ᠬᠣᠶᠠᠷ ᠰᠠᠯᠠᠭ᠎ᠠ ᠮᠥᠴᠢᠷ ᠬᠠᠮᠲᠤᠷᠠᠨ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠠᠵᠠᠷ ᠬᠥᠳᠡᠯᠦᠯᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠡᠴᠡ ᠵᠠᠢᠯᠠᠭᠤᠯᠤᠨ ᠲᠠᠷᠬᠠᠭᠠᠬᠤ ᠰᠣᠷᠢᠯᠲᠠ᠎ᠶ᠋ᠢᠨ ᠭᠠᠷ ᠳᠡᠪᠲᠡᠷ》 ᠢ᠋ ᠨᠡᠢᠲᠡᠯᠡᠪᠡ
2026-04-02 16:49:56
ᠵᠣᠬᠢᠶᠠᠭ᠍ᠴᠢ᠄
​ ᠬᠤᠸᠠᠩ ᠲᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 30 ᠎ᠤ᠋ ᠡᠳᠦᠷ ᠳᠤᠮᠳᠠᠳᠤ ᠤᠯᠤᠰ᠎ᠤᠨ ᠭᠠᠵᠠᠷ ᠬᠥᠳᠡᠯᠦᠯᠲᠡ᠎ᠶ᠋ᠢᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ᠎ᠶ᠋ᠢᠨ ᠲᠣᠪᠴᠢᠶ᠎ᠠ᠂ ᠰᠤᠷᠭᠠᠨ ᠬᠥᠮᠦᠵᠢᠯ᠎ᠦᠨ ᠶᠠᠮᠤᠨ ᠣᠢᠷ᠎ᠠ᠎ᠳᠤ ᠬᠠᠮᠲᠤᠷᠠᠨ《ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠠᠵᠠᠷ ᠬᠥᠳᠡᠯᠦᠯᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠡᠴᠡ ᠵᠠᠢᠯᠠᠭᠤᠯᠤᠨ ᠲᠠᠷᠬᠠᠭᠠᠬᠤ ᠰᠣᠷᠢᠯᠲᠠ᠎ᠶ᠋ᠢᠨ ᠭᠠᠷ ᠳᠡᠪᠲᠡᠷ》 ᠵᠢᠴᠢ ᠵᠢᠱ᠌ᠢᠶ᠎ᠡ ᠦᠵᠡᠭᠦᠯᠬᠦ᠌ ᠸᠢᠳᠢᠣ᠋᠎ᠶ᠋ᠢ ᠨᠡᠢᠲᠡᠯᠡᠪᠡ᠃

ᠣᠢᠯᠠᠭᠠᠭ᠍ᠰᠠᠨ᠎ᠢᠶᠠᠷ᠂ ᠭᠠᠷ ᠳᠡᠪᠲᠡᠷ ᠵᠢᠴᠢ ᠵᠢᠱ᠌ᠢᠶ᠎ᠡ ᠦᠵᠡᠭᠦᠯᠬᠦ᠌ ᠸᠢᠳᠢᠣ᠋ ᠪᠣᠯ ᠬᠣᠶᠠᠷ ᠰᠠᠯᠠᠭ᠎ᠠ ᠮᠥᠴᠢᠷ᠎ᠦᠨ ᠨᠢᠳᠤᠨᠤᠨ᠎ᠤ 10 ᠰᠠᠷ᠎ᠠ᠎ᠳᠤ ᠬᠠᠮᠲᠤᠷᠠᠨ ᠳᠠᠷᠤᠮᠠᠯᠯᠠᠨ ᠲᠠᠷᠬᠠᠭᠠᠭ᠍ᠰᠠᠨ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠠᠵᠠᠷ ᠬᠥᠳᠡᠯᠦᠯᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠶᠤᠯ ᠡᠴᠡ ᠵᠠᠢᠯᠠᠭᠤᠯᠤᠨ ᠲᠠᠷᠬᠠᠭᠠᠬᠤ ᠰᠣᠷᠢᠯᠲᠠ᠎ᠶ᠋ᠢᠨ ᠵᠦᠭ᠌ᠯᠡᠭᠦᠷ》 ᠢ᠋ ᠦᠨᠳᠦᠰᠦᠯᠡᠨ ᠨᠠᠢᠷᠠᠭᠤᠯᠤᠨ ᠵᠣᠬᠢᠶᠠᠭ᠍ᠰᠠᠨ ᠲᠠᠢᠯᠤᠮᠵᠢ᠎ᠶ᠋ᠢᠨ ᠮᠠᠲ᠋ᠧᠷᠢᠶᠠᠯ ᠪᠣᠯᠤᠨ᠎ᠠ᠂ ᠱᠢᠭᠤᠳ ᠦᠵᠡᠬᠦ᠌᠂ ᠠᠮᠠᠷᠬᠠᠨ ᠣᠢᠯᠠᠭᠠᠬᠤ ᠬᠡᠯᠪᠡᠷᠢ᠎ᠪᠡᠷ ᠳᠠᠮᠵᠢᠭᠤᠯᠤᠨ᠂ ᠡᠯ᠎ᠡ ᠭᠠᠵᠠᠷ᠎ᠤᠨ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠢ ᠬᠠᠪᠰᠤᠷᠤᠨ ᠭᠠᠵᠠᠷ ᠬᠥᠳᠡᠯᠦᠯᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠶᠤᠯ ᠡᠴᠡ ᠵᠠᠢᠯᠠᠭᠤᠯᠤᠨ ᠲᠠᠷᠬᠠᠭᠠᠬᠤ ᠰᠣᠷᠢᠯᠲᠠ᠎ᠶ᠋ᠢᠨ ᠵᠠᠩᠭᠢᠯᠠᠭ᠎ᠠ᠎ᠶ᠋ᠢᠨ ᠠᠯᠬᠤᠮ ᠳᠠᠷᠠᠭ᠎ᠠ ᠪᠠ ᠠᠵᠢᠯᠯᠠᠭᠤᠯᠬᠤ ᠠᠷᠭ᠎ᠠ ᠪᠠᠷᠢᠯ᠎ᠢ ᠣᠨᠣᠪᠴᠢᠲᠠᠶ ᠡᠵᠡᠮᠱᠢᠭᠦᠯᠬᠦ᠌᠎ᠶ᠋ᠢᠨ ᠲᠥᠯᠥᠭᠡ ᠶᠤᠮ᠃ ᠠᠭᠤᠯᠭ᠎ᠠ᠎ᠨᠢ ᠰᠣᠷᠢᠯᠲᠠ᠎ᠶ᠋ᠢᠨ ᠪᠥᠬᠥ᠌ ᠶᠠᠪᠤᠴᠠ᠂ ᠪᠥᠬᠥ᠌ ᠠᠬᠤᠢ ᠪᠠᠢᠳᠠᠯ᠎ᠢ ᠬᠠᠮᠤᠷᠴᠤ᠌᠂ ᠤᠷᠢᠳᠴᠢᠯᠠᠨ ᠰᠡᠷᠡᠮᠵᠢᠯᠡᠭᠦᠯᠬᠦ᠌ ᠳᠣᠬᠢᠶ᠎ᠠ᠎ᠶ᠋ᠢ ᠢᠯᠭᠠᠨ ᠲᠠᠨᠢᠬᠤ᠂ ᠠᠳᠠᠯᠢ ᠪᠤᠰᠤ ᠲᠠᠯᠠᠪᠠᠶ᠎ᠶ᠋ᠢᠨ ᠠᠶᠤᠯ᠎ᠡᠴᠡ ᠵᠠᠢᠯᠠᠬᠤ ᠠᠷᠭ᠎ᠠ ᠬᠡᠮᠵᠢᠶ᠎ᠡ᠂ ᠲᠠᠷᠬᠠᠭᠠᠬᠤ ᠵᠠᠮ ᠱᠤᠭᠤᠮ᠎ᠤᠨ ᠲᠥᠯᠥᠪᠵᠢᠭᠦᠯᠭᠡ ᠬᠢᠭᠡᠳ ᠲᠡᠮᠳᠡᠭ ᠪᠠᠢᠷᠢᠯᠠᠭᠤᠯᠬᠤ᠂ ᠭᠡᠨᠡᠳᠲᠡ᠎ᠶ᠋ᠢᠨ ᠪᠠᠢᠳᠠᠯ᠎ᠤᠨ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠶᠠᠪᠤᠴᠠ ᠵᠢᠴᠢ ᠰᠣᠷᠢᠯᠲᠠ᠎ᠶ᠋ᠢ ᠳ᠋ᠦᠩᠨᠡᠵᠦ᠍ ᠦᠨᠡᠯᠡᠨ ᠵᠢᠱ᠌ᠢᠬᠦ᠌ ᠠᠷᠭ᠎ᠠ᠎ᠶ᠋ᠢ ᠬᠠᠮᠤᠷᠴᠠᠶ᠃

ᠲᠠᠷᠠᠭᠠᠴᠢ᠎ᠶ᠋ᠢᠨ ᠠᠯᠬᠤᠮ᠎ᠳᠤ᠂ ᠬᠣᠶᠠᠷ ᠰᠠᠯᠠᠭ᠎ᠠ ᠮᠥᠴᠢᠷ ᠦᠷᠭᠦᠯᠵᠢᠯᠡᠨ ᠡᠯ᠎ᠡ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠠᠵᠠᠷ ᠬᠥᠳᠡᠯᠦᠯᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠡᠴᠡ ᠵᠠᠢᠯᠠᠭᠤᠯᠤᠨ ᠲᠠᠷᠬᠠᠭᠠᠬᠤ ᠰᠣᠷᠢᠯᠲᠠ᠎ᠶ᠋ᠢ ᠵᠢᠷᠤᠮᠵᠢᠭᠤᠯᠤᠨ ᠥᠷᠨᠢᠭᠦᠯᠬᠦ᠌᠎ᠶ᠋ᠢ ᠵᠢᠯᠣᠭᠣᠳᠴᠤ᠌᠂ ᠪᠠᠭ᠍ᠰᠢ ᠰᠤᠷᠤᠭ᠍ᠴᠢᠳ᠎ᠤᠨ ᠭᠠᠵᠠᠷ ᠬᠥᠳᠡᠯᠦᠯᠲᠡ᠎ᠶ᠋ᠢᠨ ᠠᠮᠤᠷ ᠲᠦᠪᠱᠢᠨ᠎ᠦ ᠤᠬᠠᠮᠰᠠᠷ᠎ᠢ ᠦᠨᠡᠨ ᠬᠦ᠌ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠡᠴᠡ ᠵᠠᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠭᠠᠵᠠᠷ ᠬᠥᠳᠡᠯᠦᠯᠲᠡ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠦᠨ᠎ᠡ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号