3 ᠰᠠᠷ᠎ᠠ᠎ᠶ᠋ᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠩᠬᠢᠮ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠤᠪᠴᠢᠶᠠᠡᠴᠠ ᠡᠷᠬᠢᠯᠡᠭ᠌ᠰᠡᠨ ᠥᠪᠥᠷ ᠮᠣᠩᠭᠣᠯ᠎ᠤᠨ 《12333 ᠪᠦᠬᠦ᠌ ᠤᠯᠤᠰ᠎ᠤᠨ ᠨᠢᠭᠡᠳᠦᠯᠲᠡᠢ ᠠᠰᠠᠭᠤᠨ ᠯᠠᠪᠯᠠᠬᠤ ᠡᠳᠦᠷ》᠎ᠤ᠋ᠨ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ᠃ ᠣᠯᠠᠨ ᠡᠱᠢᠵᠢᠭ᠌ᠰᠡᠨ ᠠᠰᠠᠭᠤᠨ ᠯᠠᠪᠯᠠᠬᠤ ᠠᠷᠭ᠎ᠠ ᠵᠠᠮ ᠪᠠ ᠦᠶ᠋ᠯᠡᠴᠢᠯᠡᠬᠦ᠌ ᠠᠷᠭ᠎ᠠ ᠮᠠᠶᠢᠭ᠎ᠢᠶᠠᠷ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠢ ᠣᠯᠠᠨ ᠲᠦᠮᠡᠨ᠎ᠦ ᠣᠢᠯᠠᠭᠠᠯᠳᠠ ᠵᠢ ᠳᠡᠭᠡᠭ᠌ᠰᠢᠯᠡᠭᠦᠯᠬᠦ ᠵᠢᠨ ᠬᠠᠮᠲᠤ᠂ ᠪᠥᠬᠥ᠌ ᠣᠷᠣᠨ᠎ᠤ ᠡᠯ᠎ᠡ ᠠᠢᠮᠠᠭ ᠬᠣᠲᠠ ᠬᠠᠮᠢᠶ᠎ᠠ ᠪᠥᠬᠥᠶ ᠠᠵᠢᠯᠯᠠᠭ᠎ᠠ᠎ᠶ᠋ᠢ ᠵᠡᠷᠭᠡ ᠪᠡᠷ ᠥᠷᠨᠢᠭᠦᠯᠵᠠᠢ᠃
ᠲᠣᠰ ᠠᠵᠢᠯᠯᠠᠭ᠎ᠠ᠎ᠨᠢ 《ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ — ᠪᠠᠲᠤᠯᠠᠭ᠎ᠠ ᠲᠠᠨ ᠳᠠᠢ ᠬᠠᠮᠳᠦ ᠠᠶᠠᠯᠠᠨ᠎ᠠ》 ᠬᠡᠬᠦ ᠭᠤᠤᠯ ᠰᠡᠳᠦᠪ ᠤ᠋ᠨ ᠲᠤᠭᠤᠷᠢᠨ ᠳ᠋ᠤ᠂ ᠬᠠᠮᠢᠶ᠎ᠠ ᠪᠥᠬᠥᠶ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠠᠵᠢᠯᠲᠠᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠲᠤᠰᠭᠠᠶ ᠲᠠᠢᠯᠤᠮᠵᠢ ᠬᠢᠵᠦ᠍᠂ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ ᠲᠸ᠋ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭᠠᠶ᠋ᠢᠴᠢ ᠲᠥᠷᠥ᠎ᠶ᠋ᠢᠨ ᠪᠣᠳᠣᠯᠭ᠎ᠠ ᠵᠢᠨ ᠳᠤᠬᠠᠢ ᠨᠠᠷᠢᠨ ᠲᠠᠢᠯᠤᠮᠵᠢ ᠬᠢᠪᠡ᠃ ᠲᠤᠬᠠᠶ᠎ᠶ᠋ᠢᠨ ᠲᠠᠯᠠᠪᠠᠶ᠎ᠳᠤ ᠪᠠᠰᠠ ᠠᠰᠠᠭᠤᠨ ᠯᠠᠪᠯᠠᠬᠤ ᠲᠠᠪᠴᠠᠩ ᠭᠠᠷᠭᠠᠵᠤ᠂ 200 ᠭᠠᠷᠤᠶ ᠬᠥᠮᠦᠨ ᠤᠳᠠᠭ᠎ᠠ᠎ᠶ᠋ᠢᠨ ᠣᠯᠠᠨ ᠲᠦᠮᠡᠨ᠎ᠳᠦ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌ ᠦᠶ᠋ᠯᠡᠴᠢᠯᠡᠭᠡ ᠬᠠᠩᠭᠠᠵᠤ᠂ 700 ᠭᠠᠷᠤᠶ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠵᠠᠢ᠃ ᠡᠭᠦᠨ᠎ᠦ ᠬᠠᠮᠲᠤ᠂ ᠥᠪᠥᠷ ᠮᠣᠩᠭᠣᠯ᠎ᠤᠨ 12333 ᠠᠰᠠᠭᠤᠨ ᠯᠠᠪᠯᠠᠬᠤ ᠦᠶ᠋ᠯᠡᠴᠢᠯᠡᠭᠡᠨ᠎ᠦ ᠲᠥᠪ᠎ᠤᠨ ᠬᠢᠨ ᠲᠤᠰᠭᠠᠶ ᠮᠡᠷᠭᠡᠵᠢᠯᠲᠡᠨ᠎ᠦ ᠬᠠᠯᠠᠮᠱᠢᠯ ᠤᠲᠠᠰᠤ᠎ᠶ᠋ᠢᠨ ᠦᠶ᠋ᠯᠡᠴᠢᠯᠡᠭᠡᠬᠠᠩᠭᠠᠵᠦ᠂ ᠣᠯᠠᠨ ᠲᠦᠮᠡᠨ᠎ᠦ ᠢᠷᠡᠭᠦᠯᠦᠭ᠌ᠰᠡᠨ ᠤᠲᠠᠰᠤ᠎ᠶ᠋ᠢ ᠲᠤᠬᠠᠶ᠎ᠶ᠋ᠢᠨ ᠲᠠᠯᠠᠪᠠᠶ᠎ᠳᠤ ᠭᠥᠯᠢᠶᠡᠨ ᠠᠪᠴᠤ᠌᠂ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ ᠲᠸ᠋ ᠠᠵᠢᠯ ᠮᠡᠷᠭᠡᠵᠢᠯ᠎ᠦᠨ ᠭᠡᠮᠲᠦᠯ ᠤ᠋ᠨ ᠪᠠᠲᠤᠯᠠᠭ᠎ᠠ ᠵᠢᠨ ᠲᠤᠷᠱᠢᠯᠲᠠ᠎ᠶ᠋ᠢᠨ ᠴᠡᠭ ᠤ᠋ᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠢᠶ᠎ᠠ ᠪᠥᠬᠥᠶ ᠠᠰᠠᠭᠤᠳᠠᠯ᠎ᠳᠤ ᠣᠨᠣᠪᠴᠢᠲᠠᠶ ᠬᠠᠷᠢᠭᠤᠯᠲᠠ ᠥᠭᠴᠠᠢ᠃
ᠣᠢᠯᠠᠭᠠᠭ᠍ᠰᠠᠨ᠎ᠢᠶᠠᠷ᠂ 7 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ᠂ ᠪᠥᠬᠥ᠌ ᠣᠷᠣᠨ᠎ᠳᠤ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ᠎ᠦᠨ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠡᠬᠢᠯᠡᠭᠦᠯᠦᠨ᠎ᠡ᠃ ᠪᠥᠬᠥ᠌ ᠣᠷᠣᠨ᠎ᠤ ᠱᠦᠨ ᠹᠸᠩ ᠵᠡᠷᠭᠡ 25 ᠲᠠᠪᠴᠠᠩ᠎ᠤᠨ ᠠᠵᠤ ᠠᠬᠤᠢᠯᠠᠯ᠎ᠤᠨ ᠳᠠᠩᠰᠠᠯᠠᠭᠤᠯᠤᠭ᠍ᠰᠠᠨ ᠪᠥᠭᠡᠳ ᠬᠠᠭᠤᠳᠠᠰᠤ ᠭᠥᠯᠢᠶᠡᠨ ᠠᠪᠴᠤ᠌ ᠬᠥᠯᠥᠰᠥ᠍ ᠣᠯᠭᠣᠮᠵᠢ ᠣᠯᠤᠭ᠍ᠰᠠᠨ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ ᠲᠤᠷᠱᠢᠯᠲᠠ᠎ᠶ᠋ᠢᠨ ᠴᠡᠭ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠶᠣᠰᠣᠭᠠᠷ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ ᠭᠥᠷᠳᠡᠨ᠎ᠡ᠃ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ᠎ᠤᠨ ᠭᠠᠵᠠᠷ᠎ᠤᠨ ᠬᠠᠷᠢᠭᠤᠴᠠᠯᠭᠠᠳᠠᠨ ᠬᠡᠯᠡᠬᠦ᠌᠎ᠳᠡᠭᠡᠨ᠂ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ ᠲᠠᠪᠴᠠᠩ᠎ᠤᠨ ᠵᠠᠬᠢᠶᠠᠯᠠᠭ᠎ᠠ᠎ᠶ᠋ᠢᠨ ᠡᠭᠦᠷᠭᠡ᠎ᠶ᠋ᠢ ᠭᠦᠶ᠋ᠴᠡᠳᠭᠡᠬᠦ᠌ ᠬᠤᠭᠤᠴᠠᠭᠠᠨ᠎ᠳᠤ ᠡᠨᠲᠠᠯ ᠭᠠᠷᠴᠤ᠌ ᠭᠡᠮᠲᠦᠭ᠌ᠰᠡᠨ ᠪᠠᠢᠪᠠᠯ ᠡᠮᠴᠢᠯᠡᠭᠡᠨ᠎ᠦ ᠵᠠᠷᠤᠳᠠᠯ᠂ ᠵᠡᠮᠳᠡᠭ᠌ᠴᠦᠳ᠎ᠦᠨ ᠨᠥᠬᠥᠪᠥᠷᠢ ᠮᠥᠩᠭᠥ᠌᠂ ᠠᠮᠢᠳᠤᠷᠠᠯ᠎ᠤᠨ ᠰᠤᠪᠢᠯᠠᠯᠲᠠ᠎ᠶ᠋ᠢᠨ ᠵᠠᠷᠤᠳᠠᠯ ᠵᠡᠷᠭᠡ ᠨᠥᠬᠥᠪᠥᠷᠢ ᠭᠥᠷᠳᠡᠵᠦ᠍ ᠪᠣᠯᠤᠨ᠎ᠠ ᠬᠡᠪᠠ᠃