢ ᠵᠡᠷᠭᠡ ᠡᠯ᠎ᠡ ᠲᠠᠯ᠎ᠠ ᠶ᠋ᠢᠨ ᠬᠠᠷᠢᠭᠤᠴᠠᠯᠭ᠎ᠠ ᠵᠢ ᠲᠣᠳᠣᠷᠬᠠᠢᠯᠠᠵᠤ᠂ ᠠᠵᠢᠯ ᠲᠥᠷᠥᠯ ᠢ᠋ ᠵᠢᠷᠤᠮᠵᠢᠭᠤᠯᠤᠨ ᠬᠥᠭ᠌ᠵᠢᠭᠦᠯᠬᠦ᠌ ᠳ᠋ᠤ ᠲᠦᠷᠢᠮ ᠤ᠋ᠨ ᠲᠤᠯᠭᠠᠭᠤᠷᠢᠯᠠᠯ ᠬᠠᠩᠭᠠᠪᠠ᠃ ᠡᠭᠦᠨ ᠤ᠋ ᠬᠠᠮᠲᠤ ᠨᠡᠢᠲᠡᠯᠢᠭ ᠬᠡᠷᠡᠭ ᠤ᠋ᠨ ᠵᠢᠱ᠌ᠢᠢ᠎ᠡ ᠵᠢ ᠵᠠᠷᠯᠠᠨ ᠨᠡᠢᠲᠡᠯᠡᠵᠦ᠂ ᠬᠡᠷᠡᠭ ᠢ᠋ᠶ᠋ᠡᠷ ᠬᠠᠤᠯᠢ ᠵᠢ ᠲᠠᠢᠯᠪᠤᠷᠢᠯᠠᠵᠤ᠂ ᠬᠡᠷᠡᠭ ᠢ᠋ᠶ᠋ᠡᠷ ᠴᠡᠭᠡᠷᠯᠡᠯ ᠪᠣᠯᠭᠠᠪᠠ᠃

ᠡᠨᠡ ᠵᠢᠯ ᠤ᠋ᠨ 2 ᠰᠠᠷ᠎ᠠ ᠶ᠋ᠢᠨ 1 ᠤ᠋ ᠡᠳᠦᠷ 《ᠱᠢᠭᠤᠳ ᠨᠡᠪᠲᠡᠷᠡᠭᠦᠯᠭᠡ ᠶ᠋ᠢᠨ ᠡᠯᠧᠺᠲ᠋ᠷᠣᠨ ᠬᠤᠳᠠᠯᠳᠤᠭᠠᠨ ᠤ᠋ ᠬᠢᠨᠠᠯᠲᠠ ᠬᠠᠮᠢᠶᠠᠷᠤᠯᠲᠠ ᠶ᠋ᠢᠨ ᠠᠷᠭ᠎ᠠ》᠎ᠵᠢ ᠡᠬᠢᠯᠡᠨ ᠬᠡᠷᠡᠭᠵᠢᠭᠦᠯᠦᠭᠰᠡᠨ ᠡᠴᠡ ᠨᠠᠭᠠᠰᠢ᠂ ᠦᠪᠦᠷ ᠮᠤᠨᠭᠭᠤᠯ ᠤ᠋ᠨ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠦᠴᠢᠷ ᠤ᠋ᠨ ᠬᠢᠨ ᠡᠯ᠎ᠡ ᠲᠥᠷᠥᠯ ᠤ᠋ᠨ ᠭᠤᠤᠯ ᠴᠣᠭ᠍ᠴᠠ ᠶ᠋ᠢᠨ ᠬᠠᠤᠯᠢ ᠪᠡᠷ ᠲᠣᠭ᠍ᠲᠠᠭᠠᠭ᠍ᠰᠠᠨ ᠡᠭᠦᠷᠭᠡ ᠪᠠᠨ ᠴᠢᠩᠭ᠎ᠠ ᠭᠦᠶ᠋ᠴᠡᠳᠭᠡᠬᠦ᠌ ᠵᠢ ᠱᠠᠯᠠᠪᠳᠠᠭᠤᠯᠵᠤ᠂ ᠱᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠬᠦᠷᠢᠶᠡᠨ ᠳ᠋ᠡᠬᠢ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠪᠠᠢᠩᠭᠤᠵᠢᠭᠤᠯᠤᠬᠰᠠᠨ ᠥᠨᠳᠥᠷ ᠳᠠᠷᠤᠯᠲᠠᠲᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠡᠷᠡᠭ᠌ᠯᠡᠭ᠌ᠴᠢᠳ ᠤ᠋ᠨ ᠪᠠᠢᠳᠠᠯ ᠢ᠋ ᠮᠡᠳᠡᠬᠦ᠌ ᠡᠷᠬᠡ᠂ ᠰᠣᠩᠭᠣᠯᠲᠠ ᠬᠢᠬᠦ᠌ ᠡᠷᠬᠡ ᠪᠠ ᠲᠥᠪ ᠭᠤᠤᠯᠴᠢ ᠪᠡᠷ ᠠᠷᠠᠯᠵᠢᠶᠠᠯᠠᠬᠤ ᠡᠷᠬᠡ ᠵᠢ ᠪᠠᠲᠤᠯᠠᠵᠤ ᠪᠠᠢᠨ᠎ᠠ᠃ ᠡᠭᠦᠨ ᠤ᠋ ᠬᠠᠮᠲᠤ ᠢᠨᠲ᠋ᠧᠷ ᠰᠦᠯᠵᠢᠶᠡᠨ ᠤ᠋ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤ ᠪᠡᠷ ᠵᠠᠰᠠᠬᠤ ᠪᠠᠨ ᠴᠢᠩᠭᠠᠳᠭᠠᠵᠤ᠂ ᠰᠦᠯᠵᠢᠶᠡᠨ ᠤ᠋ ᠬᠡᠷᠡᠭᠯᠡᠭᠡᠨ ᠤ᠋ ᠤᠷᠴᠢᠨ ᠲᠤᠭᠤᠷᠢᠨ ᠢ᠋ ᠦᠷᠬᠦᠯᠵᠢᠯᠡᠨ ᠰᠢᠯᠢᠳᠡᠭᠵᠢᠭᠦᠯᠵᠦ᠂ ᠰᠢᠭᠤᠳ ᠨᠡᠪᠲᠡᠷᠡᠭᠦᠯᠭᠡ ᠶ᠋ᠢᠨ ᠡᠯᠸᠺᠲ᠋ᠷᠤᠨ ᠬᠤᠳᠠᠯᠳᠤᠭᠠᠨ ᠤ᠋ ᠠᠵᠢᠯ ᠲᠦᠷᠦᠯ ᠤ᠋ᠨ ᠵᠢᠷᠤᠮᠵᠢᠭᠤᠨ ᠡᠷᠡᠭᠦᠯ ᠢ᠋ᠶ᠋ᠡᠷ ᠬᠦᠭᠵᠢᠬᠦ ᠵᠢ ᠠᠬᠢᠭᠤᠯᠵᠤ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号