ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠪᠡᠯᠡ ᠣᠷᠣᠭᠤᠯᠤᠯᠲᠠ᠎ᠶ᠋ᠢᠨ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠪᠠ
2026-04-20 09:42:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠠᠯᠠ ᠣᠷᠣᠭᠤᠯᠤᠯᠲᠠ᠎ᠶ᠋ᠢᠨ ᠬᠢᠨᠠᠨ ᠵᠥᠪᠱᠢᠶᠡᠷᠡᠬᠦ᠌ ᠡᠷᠬᠡ ᠵᠢᠨ ᠬᠡᠪᠴᠢᠶ᠎ᠠ ᠵᠢ ᠲᠣᠬᠢᠷᠠᠭᠤᠯᠬᠤ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠪᠠᠯᠠ ᠣᠷᠣᠭᠤᠯᠤᠯᠲᠠ᠎ᠶ᠋ᠢᠨ ᠦᠶ᠋ᠯᠡᠴᠢᠯᠡᠭᠡ ᠳ᠋ᠤ ᠲᠥᠬᠥᠮ ᠦᠵᠡᠭᠦᠯᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠪᠥᠬᠥ᠌ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠬᠦᠴᠦᠯᠡᠨ ᠥᠷᠭᠡᠳᠭᠡᠬᠦ᠌᠎ᠶ᠋ᠢᠨ ᠲᠥᠯᠥᠭᠡ᠂ ᠲᠦᠷᠦᠭᠦᠬᠡᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠪᠠᠯᠠ ᠣᠷᠣᠭᠤᠯᠤᠯᠲᠠ᠎ᠶ᠋ᠢᠨ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠰᠠᠨᠠᠯ》 (ᠳᠣᠷᠣᠭ᠍ᠰᠢ 《ᠰᠠᠨᠠᠯ》 ᠭᠡᠵᠦ᠍ ᠳᠦᠭᠦᠮᠴᠢᠯᠡᠨ᠎ᠠ) ᠢ᠋ ᠳᠠᠷᠤᠮᠠᠯᠯᠠᠨ ᠲᠠᠷᠬᠠᠭᠠᠵᠤ᠂ ᠬᠣᠯᠪᠣᠭ᠍ᠳᠠᠯ ᠪᠥᠬᠥᠶ ᠠᠵᠢᠯ᠎ᠳᠤ ᠪᠠᠢᠷᠢᠯᠠᠭᠤᠯᠤᠯᠲᠠ ᠬᠢᠪᠠ᠃

ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠴᠢᠩᠳᠠᠯᠠᠬᠤ ᠲᠠᠯ᠎ᠠ᠎ᠪᠠᠷ᠂ 《ᠰᠠᠨᠠᠯ》 ᠳ᠋ᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠬᠢᠨᠠᠯᠲᠠ ᠲᠠᠯᠪᠢᠬᠤ ᠲᠠᠯ᠎ᠠ ᠪᠡᠷ ᠪᠦᠲᠦᠮᠵᠢᠲᠡᠶ ᠪᠥᠭᠡᠳ ᠡᠷᠬᠡ ᠲᠤᠱᠢᠶᠠᠯ᠎ᠯᠤᠭ᠎ᠠ ᠬᠠᠷᠢᠯᠴᠠᠨ ᠵᠣᠬᠢᠴᠠᠯᠳᠤᠬᠤ ᠵᠠᠷᠴᠢᠮ ᠶᠣᠰᠣᠭᠠᠷ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠡᠷᠬᠡ᠎ᠶᠢᠨ ᠬᠡᠪᠴᠢᠶ᠎ᠠ ᠵᠢ ᠱᠢᠯᠢᠳᠡᠭ᠌ᠵᠢᠭᠦᠯᠦᠨ᠎ᠡ; ᠲᠣᠭ᠍ᠲᠠᠭᠠᠯ ᠡᠴᠡ ᠵᠥᠷᠢᠴᠡᠨ ᠤᠯᠤᠰ᠎ᠤᠨ ᠥᠮᠴᠢᠯᠡᠯ ᠤ᠋ᠨ ᠠᠵᠤ ᠠᠬᠤᠢᠯᠠᠯ ᠵᠡᠷᠭᠡ᠎ᠪᠡᠷ ᠳᠠᠮᠵᠢᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠪᠤᠶᠤ ᠳᠠᠩᠰᠠᠯᠠᠭᠤᠯᠬᠤ ᠬᠡᠯᠪᠡᠷᠢ᠎ᠪᠡᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌᠎ᠡᠴᠡ ᠵᠠᠢᠯᠠᠭᠤᠯᠬᠤ᠎ᠶ᠋ᠢ ᠴᠢᠩᠭ᠎ᠠ ᠴᠠᠭᠠᠵᠠᠯᠠᠨ᠎ᠠ; ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ ᠪᠠ ᠪᠠᠯᠠ ᠣᠷᠣᠭᠤᠯᠤᠯᠲᠠ᠎ᠶ᠋ᠢᠨ ᠲᠣᠢᠮᠣ ᠲᠥᠰᠦᠪ᠎ᠢ ᠬᠢᠨᠠᠨ ᠲᠣᠭ᠍ᠲᠠᠭᠠᠬᠤ ᠪᠠᠷᠢᠮᠵᠢᠶ᠎ᠠ᠎ᠶ᠋ᠢᠨ ᠱᠢᠰᠲ᠋ᠧᠮ ᠢ᠋ ᠲᠡᠭᠦᠯᠳᠡᠷᠵᠢᠭᠦᠯᠵᠦ᠍᠂ ᠲᠥᠷᠥᠯ ᠵᠦᠶ᠋ᠯ᠎ᠦᠨ ᠲᠣᠢᠮᠣ ᠲᠥᠰᠦᠪ᠎ᠦᠨ ᠬᠢᠵᠠᠭᠠᠷᠯᠠᠯ᠎ᠢ ᠴᠢᠩᠳᠠᠯᠠᠨ᠎ᠠ; ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠦᠷᠦᠯ ᠵᠦᠢᠯ᠎ᠦᠨ ᠱᠢᠢᠳᠪᠦᠷᠢᠲᠦ ᠪᠤᠳᠤᠯᠭ᠎ᠠ᠎ᠶ᠋ᠢ ᠨᠠᠰᠤᠨ ᠲᠤᠷᠱᠢᠳᠠ ᠬᠠᠷᠢᠭᠤᠴᠠᠬᠤ ᠲᠦᠷᠢᠮ᠎ᠢ ᠬᠡᠷᠡᠭ᠌ᠵᠢᠭᠦᠯᠦᠨ᠎ᠡ ᠭᠡᠵᠤ ᠳᠤᠷᠠᠳᠴᠠᠢ᠃

ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠵᠢᠷᠤᠮᠵᠢᠭᠤᠯᠬᠤ ᠲᠠᠯ᠎ᠠ᠎ᠪᠠᠷ᠂ 《ᠰᠠᠨᠠᠯ》 ᠳ᠋ᠤ᠂ ᠵᠠᠰᠠᠭ᠎ᠤᠨ ᠣᠷᠳᠣᠨ᠎ᠤ ᠬᠢᠨᠠᠨ ᠵᠥᠪᠱᠢᠶᠡᠷᠡᠭ᠌ᠰᠡᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠭᠠᠷᠴᠠᠭ᠎ᠲᠤ ᠬᠥᠳᠡᠯᠦᠩᠭᠦᠶ᠎ᠪᠡᠷ ᠵᠠᠰᠠᠪᠤᠷᠢ ᠣᠷᠣᠭᠤᠯᠤᠨ᠎ᠠ; ᠡᠯ᠎ᠡ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠲᠥᠷᠥᠯ ᠵᠦᠢᠯ᠎ᠦᠨ ᠱᠢᠨᠵᠢ ᠴᠢᠨᠠᠷ᠂ ᠬᠣᠲᠠ ᠱᠢᠶᠠᠨ᠎ᠤ ᠳᠠᠭᠠᠭᠠᠵᠤ ᠳᠡᠢᠯᠬᠦ ᠴᠢᠳᠠᠪᠤᠷᠢ ᠵᠡᠷᠭᠡ᠎ᠶ᠋ᠢ ᠦᠨᠳᠦᠰᠦᠯᠡᠨ᠂ ᠲᠤᠰ ᠭᠠᠵᠠᠷ ᠣᠷᠣᠨ᠎ᠤ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠡᠷᠬᠡ ᠵᠢᠨ ᠬᠡᠪᠴᠢᠶ᠎ᠠ ᠵᠢ ᠵᠦᠢ ᠵᠣᠬᠢᠰᠲᠠᠶ ᠲᠣᠭ᠍ᠲᠠᠭᠠᠨ᠎ᠠ; ᠲᠥᠷᠥᠯ ᠵᠦᠶ᠋ᠯ᠎ᠦᠨ ᠳᠠᠩᠰᠠᠯᠠᠭᠤᠯᠬᠤ ᠮᠡᠳᠡᠭᠡ ᠵᠠᠩᠭᠢ ᠪᠠ ᠳᠠᠩᠰᠠᠯᠠᠬᠤ ᠭᠡᠷᠡᠴᠢ ᠪᠢᠴᠢᠭ ᠢ᠋ ᠪᠠᠷᠢᠮᠵᠢᠶᠠᠵᠢᠭᠤᠯᠬᠤ᠎ᠶ᠋ᠢ ᠠᠬᠢᠭᠤᠯᠵᠤ᠂ ᠳᠠᠩᠰᠠᠯᠠᠭᠤᠯᠬᠤ ᠮᠡᠳᠡᠭᠡ ᠵᠠᠩᠭᠢ᠎ᠶ᠋ᠢᠨ ᠪᠦᠷᠢᠨ ᠪᠦᠲᠦᠨ ᠴᠢᠨᠠᠷ᠂ ᠠᠵᠤ ᠦᠶ᠋ᠯᠡᠰ᠎ᠦᠨ ᠲᠥᠷᠥ᠎ᠶ᠋ᠢᠨ ᠪᠣᠳᠣᠯᠭ᠎ᠠ᠎ᠳ᠋ᠤ ᠨᠡᠢᠴᠡᠬᠦ᠌ ᠴᠢᠨᠠᠷ᠎ᠢ ᠬᠠᠷᠭᠤᠭᠤᠯᠤᠨ ᠪᠠᠢᠴᠠᠭᠠᠬᠤ᠎ᠶ᠋ᠢ ᠴᠢᠩᠭᠠᠳᠭᠠᠨ᠎ᠠ; ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ ᠪᠠ ᠠᠵᠤ ᠦᠶ᠋ᠯᠡᠰ᠎ᠦᠨ ᠲᠥᠷᠥ᠎ᠶ᠋ᠢᠨ ᠪᠣᠳᠣᠯᠭ᠎ᠠ᠂ ᠡᠯᠸᠮᠸᠨ᠋ᠲ᠎ᠦᠨ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠬᠠᠨ᠎ᠠ ᠭᠡᠵᠤ ᠳᠤᠷᠠᠳᠴᠠᠢ᠃

ᠪᠠᠯᠠ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠠ ᠲᠥᠷᠥᠯ ᠵᠦᠶ᠋ᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠠᠯ᠎ᠠ᠎ᠪᠠᠷ᠂ 《ᠰᠠᠨᠠᠯ》᠎ᠳ᠋ᠤ᠂ 《ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠨᠢᠭᠡ ᠶᠠᠪᠤᠳᠠᠯ》 ᠢ᠋ ᠭᠦᠨᠵᠡᠭᠡᠶ ᠠᠬᠢᠭᠤᠯᠤᠨ᠎ᠠ; ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠦᠨ ᠪᠦᠳᠦᠬᠡᠨ ᠪᠠᠢᠭᠤᠯᠬᠤ ᠮᠡᠳᠡᠭᠦᠯᠦᠯᠳᠠ ᠵᠢ ᠬᠢᠨᠠᠨ ᠵᠥᠪᠱᠢᠶᠡᠷᠡᠬᠦ᠌ ᠵᠦᠢᠯᠡᠰ᠎ᠢ ᠤᠯᠠᠮ ᠨᠢᠭᠡ ᠠᠯᠬᠤᠮ ᠴᠣᠮᠬᠠᠳᠭᠠᠵᠤ᠂ ᠠᠳᠠᠯᠢ ᠨᠢᠭᠡᠨ ᠰᠠᠯᠠᠭ᠎ᠠ ᠮᠥᠴᠢᠷ᠎ᠦᠨ ᠨᠡᠢᠯᠡᠭᠦᠯᠦᠨ ᠬᠢᠨᠠᠨ ᠵᠥᠪᠱᠢᠶᠡᠷᠡᠭ᠌ᠰᠡᠨ ᠪᠦᠳᠦᠬᠡᠨ ᠪᠠᠢᠭᠤᠯᠬᠤ ᠮᠡᠳᠡᠭᠦᠯᠦᠯᠳᠠ ᠵᠢᠨ ᠵᠦᠢᠯᠡᠰ᠎ᠢ ᠨᠡᠢᠯᠡᠭᠦᠯᠦᠨ ᠭᠦᠢᠴᠡᠳᠭᠡᠨ᠎ᠡ; ᠲᠥᠷᠥᠯ ᠵᠦᠢᠯ᠎ᠦᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠬᠤ ᠡᠴᠡ ᠵᠠᠢᠯᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠳᠠ ᠬᠦᠯᠢᠶᠡᠬᠦ ᠭᠤᠬᠴᠤᠭ᠎ᠠ ᠳ᠋ᠤ ᠬᠠᠷᠢᠯᠴᠠᠨ ᠰᠦᠯᠪᠡᠭᠡᠯᠡᠨ ᠬᠠᠭᠤᠷᠮᠠᠭᠯᠠᠬᠤ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ; ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠦᠯᠲᠡ ᠬᠠᠮᠢᠶᠠᠷᠤᠯᠲᠠ᠎ᠶ᠋ᠢ ᠴᠢᠩᠭᠠᠳᠭᠠᠵᠤ᠂ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠳ᠋ᠤ ᠮᠡᠳᠡᠭᠡ ᠵᠠᠩᠭᠢ᠎ᠶ᠋ᠢ ᠲᠠᠭ᠍ᠯᠠᠨ ᠮᠡᠳᠡᠭᠦᠯᠬᠦ᠌ ᠵᠢ ᠬᠡᠷᠡᠭᠵᠢᠬᠦᠯᠬᠦ ᠵᠡᠷᠭᠡ ᠲᠦᠷᠢᠮ᠎ᠢ ᠲᠡᠭᠦᠯᠳᠡᠷᠵᠢᠭᠦᠯᠦᠨ᠎ᠡ ᠭᠡᠵᠤ ᠳᠤᠷᠠᠳᠪᠠ᠃

ᠲᠥᠷᠥᠯ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠪᠠ ᠦᠨᠡᠯᠡᠯᠲᠡ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠲᠠᠯ᠎ᠠ᠎ᠪᠠᠷ᠂ 《ᠰᠠᠨᠠᠯ》 ᠳ᠋ᠤ᠂ ᠲᠥᠷᠥᠯ ᠵᠦᠶ᠋ᠯ᠎ᠦᠨ ᠪᠥᠬᠥ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠪᠠᠯᠠ ᠣᠷᠣᠭᠤᠯᠤᠯᠲᠠ᠎ᠶ᠋ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠭᠦᠶ᠋ᠴᠡᠳᠭᠡᠵᠦ᠍᠂ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠭᠦᠶ᠋ᠴᠡᠳᠭᠡᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠭᠦᠶ᠋ᠴᠡᠳᠭᠡᠨ᠎ᠡ; ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠲᠠᠶ ᠵᠣᠬᠢᠴᠠᠭ᠍ᠰᠠᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ᠎ᠶ᠋ᠢ ᠶᠡᠷᠦᠩᠬᠡᠢᠯᠡᠨ ᠦᠨᠡᠯᠡᠬᠦ᠌ ᠪᠠ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠲᠦᠷᠢᠮ᠎ᠢ ᠪᠠᠢᠭᠤᠯᠵᠤ᠂ ᠪᠠᠯᠠ ᠣᠷᠣᠭᠤᠯᠤᠯᠲᠠ᠎ᠶ᠋ᠢᠨ ᠱᠢᠶ᠋ᠳᠪᠦᠷᠢᠲᠦ ᠪᠣᠳᠣᠯᠭ᠎ᠠ ᠲᠤᠬᠳᠠᠭᠠᠬᠤ ᠪᠠ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠪᠦᠲᠦᠮᠵᠢᠲᠡᠶ ᠲᠤᠯᠭᠠᠭᠤᠷᠢᠯᠠᠨ᠎ᠠ ᠭᠡᠵᠤ ᠳᠤᠷᠠᠳᠴᠠᠢ᠃

《ᠰᠠᠨᠠᠯ》 ᠳ᠋ᠤ᠂ ᠪᠠᠯᠠ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ ᠬᠢᠭᠡᠳ ᠲᠥᠷᠥᠯ ᠵᠦᠶ᠋ᠯ᠎ᠦᠨ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠲᠣᠭ᠍ᠲᠠᠴᠠ᠎ᠶ᠋ᠢᠨ ᠥᠭᠡᠷᠡᠴᠢᠯᠡᠯᠲᠡ᠂ ᠭᠤᠤᠯᠳᠠᠯᠭ᠎ᠠ᠎ᠲᠠᠶ ᠬᠦᠷᠢᠶᠡᠨ᠎ᠦ ᠦᠨ᠎ᠡ ᠬᠠᠩᠰᠢ ᠵᠠᠷᠤᠳᠠᠯ ᠤ᠋ᠨ ᠥᠭᠡᠷᠡᠴᠢᠯᠡᠯᠲᠡ ᠵᠡᠷᠭᠡ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠨᠡᠢᠯᠡᠯ ᠦᠶ᠋ᠯᠡᠳᠦᠯ᠎ᠢ ᠨᠠᠩ ᠰᠠᠢᠳᠤᠷ ᠪᠠᠳᠠᠷᠠᠭᠤᠯᠬᠤ ᠬᠡᠷᠡᠭ᠌ᠲᠡᠶ᠃ ᠡᠯ᠎ᠡ ᠭᠠᠵᠠᠷ ᠣᠷᠣᠨ᠂ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠶ᠋ᠢᠨ ᠬᠤᠪᠢᠶᠠᠷᠢᠯᠠᠯ ᠶᠣᠰᠣᠭᠠᠷ ᠲᠤᠰ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠪᠠᠯᠠ ᠣᠷᠣᠭᠤᠯᠤᠯᠲᠠ᠎ᠶ᠋ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠵᠢᠯᠣᠭᠣᠳᠭᠤ᠎ᠪᠠᠨ ᠴᠢᠩᠭᠠᠳᠭᠠᠵᠤ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶ᠋ᠢ ᠬᠠᠮᠲᠤ ᠪᠠᠷ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃

 (ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号