ᠥᠪᠥᠷ ᠮᠣᠩᠭᠤᠯ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠬᠠᠮᠢᠶᠠᠷᠤᠯᠲᠠ ᠶ᠋ᠢ ᠦᠷᠭᠦᠯᠵᠢᠯᠡᠨ ᠴᠢᠩᠭᠠᠳᠬᠠᠬᠤ ᠪᠡᠷ ᠪᠤᠢ
2026-04-02 09:34:43
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

2026 ᠤᠨ ᠳ᠋ᠤ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠣᠢ ᠱᠢᠭᠤᠢ ᠪᠠ ᠨᠤᠲᠤᠭ ᠪᠡᠯᠴᠢᠭᠡᠷ᠎ᠦᠨ ᠡᠬᠢ ᠪᠠᠶᠠᠯᠢᠭ ᠤ᠋ᠨ ᠬᠠᠮᠠᠭᠠᠯᠠᠯᠲᠠ ᠬᠠᠮᠢᠶᠠᠷᠤᠯᠲᠠ ᠶ᠋ᠢ ᠦᠷᠭᠦᠯᠵᠢᠯᠡᠨ ᠴᠢᠩᠭᠠᠳᠬᠠᠬᠤ ᠪᠡᠷ ᠪᠤᠢ᠃

ᠨᠤᠲᠤᠭ ᠪᠡᠯᠴᠢᠭᠡᠷ᠎ᠢ ᠵᠠᠰᠠᠭ᠍ᠰᠠᠨ ᠦᠷ᠎ᠡ ᠪᠦᠲᠦᠭᠡᠯ ᠵᠢᠡᠨ ᠪᠡᠬᠢᠵᠢᠭᠦᠯᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠬᠠᠮᠢᠶᠠᠷᠤᠯᠲᠠ ᠵᠢᠨ ᠲᠦᠷᠢᠮ》 ᠢ᠋ ᠨᠡᠢᠲᠡᠯᠡᠨ᠂ ᠳᠥᠷᠪᠡᠳᠦᠭᠡᠷ ᠡᠭᠡᠯᠵᠢ ᠵᠢᠨ ᠨᠤᠲᠤᠭ ᠪᠡᠯᠴᠢᠭᠡᠷ᠎ᠦᠨ ᠠᠮᠢ ᠠᠬᠤᠶ ᠵᠢᠨ ᠬᠠᠮᠠᠭᠠᠯᠠᠯᠲᠠ ᠵᠢᠨ ᠨᠥᠬᠥᠪᠥᠷᠢ ᠱᠠᠩᠨᠠᠯ ᠤ᠋ᠨ ᠲᠥᠷᠥ ᠵᠢᠨ ᠪᠣᠳᠣᠯᠭ᠎ᠠ ᠶ᠋ᠢ ᠰᠠᠢᠲᠤᠷ ᠬᠡᠷᠡᠭ᠌ᠵᠢᠭᠦᠯᠵᠦ᠍᠂ 《ᠳᠥᠷᠪᠡ ᠶ᠋ᠢ ᠬᠤᠪᠢᠷᠠᠭᠤᠯᠬᠤ》 ᠶ᠋ᠢ ᠬᠦᠴᠦᠯᠡᠵᠦ᠂ 《ᠮᠠᠯ᠎ᠢ ᠬᠠᠮᠢᠶᠠᠷᠬᠤ》 ᠡᠴᠡ 《ᠡᠪᠡᠰᠦ ᠪᠡᠯᠴᠢᠭᠡᠷ᠎ᠢ ᠬᠠᠮᠢᠶᠠᠷᠬᠤ》 ᠲᠡᠢᠰᠢ ᠬᠤᠪᠢᠷᠠᠭᠤᠯᠤᠨ᠂ 《ᠬᠥᠮᠦᠨ᠎ᠢᠶᠡᠷ ᠰᠡᠷᠭᠡᠢᠯᠡᠬᠦ᠌᠎ᠪᠡᠷ ᠭᠤᠤᠯ ᠪᠣᠯᠭᠠᠬᠤ》 ᠡᠴᠡ 《ᠮᠡᠷᠭᠡᠵᠢᠯ᠎ᠢᠶᠡᠷ ᠰᠡᠷᠭᠡᠢᠯᠡᠬᠦ᠌᠎ᠪᠡᠷ ᠭᠤᠤᠯ ᠪᠣᠯᠭᠠᠬᠤ》 ᠲᠡᠢᠰᠢ ᠲᠡᠰ ᠲᠡᠪᠰᠢᠬᠦᠯᠵᠦ᠂ 《ᠱᠠᠩᠨᠠᠬᠤ ᠶ᠋ᠢ ᠴᠢᠬᠤᠯᠠᠴᠢᠯᠠᠵᠤ ᠲᠣᠷᠭᠠᠬᠤ ᠶ᠋ᠢ ᠬᠥᠩᠭᠡᠪᠴᠢᠯᠡᠬᠦ᠌》 ᠡᠴᠡ 《ᠱᠠᠩᠨᠠᠬᠤ ᠲᠣᠷᠭᠠᠬᠤ ᠶ᠋ᠢ ᠲᠣᠳᠣᠷᠬᠠᠶ ᠪᠣᠯᠭᠠᠬᠤ》 ᠲᠡᠢᠰᠢ ᠬᠤᠪᠢᠷᠠᠭᠤᠯᠤᠨ᠂ 《ᠢᠯᠡᠭᠦᠦ ᠲᠡᠵᠢᠭᠡᠵᠦ᠍ ᠲᠠᠷᠠᠬᠠᠶ ᠲᠡᠵᠢᠭᠡᠬᠦ᠌》 ᠡᠴᠡ 《ᠴᠥᠭᠡᠨ ᠲᠡᠵᠢᠭᠡᠵᠦ᠍ ᠨᠠᠷᠢᠯᠢᠭ ᠠᠷᠠᠴᠢᠯᠠᠬᠤ》 ᠲᠡᠢᠰᠢ ᠬᠤᠪᠢᠷᠠᠭᠤᠯᠬᠤ ᠪᠠᠷ ᠬᠦᠴᠦᠯᠡᠨ ᠠᠵᠢᠯᠯᠠᠵᠦ ᠪᠤᠢ᠃

ᠡᠬᠦᠨ᠎ᠤ ᠲᠠᠭᠠᠤ᠂ ᠣᠶ ᠱᠢᠭᠤᠶ ᠪᠠ ᠨᠤᠲᠤᠭ ᠪᠡᠯᠴᠢᠭᠡᠷ᠎ᠢ ᠡᠪᠳᠡᠨ ᠰᠦᠶ᠋ᠳᠭᠡᠬᠦ᠌ ᠠᠵᠢᠯᠯᠠᠭ᠎ᠠ ᠶ᠋ᠢ ᠦᠷᠭᠦᠯᠵᠢᠯᠡᠨ ᠴᠡᠭ᠌ᠴᠡᠯᠡᠨ ᠵᠠᠰᠠᠵᠤ᠂ ᠣᠶ ᠱᠢᠭᠤᠶ ᠪᠠ ᠨᠤᠲᠤᠭ ᠪᠡᠯᠴᠢᠭᠡᠷ᠎ᠢ ᠡᠪᠳᠡᠨ ᠰᠦᠶ᠋ᠳᠭᠡᠬᠦ᠌᠎ᠳᠦ ᠴᠣᠬᠢᠯᠲᠠ ᠥᠭ᠌ᠬᠦ ᠥᠨᠳᠥᠷ ᠳᠠᠷᠤᠯᠲᠠᠲᠤ ᠪᠠᠢᠳᠠᠯ᠎ᠢ ᠦᠷᠭᠦᠯᠵᠢᠯᠡᠨ ᠪᠠᠲᠤᠯᠠᠨ᠎ᠠ; ᠬᠠᠪᠤᠷ ᠤ᠋ᠨ ᠲᠠᠷᠢᠶᠠᠯᠠᠭ᠎ᠠ᠂ ᠨᠠᠮᠤᠷ ᠤ᠋ᠨ ᠬᠤᠷᠢᠶᠠᠯᠲᠠ ᠵᠡᠷᠭᠡ ᠴᠢᠬᠤᠯᠠ ᠵᠠᠩᠭᠢᠯᠠᠭ᠎ᠠ ᠵᠢᠨ ᠦᠶ᠎ᠡ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠮᠡᠷᠭᠡᠵᠢᠯ᠎ᠦᠨ ᠠᠷᠭ᠎ᠠ ᠪᠠᠷᠢᠯ ᠤ᠋ᠨ ᠦᠢᠯᠡᠳᠦᠯ ᠪᠠ ᠣᠶ ᠱᠢᠭᠤᠶ ᠵᠢᠨ ᠬᠠᠮᠠᠭᠠᠯᠠᠭ᠍ᠴᠢ᠂ ᠨᠤᠲᠤᠭ ᠪᠡᠯᠴᠢᠭᠡᠷ᠎ᠦᠨ ᠬᠠᠮᠢᠶᠠᠷᠤᠭ᠍ᠴᠢ᠎ᠵᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠲᠣᠭᠣᠷᠢᠨ ᠬᠠᠮᠠᠭᠠᠯᠠᠬᠤ ᠳᠠᠪᠲᠠᠮᠵᠢ ᠤᠳᠠᠭ᠎ᠠ ᠪᠠ ᠡᠷᠴᠢᠮ ᠵᠢᠡᠨ ᠴᠢᠩᠭᠠᠷᠠᠭᠤᠯᠤᠨ᠎ᠠ; ᠣᠢ ᠱᠢᠭᠤᠶ ᠪᠠ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠡᠩᠨᠡᠭᠡ ᠶ᠋ᠢ ᠪᠦᠷᠢᠨᠰᠢᠭᠦᠯᠦᠨ ᠬᠦᠴᠦᠷᠬᠡᠭ᠌ᠵᠢᠭᠦᠯᠵᠦ᠍᠂ ᠦᠨᠳᠦᠰᠦᠨ ᠱᠠᠲᠤᠨ᠎ᠤ ᠣᠢ ᠱᠢᠭᠤᠶ ᠪᠠ ᠨᠤᠲᠤᠭ ᠪᠡᠯᠴᠢᠭᠡᠷ᠎ᠦᠨ ᠠᠵᠢᠯ ᠤ᠋ᠨ ᠥᠷᠲᠡᠭᠡ ᠵᠢᠨ ᠪᠤᠳᠠᠲᠠᠢ ᠠᠵᠢᠯᠯᠠᠬᠤ ᠶ᠋ᠢ ᠠᠬᠢᠭᠤᠯᠤᠨ᠂ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠬᠡᠷᠡᠭ᠎ᠢ ᠪᠣᠭᠣᠮᠲᠠ ᠱᠢᠪᠲᠤᠯᠤᠨ ᠰᠢᠢᠳᠪᠦᠷᠢᠯᠡᠬᠦ ᠶ᠋ᠢ ᠯᠠᠪᠳᠠᠭᠤᠨ ᠪᠠᠲᠤᠲᠠᠶ ᠦᠷᠨᠢᠭᠦᠯᠬᠦ ᠪᠡᠷ ᠪᠤᠢ᠃

ᠤᠯᠤᠰ ᠤ᠋ᠨ ᠴᠡᠴᠡᠷᠯᠢᠭ᠎ᠢ ᠡᠭᠦᠳᠦᠨ ᠪᠠᠢᠭᠤᠯᠬᠤ ᠶ᠋ᠢ ᠯᠠᠪᠳᠠᠭᠤᠨ᠎ᠢᠶᠠᠷ ᠠᠬᠢᠭᠤᠯᠤᠨ᠂ ᠪᠠᠳᠠᠢ ᠵᠢᠨ ᠵᠢᠷᠠᠨ᠎ᠤ ᠳᠡᠯᠡᠬᠡᠢ ᠵᠢᠨ ᠪᠠᠢᠭᠠᠯᠢ ᠵᠢᠨ ᠥᠪ᠎ᠢ ᠬᠠᠮᠠᠭᠠᠯᠠᠬᠤ ᠵᠡᠷᠭᠡ ᠤᠯᠠᠨ ᠤᠯᠤᠰ ᠤ᠋ᠨ ᠭᠡᠷ᠎ᠡ᠎ᠪᠡᠨ ᠭᠦᠢᠴᠡᠳᠭᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠨ᠎ᠠ; ᠱᠢᠪᠠᠭᠤᠨ᠎ᠤ ᠲᠥᠷᠥᠯ᠎ᠢ ᠬᠠᠮᠠᠭᠠᠯᠠᠬᠤ ᠭᠤᠷᠪᠠᠨ ᠵᠢᠯ᠎ᠦᠨ ᠠᠵᠢᠯᠯᠠᠭ᠎ᠠ ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠬᠠᠤᠯᠢ ᠪᠤᠰᠤ᠎ᠪᠠᠷ ᠠᠩᠨᠠᠵᠤ ᠠᠷᠠᠯᠵᠢᠶᠠᠯᠠᠬᠤ ᠦᠢᠯᠡ ᠠᠵᠢᠯᠯᠠᠭ᠎ᠠ᠎ᠳᠤ ᠦᠷᠭᠦᠯᠵᠢᠯᠡᠨ ᠴᠢᠩᠭ᠎ᠠ ᠴᠣᠬᠢᠯᠲᠠ ᠦᠭᠬᠦᠨ᠎ᠡ; ᠣᠶ ᠱᠢᠭᠤᠶ ᠪᠠ ᠨᠤᠲᠤᠭ ᠪᠡᠯᠴᠢᠭᠡᠷ᠎ᠦᠨ ᠲᠦᠢᠮᠡᠷ ᠰᠡᠷᠭᠡᠢᠯᠡᠵᠦ᠍ ᠤᠨᠲᠠᠷᠠᠭᠠᠬᠤ ᠶ᠋ᠢ ᠨᠢᠭᠡ ᠴᠣᠠᠠᠴᠠᠵᠢᠭᠤᠯᠥᠠᠠᠰᠠᠨ ᠪᠥᠲᠥᠭᠡᠨ ᠪᠠᠢᠭᠤᠯᠤᠯᠲᠠ ᠶ᠋ᠢ ᠴᠢᠩᠭᠠᠷᠠᠭᠤᠯᠵᠤ᠂ ᠬᠦᠨᠳᠦ ᠶᠡᠬᠡ ᠬᠡᠮ ᠰᠣᠭᠣᠭ᠎ᠢ ᠬᠥᠳᠡᠯᠦᠩᠭᠦᠶ᠎ᠪᠡᠷ ᠠᠷᠢᠯᠭᠠᠬᠤ ᠪᠠ ᠲᠣᠭ᠍ᠲᠠᠭᠠᠯ᠎ᠠᠴᠠ ᠵᠥᠷᠢᠴᠡᠨ ᠭᠠᠯ ᠬᠡᠷᠡᠭ᠌ᠯᠡᠬᠦ᠌ ᠶ᠋ᠢ ᠪᠠᠢᠴᠠᠭᠠᠨ ᠱᠢᠶ᠋ᠳᠪᠦᠷᠢᠯᠡᠬᠦ᠌ ᠠᠵᠢᠯᠯᠠᠭ᠎ᠠ ᠶ᠋ᠢ ᠦᠷᠭᠦᠯᠵᠢᠯᠡᠨ ᠦᠷᠨᠢᠭᠦᠯᠦᠨ᠎ᠡ; ᠨᠠᠷᠠᠰᠤᠨ ᠮᠣᠳᠣᠨ᠎ᠤ ᠤᠲᠠᠰᠤᠯᠢᠭ ᠬᠣᠷᠣᠬᠠᠢ ᠵᠢᠨ ᠬᠢᠵᠢᠭ᠂ ᠨᠤᠲᠤᠭ ᠪᠡᠯᠴᠢᠭᠡᠷ᠎ᠦᠨ ᠬᠤᠯᠤᠭᠠᠨ᠎ᠠ ᠵᠢᠨ ᠬᠥᠨᠥᠭᠡᠯ ᠵᠡᠷᠭᠡ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠨ ᠡᠵᠡᠮᠳᠡᠬᠦ᠌ ᠶ᠋ᠢ ᠭᠤᠤᠯᠳᠠᠯᠭ᠎ᠠ᠎ᠲᠠᠶ ᠰᠠᠢᠲᠤᠷ ᠬᠢᠵᠦ᠍᠂ ᠪᠥᠬᠥ᠌ ᠵᠢᠯ᠎ᠳᠦ 3500 ᠲᠦᠮᠡᠨ ᠮᠤ᠌᠎ᠡᠴᠡ ᠳᠡᠭᠡᠭ᠌ᠰᠢ ᠰᠡᠷᠭᠡᠢᠯᠡᠨ ᠵᠠᠰᠠᠬᠤ ᠶ᠋ᠢ ᠪᠡᠶᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号