ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠮᠠᠨ ᠤ᠋ ᠤᠷᠤᠨ ᠤ᠋ ᠯᠢ ᠭᠡᠭᠡᠨᠵᠦ᠋ᠭ ᠪᠤᠯᠤᠨ ᠸᠠᠩ ᠱᠦᠨ ᠳᠤᠮᠳᠠᠳᠤ ᠤᠯᠤᠰ ᠤ᠋ᠨ ᠳᠠᠭᠤᠷᠢᠯᠢᠭ᠍ᠴᠢᠳ ᠤ᠋ᠨ ᠨᠡᠢᠭᠡᠮᠯᠢᠭ ᠤ᠋ᠨ 《ᠳᠠᠭᠤᠷᠢᠯᠢᠭ ᠤ᠋ᠨ ᠵᠠᠯᠠᠭᠤ ᠨᠠᠰᠤ》 ᠱᠢᠨ᠎ᠡ ᠴᠠᠭ ᠦᠶ᠎ᠡ ᠶ᠋ᠢᠨ 100 ᠵᠠᠯᠠᠭᠤ ᠴᠢᠳᠠᠪᠤᠷᠢᠲᠠᠨ ᠤ᠋ ᠵᠣᠬᠢᠶᠠᠨ ᠪᠦᠲᠦᠭᠡᠬᠦ᠌ ᠬᠤᠸᠠᠷᠠᠨ ᠤ᠋ ᠲᠥᠯᠥᠪᠯᠡᠭᠡ ᠳ᠋ᠦ ᠰᠣᠩᠭᠣᠭ᠍ᠳᠠᠪᠠ᠃
ᠯᠢ ᠭᠡᠭᠡᠨᠵᠦ᠋ᠭ ᠪᠤᠯ ᠳᠤᠮᠳᠠᠳᠤ ᠤᠯᠤᠰ ᠤ᠋ᠨ ᠲᠠᠭᠤᠷᠢᠯᠢᠬ᠍ᠴᠢᠳ ᠤ᠋ᠨ ᠨᠡᠢᠭᠡᠮᠯᠢᠭ ᠤ᠋ᠨ ᠭᠡᠱᠢᠭᠦᠨ᠂ ᠥᠪᠥᠷ ᠮᠣᠩᠭᠣᠯ ᠤ᠋ᠨ ᠲᠠᠭᠤᠷᠢᠯᠢᠬ᠍ᠴᠢᠳ ᠤ᠋ᠨ ᠨᠡᠢᠭᠡᠮᠯᠢᠭ ᠤ᠋ᠨ ᠬᠡᠷᠡᠭ ᠡᠷᠬᠢᠯᠡᠭ᠌ᠴᠢ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠳᠠᠭᠤᠷᠢᠯᠢᠭ ᠤ᠋ᠨ ᠪᠦᠯᠬᠦᠮ ᠤ᠋ᠨ ᠲᠣᠭ᠍ᠯᠠᠭ᠍ᠴᠢ ᠪᠤᠯᠤᠨ᠎ᠠ᠃ ᠲᠡᠷᠡ ᠬᠠᠷᠠᠬᠠᠨ ᠪᠠᠭ᠎ᠠ ᠡᠴᠡ ᠪᠠᠨ ᠦᠯᠢᠭᠡᠷ ᠬᠤᠯᠪᠤᠭ᠎ᠠ ᠬᠡᠯᠡᠵᠦ᠂ ᠳᠠᠭᠤᠷᠢᠯᠢᠭ ᠤ᠋ᠨ ᠲᠤᠭᠯᠠᠯᠳᠠ ᠵᠢ ᠤᠯᠠᠮᠵᠢᠯᠠᠨ ᠵᠠᠯᠭᠠᠮᠵᠢᠯᠠᠭ᠍ᠰᠠᠨ ᠤ᠋ ᠬᠠᠮᠲᠤ ᠪᠠᠰᠠ ᠱᠢᠨ᠎ᠡ ᠵᠢ ᠡᠭᠦᠳᠦᠨ᠂ ᠦᠪᠡᠷ ᠤ᠋ᠨ ᠬᠡᠰᠡᠨ ᠠᠪᠢᠶᠠᠰ ᠣᠨᠴᠠᠯᠢᠭ ᠲᠠᠶ ᠪᠣᠯᠪᠠ᠃ ᠲᠡᠬᠦᠨ ᠤ᠋ ᠬᠡᠯᠡᠭᠰᠡᠨ ᠦᠯᠢᠭᠡᠷ 《ᠲᠠᠯ᠎ᠠ ᠨᠤᠲᠤᠭ ᠤ᠋ᠨ ᠬᠥᠪᠡᠭᠦᠨ》 ᠨᠢ ᠠᠷᠪᠠᠨ ᠬᠣᠶᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠠᠭᠤᠷᠢᠯᠢᠭ ᠤ᠋ᠨ ᠬᠠᠮᠤᠭ ᠤ᠋ᠨ ᠳᠡᠭᠡᠳᠦ ᠱᠠᠩᠨᠠᠯ ᠪᠣᠯᠬᠤ ᠮᠠᠨᠳᠠᠷᠠᠸ᠎ᠠ ᠱᠠᠩᠨᠠᠯ ᠢ᠋ ᠲᠤᠰᠴᠤ᠂ 2023 ᠣᠨ ᠳ᠋ᠦ ᠲᠥᠪ ᠤ᠋ᠨ ᠤᠬᠠᠭᠤᠯᠬᠤ ᠬᠡᠯᠲᠡᠰ᠂ ᠳᠤᠮᠳᠠᠳᠤ ᠤᠯᠤᠰ ᠤ᠋ᠨ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ᠂ ᠳᠤᠮᠳᠠᠳᠤ ᠤᠯᠤᠰ ᠤ᠋ᠨ ᠳᠠᠭᠤᠷᠢᠯᠢᠭ ᠤ᠋ᠨ ᠨᠡᠢᠭᠡᠮᠯᠢᠭ ᠤ᠋ᠨ 《ᠤᠷᠠᠯᠢᠭ ᠤ᠋ᠨ ᠬᠦᠷᠢᠶᠡᠯᠡᠩ ᠤ᠋ᠨ ᠰᠣᠳᠣᠨ ᠴᠢᠳᠠᠪᠤᠷᠢᠳᠠᠨ》 ᠪᠥᠬᠥ᠌ ᠤᠯᠤᠰ ᠤ᠋ᠨ ᠱᠢᠯᠢᠳᠡᠭ ᠵᠠᠯᠠᠭᠤᠴᠤᠳ ᠤ᠋ᠨ ᠤᠷᠠᠯᠢᠭ (ᠳᠠᠭᠤᠷᠢᠯᠢᠭ) ᠤ᠋ᠨ ᠴᠢᠳᠠᠪᠤᠷᠢᠲᠠᠨ ᠤ᠋ ᠦᠵᠡᠭᠦᠯᠭᠡ ᠶ᠋ᠢᠨ ᠲᠣᠭ᠍ᠯᠠᠯᠲᠠ ᠳ᠋ᠦ ᠰᠣᠩᠭᠣᠭ᠍ᠳᠠᠪᠠ᠃ ᠪᠠᠰᠠ ᠣᠯᠠᠨ ᠪᠦᠲᠦᠭᠡᠯ ᠨᠢ ᠤᠯᠤᠰ ᠤ᠋ᠨ ᠲᠠᠰ ᠤ᠋ᠨ ᠪᠠ ᠮᠤᠵᠢ ᠶ᠋ᠢᠨ ᠲᠠᠰ ᠤ᠋ᠨ ᠡᠯ᠎ᠡ ᠲᠥᠷᠥᠯ ᠤ᠋ᠨ ᠱᠢᠯᠭᠠᠷᠠᠭᠤᠯᠤᠯᠲᠠ ᠳ᠋ᠦ ᠱᠢᠯᠢᠳᠡᠭ ᠠᠮᠵᠢᠯᠳᠠ ᠤᠯᠤᠭᠰᠠᠨ ᠪᠠ ᠭᠤᠤᠯᠳᠠᠯᠭ᠎ᠠ ᠲᠠᠶ ᠲᠡᠳᠬᠦᠬᠦ᠌ ᠲᠦᠷᠦᠯ ᠵᠦᠢᠯ ᠢ᠋ᠶ᠋ᠡᠷ ᠰᠤᠩᠭᠤᠭᠳᠠᠵᠠᠢ᠃ ᠲᠡᠷᠡ 2 ᠵᠢᠯ ᠳᠠᠷᠠᠭᠠᠯᠠᠨ ᠹᠷᠠᠨᠼᠢ ᠳ᠋ᠦ ᠬᠦᠷᠴᠦ᠍ ᠫᠠᠷᠢᠰ ᠤ᠋ᠨ ᠴᠠᠭᠠᠨ ᠰᠠᠷ᠎ᠠ ᠶ᠋ᠢᠨ ᠦᠳᠡᠱᠢᠯᠡᠭᠡ ᠳ᠋ᠦ ᠣᠷᠣᠯᠴᠠᠭᠰᠠᠨ ᠪᠠ ᠳᠤᠮᠳᠠᠳᠤ ᠤᠯᠤᠰ ᠤ᠋ᠨ ᠳᠠᠭᠤᠷᠢᠯᠢᠭ ᠤ᠋ᠨ ᠨᠡᠢᠭᠡᠮᠯᠢᠭ ᠢ᠋ ᠳᠠᠭᠠᠵᠤ ᠠᠮᠧᠷᠢᠺᠠ᠂ ᠹᠷᠠᠨᠼᠢ ᠵᠡᠷᠭᠡ ᠭᠠᠵᠠᠷ ᠲᠦ᠍ ᠣᠯᠠᠨᠲᠠ ᠬᠦᠷᠴᠦ ᠨᠥᠬᠥᠷᠰᠡᠭ ᠰᠣᠯᠢᠯᠴᠠᠭᠠᠨ ᠤ᠋ ᠲᠣᠭ᠍ᠯᠠᠯᠲᠠ ᠭᠠᠷᠭᠠᠭᠰᠠᠨ ᠪᠠᠢᠨ᠎ᠠ᠃
ᠸᠠᠩ ᠱᠦᠨ ᠪᠤᠯ ᠳᠤᠮᠳᠠᠳᠤ ᠤᠯᠤᠰ ᠤ᠋ᠨ ᠳᠠᠭᠤᠷᠢᠯᠢᠭ᠍ᠴᠢᠳ ᠤ᠋ᠨ ᠨᠡᠢᠭᠡᠮᠯᠢᠭ ᠤ᠋ᠨ ᠭᠡᠱᠢᠭᠦᠨ᠂ ᠥᠪᠥᠷ ᠮᠣᠩᠭᠣᠯ ᠤ᠋ᠨ ᠳᠠᠭᠤᠷᠢᠯᠢᠭ᠍ᠴᠢᠳ ᠤ᠋ᠨ ᠨᠡᠢᠭᠡᠮᠯᠢᠭ ᠤ᠋ᠨ ᠬᠡᠷᠡᠭ ᠡᠷᠬᠢᠯᠡᠭ᠌ᠴᠢ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠡᠯ ᠷᠧᠨ ᠲᠡᠶ ᠤᠷᠠᠯᠢᠭ ᠤ᠋ᠨ ᠪᠦᠯᠬᠦᠮ ᠤ᠋ᠨ ᠲᠣᠭ᠍ᠯᠠᠭ᠍ᠴᠢ ᠪᠤᠯᠤᠨ᠎ᠠ᠃ ᠲᠡᠷᠡ ᠣᠯᠠᠨ ᠤᠳᠠᠭ᠎ᠠ ᠤᠯᠤᠰ ᠤ᠋ᠨ ᠲᠠᠰ ᠪᠠ ᠮᠤᠵᠢ ᠶ᠋ᠢᠨ ᠲᠠᠰ ᠤ᠋ᠨ ᠳᠠᠭᠤᠷᠢᠯᠢᠭ᠂ ᠰᠢ ᠵᠦᠴᠦᠭᠡ ᠶ᠋ᠢᠨ ᠢᠷᠠᠭᠤ ᠠᠯᠳᠠᠷ ᠪᠤᠯᠤᠨ ᠱᠠᠩᠨᠠᠯ ᠢ᠋ ᠭᠥᠷᠳᠡᠵᠤ᠂ 2018 ᠣᠨ ᠳ᠋ᠦ ᠠᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠠᠭᠤᠷᠢᠯᠢᠭ ᠤ᠋ᠨ ᠮᠠᠨᠳᠠᠷᠠᠸ᠎ᠠ ᠱᠠᠩᠨᠠᠯ ᠢ᠋ ᠭᠥᠷᠳᠡᠨ᠂ 2020 ᠣᠨ ᠳ᠋ᠦ ᠪᠥᠬᠥ᠌ ᠣᠷᠣᠨ ᠤ᠋ ᠰᠢ ᠳᠠᠭᠤᠷᠢᠯᠢᠭ ᠵᠦᠴᠦᠭᠡ ᠶ᠋ᠢᠨ ᠦᠵᠡᠭᠦᠯᠭᠡ ᠶ᠋ᠢᠨ 《ᠠᠯᠲᠠᠨ ᠱᠠᠩᠨᠠᠯ》 ᠢ᠋ ᠭᠥᠷᠳᠡᠪᠡ; 2022 ᠣᠨ ᠳ᠋ᠦ ᠥᠪᠥᠷ ᠮᠣᠩᠭᠣᠯ ᠤ᠋ᠨ ᠵᠢᠷᠭᠤᠳᠤᠭᠠᠷ ᠬᠤᠭᠤᠴᠠᠭᠠᠨ ᠤ᠋ ᠡᠯ ᠷᠧᠨ ᠲᠠᠢ ᠤᠷᠠᠯᠢᠭ ᠤ᠋ᠨ ᠨᠠᠢᠷ ᠤ᠋ᠨ ᠬᠤᠪᠢ ᠬᠥᠮᠦᠨ ᠤ᠋ 《ᠲᠣᠭ᠍ᠯᠠᠯᠲᠠ ᠶ᠋ᠢᠨ ᠱᠠᠩᠨᠠᠯ》 ᠢ᠋ ᠭᠥᠷᠳᠡᠨ᠂ 2022 ᠣᠨ ᠳ᠋ᠦ ᠥᠪᠥᠷ ᠮᠣᠩᠭᠣᠯ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ 《ᠰᠠᠷᠠᠨ᠎ᠠ》 ᠱᠠᠩᠨᠠᠯ ᠤ᠋ᠨ ᠳᠠᠭᠤᠷᠢᠯᠢᠭ ᠤ᠋ᠨ ᠲᠥᠷᠥᠯ ᠤ᠋ᠨ 《ᠱᠢᠨ᠎ᠡ ᠬᠥᠮᠦᠨ ᠤ᠋ ᠱᠠᠩᠨᠠᠯ》 ᠢ᠋ ᠬᠦᠷᠳᠡᠵᠤ᠂ 2024 ᠣᠨ ᠳ᠋ᠦ ᠲᠥᠪ ᠤ᠋ᠨ ᠤᠬᠠᠭᠤᠯᠬᠤ ᠬᠡᠯᠲᠡᠰ᠂ ᠳᠤᠮᠳᠠᠳᠤ ᠤᠯᠤᠰ ᠤ᠋ᠨ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ᠂ ᠳᠤᠮᠳᠠᠳᠤ ᠤᠯᠤᠰ ᠤ᠋ᠨ ᠳᠠᠭᠤᠷᠢᠯᠢᠭ ᠤ᠋ᠨ ᠨᠡᠢᠭᠡᠮᠯᠢᠭ ᠤ᠋ᠨ 《ᠤᠷᠠᠯᠢᠭ ᠤ᠋ᠨ ᠬᠦᠷᠢᠶᠡᠯᠡᠩ ᠤ᠋ᠨ ᠰᠣᠳᠣᠨ ᠴᠢᠳᠠᠪᠤᠷᠢᠳᠠᠨ》 ᠪᠥᠬᠥ᠌ ᠤᠯᠤᠰ ᠤ᠋ᠨ ᠱᠢᠯᠢᠳᠡᠭ ᠵᠠᠯᠠᠭᠤᠴᠤᠳ ᠤ᠋ᠨ ᠤᠷᠠᠯᠢᠭ (ᠳᠠᠭᠤᠷᠢᠯᠢᠭ) ᠤ᠋ᠨ ᠴᠢᠳᠠᠪᠤᠷᠢᠲᠠᠨ ᠤ᠋ ᠦᠵᠡᠭᠦᠯᠭᠡ ᠶ᠋ᠢᠨ ᠲᠣᠭ᠍ᠯᠠᠯᠲᠠ ᠳ᠋ᠦ ᠤᠷᠤᠯᠴᠠᠬᠰᠠᠨ ᠪᠠᠢᠨ᠎ᠠ᠃