2025 ᠣᠨ᠎ᠤ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ》 ᠢ᠋ ᠨᠡᠢᠲᠡᠯᠡᠪᠡ
2026-04-02 09:56:13
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ 2025 ᠣᠨ᠎ᠤ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ》 ᠢ᠋ ᠨᠡᠢᠲᠡᠯᠡᠵᠦ᠍᠂ ᠨᠡᠢᠲᠡ 22 ᠬᠦᠮᠦᠨ ᠢᠷᠠᠭᠤ ᠠᠯᠳᠠᠷᠲᠠᠶ᠎ᠪᠠᠷ ᠵᠢᠭ᠍ᠰᠠᠭᠠᠯᠲᠠ᠎ᠳᠤ ᠣᠷᠣᠪᠠ᠃

ᠡᠳᠡᠭᠡᠷ ᠪᠠᠭᠠᠲᠤᠷᠴᠤᠳ᠎ᠤᠨ ᠳᠣᠲᠣᠷ᠎ᠠ᠂ ᠶᠠᠰᠤ ᠶᠠᠡᠭᠭᠢᠨᠠᠮ᠎ᠠ ᠬᠦᠢᠳᠡᠨ ᠭᠣᠣᠯ᠎ᠳᠤ ᠦᠰᠦᠷᠦᠨ ᠣᠷᠣᠵᠤ ᠠᠪᠤ ᠬᠦᠦ ᠬᠣᠶᠠᠭᠤᠯᠠ ᠵᠢ ᠠᠪᠤᠷᠠᠵᠤ᠂ ᠵᠣᠯ ᠪᠤᠰᠤ᠎ᠪᠠᠷ ᠪᠡᠶ᠎ᠡ ᠦᠷᠡᠭ᠌ᠳᠡᠭ᠌ᠰᠡᠨ ᠬᠤᠸᠠᠩ ᠴᠢ ᠳ᠋ᠦᠩ ᠪᠤᠢ; ᠠᠭᠠᠳᠠᠷ ᠪᠤᠷᠤᠭᠠᠨ ᠤ᠋ ᠲᠤᠮᠳᠠ ᠬᠦᠨ ᠤᠰᠤ ᠵᠢ ᠭᠠᠳᠤᠯᠤᠨ᠂ ᠬᠠᠱᠢᠭ᠍ᠳᠠᠭ᠍ᠰᠠᠨ ᠣᠯᠠᠨ ᠲᠦᠮᠡᠨ᠎ᠢ ᠠᠪᠤᠷᠠᠨ ᠲᠤᠰᠠᠯᠠᠬᠰᠠᠨ ᠴᠸ ᠮᠢᠡᠭ ᠢ ᠪᠤᠢ; ᠠᠶᠤᠯ ᠲᠦᠭ᠌ᠰᠢᠭᠦᠷᠢ᠎ᠵᠢ ᠦᠯᠦ ᠬᠠᠢᠬᠤᠷᠤᠨ᠂ ᠳᠠᠯᠠᠨ ᠨᠠᠰᠤ ᠬᠦᠷᠦᠭᠰᠡᠨ ᠴᠸ᠋ ᠬᠤᠶᠠᠷ ᠤᠳᠠᠭ᠎ᠠ ᠤᠰᠤᠨ᠎ᠳᠤ ᠤᠷᠤᠵᠤ ᠲᠠᠨᠢᠯ ᠪᠤᠰᠤ ᠡᠮᠡᠭ᠌ᠲᠡᠢ ᠵᠢ ᠠᠪᠤᠷᠠᠵᠦ ᠵᠢᠷᠦᠬᠡ ᠠᠭᠤᠰᠭᠢᠨ᠎ᠤ ᠰᠡᠷᠭᠦᠭᠡᠯᠲᠡ ᠬᠢᠭ᠌ᠰᠡᠨ ᠬᠠᠢ ᠢᠦᠢ ᠪᠤᠢ; ᠠᠮᠢ ᠪᠡᠶ᠎ᠡ᠎ᠪᠡᠨ ᠬᠠᠢᠬᠤᠷᠤᠯ ᠦᠭᠡᠢ ᠠᠷᠪᠠᠨ ᠲᠤᠯᠤᠳᠤᠭᠠᠷ ᠳᠠᠪᠬᠤᠷᠯᠢᠭ ᠤ᠋ᠨ ᠠᠰᠠᠷ᠎ᠤᠨ ᠤᠷᠤᠢ᠎ᠳᠤ ᠭᠠᠷᠴᠤ ᠪᠡᠶ᠎ᠠ ᠪᠠᠨ ᠬᠤᠤᠷᠯᠠᠬᠤ ᠭᠡᠵᠦ ᠪᠠᠢᠬᠰᠠᠨ ᠬᠡᠦᠬᠡᠨ᠎ᠢ ᠠᠪᠤᠷᠠᠭ᠍ᠰᠠᠨ ᠳ᠋ᠦ᠋ ᠶᠦᠩ ᠱᠢᠶᠠᠩ ᠪᠤᠢ ᠁ ᠡᠳᠡᠭᠡᠷ ᠬᠦᠮᠦᠰ ᠨᠢ ᠠᠵᠤ ᠠᠬᠤᠢᠯᠠᠯ᠎ᠤᠨ ᠠᠵᠢᠯᠲᠠᠨ ᠠᠵᠢᠯᠴᠢᠨ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠂ ᠠᠷᠠᠳ᠎ᠤᠨ ᠪᠠᠭ᠍ᠰᠢ᠂ ᠮᠠᠯᠴᠢᠨ ᠲᠠᠷᠢᠶᠠᠴᠢᠨ᠂ ᠦᠨᠳᠦᠰᠦᠨ ᠱᠠᠲᠤᠨ᠎ᠤ ᠺᠠᠳ᠋ᠷ ᠵᠡᠷᠭᠡ ᠪᠠᠢᠵᠤ᠂ ᠲᠡᠳᠡᠨᠡᠷ ᠤ᠋ᠨ ᠲᠤᠬᠠᠢᠯᠠᠭ᠍ᠰᠠᠨ ᠠᠵᠢᠯ ᠨᠢ ᠢᠯᠭᠠᠭ᠎ᠠ᠎ᠲᠠᠶ᠂ ᠨᠠᠰᠤ ᠵᠢᠯ ᠨᠢ ᠠᠳᠠᠯᠢ ᠦᠭᠡᠢ᠂ ᠪᠡᠶ᠎ᠠ ᠵᠢᠨ ᠭᠠᠷᠤᠯ ᠠᠳᠠᠯᠢ ᠪᠤᠰᠤ ᠪᠣᠯᠪᠠᠴᠤ᠌ ᠠᠶᠤᠯ ᠲᠦᠭ᠌ᠰᠢᠭᠦᠷᠢᠲᠡᠢ ᠦᠶ᠎ᠠ᠎ᠳᠦ ᠴᠡᠭᠡᠵᠢ ᠲᠦᠷᠢᠨ ᠭᠠᠷᠴᠤ᠌᠂ ᠵᠠᠩᠭᠢᠯᠠᠭ᠎ᠠ᠎ᠶ᠋ᠢᠨ ᠦᠶ᠎ᠡ᠎ᠳᠦ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠯᠬᠡᠭ ᠪᠠᠭᠠᠲᠤᠷᠯᠢᠭ ᠦᠢᠯᠡ ᠠᠵᠢᠯᠯᠠᠭ᠎ᠠ᠎ᠪᠠᠷ᠎ᠢᠶᠠᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠬᠰᠡᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠲᠠᠢᠯᠪᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠲᠡᠭ᠎ᠦᠨ ᠦᠵᠡᠯᠲᠡ᠎ᠶ᠋ᠢ ᠦᠢᠯᠡᠳᠦᠯᠭᠡᠵᠢᠭᠦᠯᠵᠡᠢ᠃ ᠪᠠᠭᠠᠲᠤᠷᠴᠤᠳ᠎ᠤᠨ ᠲᠡᠷᠢᠭᠦᠨ᠎ᠦ ᠦᠢᠯᠡ ᠠᠵᠢᠯᠯᠠᠭ᠎ᠠ ᠨᠢ ᠬᠥᠮᠦᠰ᠎ᠦᠨ ᠰᠡᠳᠭᠢᠯ᠎ᠢ ᠭᠦᠨ ᠳᠣᠭ᠍ᠳᠣᠯᠤᠭᠤᠯᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠪᠦᠬᠦ᠌ ᠨᠡᠢᠭᠡᠮ᠎ᠢᠶᠡᠷ᠎ᠢᠶᠡᠨ ᠥᠭᠡᠳᠡᠯᠡᠨ ᠳᠠᠪᠱᠢᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠬᠦ᠌᠎ᠶ᠋ᠢ ᠡᠷᠬᠢᠮᠯᠡᠬᠦ᠌᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠬᠦ᠌᠎ᠶ᠋ᠢ ᠳᠡᠮᠵᠢᠬᠦ᠌᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠬᠦ᠌᠎ᠳᠦ ᠣᠷᠣᠯᠴᠠᠬᠤ ᠭᠦᠨ ᠵᠤᠵᠠᠭᠠᠨ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠪᠠ᠃

ᠥᠪᠥᠷ ᠮᠣᠩᠭᠣᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ᠎ᠤᠨ ᠨᠡᠢᠳᠡᠯᠡᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠰᠠᠭᠤᠷᠢ ᠮᠥᠩᠭᠥᠨ᠎ᠦ ᠨᠡᠢᠭᠡᠮᠯᠢᠭ ᠡᠴᠡ ᠳᠠᠭᠠᠭᠠᠴᠢᠯᠠᠨ ᠡᠷᠭᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号