ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠵᠢᠩᠬᠢᠨᠢ ᠮᠠᠲᠧᠷᠢᠶᠠᠯ ᠢ᠋ ᠢᠯᠭᠠᠨ ᠲᠠᠨᠢᠬᠤᠢ — ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠪᠤᠯᠪᠠᠰᠤᠷᠠᠯ ᠤ᠋ᠨ ᠬᠢᠲᠠᠳ ᠡᠮ ᠤ᠋ᠨ ᠮᠠᠲᠧᠷᠢᠶᠠᠯ (ᠴᠢᠨᠠᠬᠤ ᠡᠮ) ᠢ᠋ ᠢᠯᠭᠠᠨ ᠲᠠᠨᠢᠬᠤ ᠵᠦᠭᠯᠡᠭᠦᠷ》 ᠰᠢᠷᠢᠰ ᠰᠦᠯᠵᠢᠶᠡᠨ ᠬᠢᠴᠢᠶᠡᠯ ᠨᠡᠭᠡᠭᠡᠵᠦ᠂ ᠲᠤᠭᠠᠴᠢᠯᠠᠭᠰᠠᠨ ᠮᠡᠷᠭᠡᠵᠢᠯ ᠶ᠋ᠢᠡᠷ ᠤᠯᠠᠨ ᠲᠦᠮᠡᠨ ᠵᠢᠴᠢ ᠬᠢᠨᠠᠯᠳᠠ ᠬᠠᠮᠢᠶᠠᠷᠤᠯᠳᠠ ᠶ᠋ᠢᠨ ᠲᠤᠬᠠᠢᠯᠠᠭᠰᠠᠨ ᠠᠵᠢᠯᠳᠠᠨ ᠤ᠋ ᠬᠢᠲᠠᠳ ᠡᠮ ᠤ᠋ᠨ ᠮᠠᠲᠧᠷᠢᠶᠠᠯ ᠤ᠋ᠨ ᠵᠢᠩᠬᠢᠨᠢ ᠬᠠᠭᠤᠷᠮᠠᠭ ᠢ᠋ ᠢᠯᠭᠠᠨ ᠲᠠᠨᠢᠬᠤ ᠴᠢᠳᠠᠪᠤᠷᠢ ᠶ᠋ᠢ ᠳᠡᠭᠡᠭᠰᠢᠯᠡᠭᠦᠯᠬᠦ ᠶ᠋ᠢ ᠵᠤᠷᠢᠪᠠ᠃
ᠲᠤᠰ ᠰᠦᠯᠵᠢᠶᠡᠨ ᠬᠢᠴᠢᠶᠡᠯ ᠨᠢ ᠴᠠᠭᠠᠨ ᠭᠤᠶᠤᠤ᠂ ᠬᠦᠬᠡ ᠤᠷᠢᠶᠠᠩᠭᠤ᠂ ᠠᠷᠴᠠ ᠶ᠋ᠢᠨ ᠦᠷ᠎ᠠ᠂ ᠺᠠᠴᠧ ᠭᠦᠷᠬᠦᠮ᠂ ᠵᠡᠷᠯᠢᠭ ᠴᠢᠪᠠᠭ᠎ᠠ ᠶ᠋ᠢᠨ ᠦᠷ᠎ᠠ᠂ ᠬᠠᠪᠳᠠᠭᠠᠢ ᠬᠤᠨᠴᠢᠷ ᠤ᠋ᠨ ᠦᠷ᠎ᠠ᠂ ᠳᠠᠬᠢᠶᠠᠨ ᠪᠡᠳᠡᠭᠡ ᠶ᠋ᠢᠨ ᠰᠢᠷ᠎ᠠ ᠬᠠᠯᠢᠰᠤ᠂ ᠴᠢᠬᠢᠭ ᠤ᠋ᠨ ᠤᠯᠠᠭᠠᠨ ᠬᠤᠷᠤᠬᠠᠢ᠂ ᠯᠤᠤ ᠶ᠋ᠢᠨ ᠰᠢᠳᠤ᠂ ᠬᠠᠮᠳᠤᠳᠬᠤ ᠴᠡᠴᠡᠭ ᠵᠡᠷᠭᠡ ᠪᠠᠢᠩᠭᠤ ᠬᠠᠷᠠᠭᠳᠠᠬᠤ ᠬᠢᠲᠠᠳ ᠡᠮ ᠤ᠋ᠨ ᠮᠠᠲᠧᠷᠢᠶᠠᠯ ᠵᠢᠴᠢ ᠲᠡᠭᠦᠨ ᠤ᠋ ᠬᠤᠯᠢᠮᠠᠭ ᠪᠤᠳᠠᠰ ᠲᠤ᠌ ᠴᠢᠭᠯᠡᠭᠦᠯᠦᠨ᠂ H5 ᠬᠤᠷᠰᠢᠯᠴᠠᠭ᠎ᠠ ᠪᠤᠯᠤᠨ 3D ᠰᠢᠷᠪᠢᠯᠳᠡ ᠵᠡᠷᠭᠡ ᠤᠯᠠᠨ ᠵᠠᠭᠤᠴᠢᠳᠤ ᠮᠡᠷᠭᠡᠵᠢᠯ ᠢ᠋ ᠶᠡᠷᠦᠩᠬᠡᠢᠯᠡᠨ ᠠᠰᠢᠭᠯᠠᠵᠤ᠂ ᠡᠮ ᠤ᠋ᠨ ᠮᠠᠲᠧᠷᠢᠶᠠᠯ ᠤ᠋ᠨ ᠳᠦᠷᠰᠦ ᠪᠠᠢᠳᠠᠯ ᠢ᠋ ᠳᠡᠭᠡᠳᠦ ᠳᠤᠳᠤᠴᠠ ᠲᠠᠢ ᠨᠠᠷᠢᠯᠢᠭ ᠰᠠᠢᠬᠠᠨ ᠢᠯᠡᠷᠡᠭᠦᠯᠵᠠᠢ᠃ ᠡᠭᠦᠨ ᠤ᠋ ᠬᠠᠮᠳᠤ᠂ 360 ᠭᠷᠠᠳᠦ᠋ᠰ ᠶ᠋ᠢᠡᠷ ᠪᠦᠬᠦ ᠦᠵᠡᠭᠳᠡᠯ ᠶ᠋ᠢᠡᠷ ᠦᠵᠡᠭᠦᠯᠬᠦ᠂ ᠬᠡᠰᠡᠭ ᠭᠠᠵᠠᠷ ᠢ᠋ ᠨᠢ ᠲᠤᠮᠤᠷᠠᠭᠤᠯᠤᠨ ᠬᠠᠷᠢᠴᠠᠭᠤᠯᠬᠤ᠂ ᠨᠠᠷᠢᠨ ᠵᠦᠢᠯᠡᠰ ᠲᠤ᠌ ᠲᠠᠢᠯᠪᠤᠷᠢ ᠬᠠᠳᠠᠵᠤ ᠵᠠᠳᠠᠯᠬᠤ ᠵᠡᠷᠭᠡ ᠪᠡᠶᠡᠴᠢᠯᠡᠨ ᠤᠷᠤᠯᠴᠠᠬᠤ ᠬᠡᠯᠪᠡᠷᠢ ᠶ᠋ᠢᠨ ᠬᠢᠴᠢᠶᠡᠯᠯᠡᠭᠡ ᠪᠡᠷ ᠡᠮ ᠤ᠋ᠨ ᠮᠠᠲᠧᠷᠢᠶᠠᠯ ᠤ᠋ᠨ ᠭᠠᠳᠠᠷ ᠦᠩᠭᠡ ᠳᠦᠷᠰᠦ᠂ ᠬᠡᠯᠪᠡᠷᠢ ᠪᠠᠢᠳᠠᠯ᠂ ᠤᠭᠳᠤᠯᠤᠭᠠᠰᠤ ᠶ᠋ᠢᠨ ᠪᠦᠲᠦᠴᠡ᠂ ᠬᠡ ᠤᠭᠠᠯᠵᠠ ᠶ᠋ᠢᠨ ᠨᠠᠷᠢᠨ ᠵᠦᠢᠯᠡᠰ᠂ ᠭᠠᠳᠠᠷ ᠬᠠᠯᠢᠰᠤ ᠶ᠋ᠢᠨ ᠤᠨᠴᠠᠯᠢᠭ ᠰᠢᠨᠵᠢ ᠵᠡᠷᠭᠡ ᠵᠠᠩᠬᠢᠯᠠᠭ᠎ᠠ ᠶ᠋ᠢᠨ ᠡᠯᠧᠮᠧᠨ᠋ᠲ ᠢ᠋ ᠢᠯᠭᠠᠨ ᠲᠠᠨᠢᠬᠤ ᠠᠷᠭ᠎ᠠ ᠶ᠋ᠢ ᠵᠢᠭᠠᠨ ᠦᠭᠴᠤ᠂ ᠬᠡᠢᠰᠪᠤᠷᠢ ᠢᠯᠭᠠᠨ ᠲᠠᠨᠢᠬᠤ ᠮᠡᠳᠡᠯᠭᠡ ᠶ᠋ᠢ ᠦᠵᠡᠵᠦ ᠬᠠᠷᠠᠵᠤ ᠪᠤᠯᠬᠤ᠂ ᠳᠦᠭᠦᠮ ᠤᠢᠯᠠᠭᠠᠮᠵᠢᠳᠠᠢ ᠬᠢᠴᠢᠶᠡᠯ ᠪᠤᠯᠭᠠᠨ ᠤᠯᠠᠷᠢᠭᠤᠯᠵᠤ᠂ ᠤᠯᠠᠨ ᠲᠦᠮᠡᠨ ᠢ᠋ ᠲᠤᠳᠤᠷᠬᠠᠢ ᠦᠵᠡᠵᠦ ᠳᠡᠢᠯᠬᠦ᠂ ᠰᠤᠷᠴᠤ ᠳᠡᠢᠯᠬᠦ᠂ ᠬᠡᠷᠡᠭᠯᠡᠵᠦ ᠳᠡᠢᠯᠬᠦ ᠳ᠋ᠤ ᠬᠦᠷᠭᠡᠪᠡ᠃ ᠤᠯᠠᠨ ᠶ᠋ᠢᠡᠷ ᠶ᠋ᠢᠡᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠵᠢᠷᠬᠢᠶ᠎ᠠ ᠶ᠋ᠢᠨ ᠨᠡᠢᠳᠡ ᠶ᠋ᠢᠨ ᠳᠠᠪᠴᠠᠩ ᠤ᠋ᠨ 《ᠦᠢᠯᠡᠴᠢᠯᠡᠭᠡ》 ᠶ᠋ᠢᠨ ᠬᠡᠰᠡᠭ ᠤ᠋ᠨ 《ᠤᠮᠠᠷᠠᠳᠦ ᠬᠢᠯᠢ ᠶ᠋ᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠪᠤᠯᠪᠠᠰᠤᠷᠠᠯ》 ᠪᠤᠯᠤᠩ ᠳ᠋ᠤ ᠤᠷᠤᠵᠤ ᠰᠦᠯᠵᠢᠶᠡᠨ ᠬᠢᠴᠢᠶᠡᠯ ᠢ᠋ ᠨᠢ ᠨᠡᠭᠡᠭᠡᠨ ᠰᠤᠷᠤᠯᠴᠠᠵᠤ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号