2026 ᠣᠨ᠎ᠤ᠋ ᠶᠡᠬᠡ ᠳᠡᠭᠡᠳᠦ ᠰᠤᠷᠭᠠᠭᠤᠯᠢ᠎ᠵᠢᠨ ᠳᠤᠰᠬᠠᠢ ᠲᠦᠯᠦᠪᠯᠡᠬᠡ ᠪᠡᠷ ᠰᠤᠷᠤᠭᠴᠢ ᠡᠯᠰᠡᠬᠦ ᠲᠥᠷᠥ᠎ᠶᠢᠨ ᠪᠤᠳᠤᠯᠭ᠎ᠠ ᠳ᠋ᠤ ᠰᠢᠨ᠎ᠡ ᠬᠤᠪᠢᠷᠠᠯᠳᠠ ᠳᠠᠢ ᠪᠤᠯᠪᠠ
2026-04-20 17:05:56
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

 ᠲᠦᠷᠦᠭᠦᠬᠡᠨ᠂ ᠰᠤᠷᠭᠠᠨ ᠬᠥᠮᠦᠵᠢᠯ᠎ᠦᠨ ᠶᠠᠮᠤᠨ ᠮᠡᠳᠡᠭᠳᠡᠯ ᠨᠡᠢᠲᠡᠯᠡᠵᠦ᠂ 2026 ᠣᠨ  ᠠ᠋ᠴᠠ ᠡᠬᠢᠯᠡᠨ ᠶᠡᠬᠡ ᠳᠡᠭᠡᠳᠦ ᠰᠤᠷᠭᠠᠭᠤᠯᠢ ᠵᠢᠨ ᠲᠤᠰᠬᠠᠢ ᠲᠥᠯᠥᠪᠯᠡᠭᠡ᠎ᠪᠡᠷ ᠰᠤᠷᠤᠭᠴᠢ ᠡᠯᠰᠡᠬᠦ ᠳ᠋ᠤ ᠨᠡᠷ᠎ᠡ ᠮᠡᠳᠡᠭᠦᠯᠬᠦ᠂ ᠬᠢᠷᠢ ᠬᠡᠮ᠎ᠢ ᠬᠢᠨᠠᠨ ᠬᠠᠷᠭᠤᠭᠤᠯᠬᠤ ᠪᠠ ᠰᠤᠷᠭᠠᠭᠤᠯᠢ᠎ᠶᠢᠨ ᠰᠢᠯᠭᠠᠯᠲᠠ᠎ᠶᠢ ᠳᠠᠭᠢᠵᠤ ᠵᠣᠬᠢᠶᠠᠨ ᠪᠠᠶ᠋ᠢᠭᠤᠯᠬᠤ ᠦᠭᠡᠢ᠂ ᠰᠣᠷᠣᠭ᠍ᠴᠢ ᠡᠯᠰᠡᠬᠦ ᠲᠣᠪᠴᠢ ᠳᠦᠷᠢᠮ᠎ᠢ ᠲᠤᠰᠠᠭᠠᠷ ᠨᠡᠢᠲᠡᠯᠡᠬᠦ ᠦᠭᠡᠢ᠂ ᠰᠣᠷᠣᠭ᠍ᠴᠢ ᠡᠯᠰᠡᠬᠦ ᠶᠡᠬᠡ ᠳᠡᠭᠡᠳᠦ ᠰᠤᠷᠭᠠᠭᠤᠯᠢ ᠪᠠ ᠰᠣᠷᠣᠭ᠍ᠴᠢ ᠡᠯᠰᠡᠬᠦ ᠮᠤᠵᠢ ᠣᠷᠣᠨ ᠬᠤᠪᠢᠷᠠᠯᠳᠠ ᠦᠬᠡᠢ ᠬᠡᠪᠡ᠃

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠰᠢᠯᠭᠠᠭᠤᠯᠤᠭ᠍ᠴᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠳᠤ ᠨᠡᠷ᠎ᠡ ᠮᠡᠳᠡᠭᠦᠯᠬᠦ᠎ᠳᠡᠭᠡᠨ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠲᠥᠯᠥᠪᠯᠡᠭᠡ ᠪᠡᠷ ᠰᠤᠷᠤᠭᠴᠢ ᠡᠯᠰᠡᠬᠦ ᠬᠢᠷᠢ ᠬᠡᠮ᠎ᠢ ᠡᠷᠡᠮᠡᠯᠵᠡᠵᠦ ᠪᠤᠯᠤᠨ᠎ᠠ᠂ ᠡᠬᠦᠨ᠎ᠤ ᠬᠠᠮᠲᠤ ᠬᠢᠨᠠᠨ ᠬᠠᠷᠭᠤᠭᠤᠯᠬᠤ ᠮᠠᠲᠧᠷᠢᠶᠠᠯ᠎ᠢᠶᠠᠨ ᠲᠤᠰᠢᠶᠠᠵᠤ᠂ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠡᠴᠡ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠬᠠᠷᠭᠤᠭᠤᠯᠤᠨ᠎ᠠ᠃ ᠰᠣᠷᠣᠭ᠍ᠴᠢ ᠡᠯᠰᠡᠬᠦ ᠶᠡᠬᠡ ᠳᠡᠭᠡᠳᠦ ᠰᠤᠷᠭᠠᠭᠤᠯᠢ ᠮᠤᠵᠢ ᠬᠤᠪᠢᠶᠠᠨ ᠲᠤᠰᠬᠠᠢ ᠮᠡᠷᠭᠡᠵᠢᠯ ᠬᠤᠪᠢᠶᠠᠨ ᠰᠣᠷᠣᠭ᠍ᠴᠢ ᠡᠯᠰᠡᠬᠦ ᠲᠥᠯᠥᠪᠯᠡᠭᠡ᠎ᠶᠢ ᠨᠠᠢᠷᠠᠭᠤᠯᠤᠨ ᠵᠣᠬᠢᠶᠠᠵᠤ᠂ ᠰᠢᠯᠭᠠᠭᠤᠯᠤᠭ᠍ᠴᠢ᠎ᠶᠢᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠬᠢᠷᠢ ᠪᠦᠲᠦᠮᠵᠢ᠂ ᠡᠷᠡᠮᠡᠯᠵᠡᠯ ᠪᠠ ᠡᠯᠰᠡᠬᠦ ᠳᠦᠷᠢᠮ᠎ᠢ ᠦᠨᠳᠦᠰᠦᠯᠡᠨ ᠡᠯᠰᠡᠨ᠎ᠡ᠂ ᠡᠯᠰᠡᠬᠦ ᠬᠤᠪᠢ᠎ᠵᠢ ᠣᠨᠴᠠᠭᠠᠶ ᠲᠥᠷᠥᠯ ᠬᠡᠯᠪᠡᠷᠢ᠎ᠶᠢᠨ ᠰᠣᠷᠣᠭ᠍ᠴᠢ ᠡᠯᠰᠡᠬᠦ ᠬᠢᠵᠠᠭᠠᠷᠯᠠᠬᠤ ᠬᠤᠪᠢ᠎ᠠᠴᠠ ᠳᠣᠣᠷ᠎ᠠ ᠪᠠᠢᠯᠭᠠᠵᠤ ᠪᠣᠯᠬᠤ ᠦᠭᠡᠢ᠃ ᠰᠢᠯᠭᠠᠭᠤᠯᠤᠭ᠍ᠴᠢ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠳᠦᠷᠢᠮ᠎ᠢ ᠪᠠᠢᠴᠠᠭᠠᠨ ᠦᠵᠡᠵᠦ᠂ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠲᠦᠯᠦᠪᠯᠡᠬᠡ ᠪᠡᠷ ᠰᠣᠷᠣᠭ᠍ᠴᠢ ᠡᠯᠰᠡᠬᠦ ᠪᠣᠳᠠᠲᠠᠢ ᠬᠤᠪᠢ᠎ᠶᠢᠨ ᠱᠠᠭᠠᠷᠳᠠᠯᠭ᠎ᠠ᠎ᠶᠢ ᠲᠣᠳᠣᠷᠬᠠᠢ ᠤᠢᠯᠠᠭᠠᠵᠤ ᠪᠤᠯᠤᠨ᠎ᠠ᠃ ᠲᠣᠭᠲᠠᠭᠠᠯ ᠶᠣᠰᠣᠭᠠᠷ᠂ ᠥᠩᠭᠡᠷᠡᠭᠰᠡᠨ ᠵᠢᠯ᠎ᠦᠳ᠎ᠲᠦ ᠲᠤᠰᠬᠠᠢ ᠲᠥᠯᠥᠪᠯᠡᠭᠡ᠎ᠪᠡᠷ ᠶᠡᠬᠡ ᠰᠤᠷᠭᠠᠭᠤᠯᠢ ᠳ᠋ᠤ ᠡᠯᠰᠡᠭᠳᠡᠭᠰᠡᠨ᠎ᠦ ᠳᠠᠷᠠᠭ᠎ᠠ ᠰᠤᠷᠭᠠᠭᠤᠯᠢ᠎ᠳᠤ ᠣᠷᠣᠬᠤ ᠬᠢᠷᠢ ᠬᠡᠮ᠎ᠢᠶᠡᠨ ᠬᠠᠶᠠᠭᠰᠠᠨ ᠪᠤᠶᠤ ᠰᠤᠷᠤᠯᠭ᠎ᠠ᠎ᠪᠠᠨ ᠵᠣᠭᠰᠣᠭᠰᠠᠨ ᠰᠢᠯᠭᠠᠭᠤᠯᠤᠭ᠍ᠴᠢ᠎ᠳᠤ ᠲᠤᠰᠬᠠᠢ ᠲᠥᠯᠥᠪᠯᠡᠭᠡ᠎ᠪᠡᠷ ᠰᠢᠯᠭᠠᠯᠲᠠ᠎ᠳᠤ ᠨᠡᠷ᠎ᠡ ᠮᠡᠳᠡᠭᠦᠯᠬᠦ ᠬᠢᠷᠢ ᠬᠡᠮ ᠦᠭᠡᠢ ᠪᠣᠯᠵᠠᠢ᠃

ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠲᠥᠯᠥᠪᠯᠡᠭᠡ᠎ᠪᠡᠷ ᠰᠤᠷᠤᠭᠴᠢ ᠡᠯᠰᠡᠬᠦ ᠵᠢ ᠬᠡᠷᠡᠭᠵᠢᠭᠦᠯᠬᠦ ᠪᠡᠷ ᠲᠣᠭᠲᠠᠭᠠᠭᠰᠠᠨ ᠬᠣᠰᠢᠭᠤ ᠰᠢᠶᠠᠨ (ᠬᠣᠲᠠ᠂ ᠲᠣᠭᠣᠷᠢᠭ᠋) 80 ᠪᠤᠢ᠃  ᠨᠡᠷ᠎ᠡ ᠮᠡᠳᠡᠭᠦᠯᠬᠦ ᠰᠣᠷᠣᠭ᠍ᠴᠢ ᠡᠷᠬᠡᠪᠰᠢ ᠭᠤᠷᠪᠠᠨ ᠵᠦᠢᠯ᠎ᠦᠨ ᠦᠨᠳᠦᠰᠦᠨ ᠨᠥᠬᠥᠴᠡᠯ᠎ᠢ ᠬᠠᠮᠲᠤ ᠳ᠋ᠤᠨᠢ ᠪᠦᠷᠢᠯᠳᠦᠭᠦᠯᠬᠦ ᠬᠡᠷᠡᠭᠲᠡᠢ᠄ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠰᠢᠯᠭᠠᠯᠲᠠ᠎ᠳᠤ ᠨᠡᠷ᠎ᠡ ᠮᠡᠳᠡᠬᠦᠯᠦᠭᠰᠡᠨ ᠪᠠᠢᠬᠤ ᠬᠡᠷᠡᠭᠲᠡᠢ; ᠲᠣᠰ ᠬᠥᠮᠥᠨ ᠵᠢᠴᠢ ᠡᠴᠢᠭᠡ ᠡᠬᠡ ᠪᠤᠶᠤ ᠬᠠᠤᠯᠢ᠎ᠪᠠᠷ ᠲᠣᠭᠲᠠᠭᠠᠭᠰᠠᠨ ᠬᠢᠨᠠᠨ ᠬᠠᠮᠠᠭᠠᠯᠠᠭ᠍ᠴᠢ᠎ᠶᠢᠨ ᠡᠷᠦᠬᠡ ᠠᠮᠠ᠎ᠶᠢᠨ ᠲᠠᠩᠰᠠ ᠨᠢ ᠳᠤᠰᠬᠠᠢ ᠲᠦᠯᠦᠪᠯᠡᠬᠡ ᠪᠡᠷ ᠰᠤᠷᠤᠭᠴᠢ ᠡᠯᠰᠡᠬᠦ ᠵᠢ ᠬᠡᠷᠡᠭᠵᠢᠭᠦᠯᠵᠦ ᠪᠠᠢᠭ᠎ᠠ ᠭᠠᠵᠠᠷ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠳᠤ ᠪᠠᠢᠵᠤ᠂ ᠲᠣᠰ ᠬᠥᠮᠥᠨ ᠨᠢ ᠴᠤ᠌ ᠲᠤᠬᠠᠢ᠎ᠶᠢᠨ ᠭᠠᠵᠠᠷ᠎ᠲᠤ ᠵᠠᠯᠭᠠᠭ᠎ᠠ᠎ᠪᠠᠷ 3 ᠵᠢᠯ᠎ᠡᠴᠡ ᠳᠡᠭᠡᠭᠰᠢ ᠡᠷᠦᠬᠡ ᠠᠮᠠ᠎ᠶᠢᠨ ᠲᠠᠩᠰᠠ᠎ᠲᠠᠢ ᠪᠠᠢᠬᠤ ᠬᠡᠷᠡᠭᠲᠡᠢ; ᠲᠣᠰ ᠬᠥᠮᠥᠨ ᠡᠷᠦᠬᠡ ᠠᠮᠠ᠎ᠶᠢᠨ ᠳᠠᠩᠰᠠ ᠪᠠᠢᠭ᠎ᠠ ᠬᠣᠰᠢᠭᠤ ᠰᠢᠶᠠᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠵᠠᠯᠭᠠᠭ᠎ᠠ᠎ᠪᠠᠷ 3 ᠵᠢᠯ ᠰᠤᠷᠤᠯᠭ᠎ᠠ᠎ᠶᠢᠨ ᠬᠠᠷᠢᠶ᠎ᠠ᠎ᠲᠠᠢ ᠪᠥᠭᠡᠳ ᠪᠣᠳᠠᠲᠠᠢ ᠰᠤᠷᠤᠯᠴᠠᠭᠰᠠᠨ ᠪᠠᠢᠬᠤ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号