ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 3 ᠰᠠᠷ᠎ᠠ᠎ᠶ᠋ᠢᠨ 21᠎ᠤ᠋ ᠡᠳᠦᠷ ᠡᠴᠡ 23 ᠤ᠋ ᠡᠳᠦᠷ ᠪᠣᠯᠲᠠᠯ᠎ᠠ᠂ ᠠᠩᠬᠠᠳᠤᠭᠠᠷ ᠬᠤᠭᠤᠴᠠᠭᠠᠨ ᠤ 《ᠲᠦᠮᠡᠨ ᠭᠠᠵᠠᠷ᠎ᠤᠨ ᠴᠠᠶ᠎ᠶ᠋ᠢᠨ ᠵᠠᠮ》 ᠣᠯᠠᠨ ᠤᠯᠤᠰ ᠤᠨ ᠨᠡᠷᠡᠭᠦᠶ ᠨᠢᠳᠤᠷᠭ᠎ᠠ ᠶ᠋ᠢᠨ ᠤᠷᠢᠯᠭ᠎ᠠ᠎ᠶ᠋ᠢᠨ ᠤᠷᠤᠯᠳᠤᠭᠠᠨ ᠹᠦᠵᠢᠶᠠᠨ ᠮᠤᠵᠢ ᠵᠢᠨ ᠦ᠋ ᠢ ᠱᠠᠨ᠎ᠳᠤ ᠶᠠᠪᠤᠭᠳᠠᠪᠠ᠃ ᠲᠤᠰ ᠤᠷᠤᠯᠳᠤᠭᠠᠨ᠎ᠳᠦ ᠥᠪᠥᠷ ᠮᠣᠩᠭᠣᠯ ᠤᠨ ᠠᠩᠭᠢ ᠱᠢᠯᠢᠳᠡᠭ ᠬᠢᠷᠢ ᠪᠦᠲᠦᠮᠵᠢ ᠣᠯᠵᠤ᠂ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ ᠵᠢᠡᠨ ᠢᠯᠡᠷᠡᠭᠦᠯᠪᠡ᠃
ᠲᠣᠰ ᠤᠳᠠᠭᠠᠨ᠎ᠤ ᠤᠷᠤᠯᠳᠤᠭᠠᠨ᠎ᠢ ᠣᠯᠠᠨ ᠤᠯᠤᠰ᠎ᠤᠨ ᠵᠡᠪᠰᠡᠭ᠎ᠤᠨ ᠡᠷᠳᠡᠮ᠎ᠤᠨ ᠬᠤᠯᠪᠤᠭ᠎ᠠ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠭᠤᠤᠯᠯᠠᠨ ᠡᠷᠭᠢᠯᠡᠵᠦ᠂ 15 ᠤᠯᠤᠰ ᠣᠷᠣᠨ ᠵᠢᠴᠢ ᠡᠯ᠎ᠡ ᠮᠤᠵᠢ ᠣᠷᠣᠨ ᠬᠣᠲᠠ᠎ᠶ᠋ᠢᠨ 1200 ᠭᠠᠷᠤᠶ ᠲᠠᠮᠢᠷᠴᠢᠨ ᠣᠷᠣᠯᠴᠠᠵᠠᠢ᠃ ᠬᠤᠷᠴᠠ ᠱᠢᠷᠦᠭᠦᠨ ᠥᠷᠢᠰᠥᠯᠳᠦᠭᠡᠨ᠎ᠢᠶᠡᠷ ᠲᠠᠮᠵᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ ᠪᠠᠭ ᠤᠨ ᠮᠦᠷᠦᠢᠴᠡᠬᠡᠨ ᠤ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠭᠰᠡᠨ ᠵᠢᠡᠷ ᠪᠠᠷᠠᠬᠤ ᠦᠭᠡᠢ᠂ ᠬᠤᠪᠢ ᠬᠥᠮᠦᠨ᠎ᠦ ᠤᠷᠤᠯᠳᠤᠭᠠᠨ᠎ᠳᠤ ᠨᠢᠭᠡᠳᠦᠭᠡᠷ ᠳᠡᠰ᠎ᠤᠨ ᠱᠠᠩᠨᠠᠯ ᠢ 3᠂ ᠬᠣᠶᠠᠳᠤᠭᠠᠷ ᠳᠡᠰ᠎ᠤᠨ ᠱᠠᠩᠨᠠᠯ᠎ᠢ 8᠂ ᠭᠤᠷᠪᠠᠳᠤᠭᠠᠷ ᠳᠡᠰ᠎ᠤᠨ ᠱᠠᠩᠨᠠᠯ ᠢ᠋ 3 ᠬᠦᠷᠳᠡᠪᠡ᠃ ᠡᠭᠦᠨ᠎ᠳᠦ᠂ ᠡᠮᠡᠭ᠌ᠲᠡᠶ᠎ᠶ᠋ᠢᠨ ᠳᠤᠭᠤᠢᠯᠠᠩ᠎ᠤᠨ 24 ᠮᠠᠶᠢᠭ᠎ᠤᠨ ᠨᠡᠷᠡᠭᠦᠶ ᠨᠢᠳᠤᠷᠭ᠎ᠠ᠂ 32 ᠮᠠᠶᠢᠭ᠎ᠤᠨ ᠨᠡᠷᠡᠭᠦᠶ ᠨᠢᠳᠤᠷᠭ᠎ᠠ ᠵᠢᠴᠢ ᠤᠯᠠᠮᠵᠢᠯᠠᠯᠲᠤ ᠨᠡᠷᠡᠭᠦᠶ ᠨᠢᠳᠤᠷᠭ᠎ᠠ ᠵᠡᠷᠭᠡ ᠭᠤᠷᠪᠠᠨ ᠲᠥᠷᠥᠯ᠎ᠳᠦ ᠴᠦᠮ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠵᠡᠢ᠃
ᠲᠣᠰ ᠤᠷᠤᠯᠳᠤᠭᠠᠨ ᠳᠤ ᠣᠷᠣᠯᠴᠠᠭ᠍ᠰᠠᠨ᠎ᠨᠢ ᠥᠪᠥᠷ ᠮᠣᠩᠭᠣᠯ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ 《ᠲᠦᠮᠡᠨ ᠭᠠᠵᠠᠷ᠎ᠤᠨ ᠴᠠᠶ᠎ᠶ᠋ᠢᠨ ᠵᠠᠮ》᠎ᠤ᠋ᠨ ᠰᠣᠶᠣᠯ᠎ᠤᠨ ᠤᠯᠠᠮᠵᠢᠯᠠᠯ ᠪᠠ ᠰᠤᠯᠢᠯᠴᠠᠭ᠎ᠠ᠎ᠶ᠋ᠢ ᠠᠬᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠶᠡᠬᠡ ᠲᠠᠯ᠎ᠠ᠎ᠳᠤ ᠦᠶ᠋ᠯᠡᠴᠢᠯᠡᠬᠦ᠌ ᠪᠣᠳᠠᠳᠤ ᠠᠵᠢᠯᠯᠠᠭ᠎ᠠ ᠪᠠᠢᠵᠤ᠂ ᠣᠷᠣᠨ ᠨᠤᠳᠤᠭ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠨᠡᠭᠡᠭᠡᠯᠲᠡᠲᠦ ᠬᠥᠭ᠌ᠵᠢᠯᠲᠡ᠎ᠶ᠋ᠢᠨ ᠱᠢᠨ᠎ᠡ ᠳᠦᠷᠢ ᠲᠥᠷᠬᠦ᠌᠎ᠶ᠋ᠢ ᠢᠯᠡᠷᠡᠭᠦᠯᠪᠡ᠃