ᠥᠪᠥᠷ ᠮᠣᠩᠭᠣᠯ ᠨᠠᠢ᠍ᠮᠠᠨ ᠵᠦᠢᠯ᠎ᠤᠨ ᠠᠷᠭ᠎ᠠ ᠬᠡᠮᠵᠢᠶ᠎ᠡ᠎ᠪᠡᠷ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠦᠮᠦᠵᠢᠯ᠎ᠤᠨ ᠣᠢᠯᠠᠭᠠᠭᠳᠠᠬᠤᠨ᠎ᠢ ᠨᠠᠢᠳᠠᠪᠤᠷᠢᠵᠢᠭᠤᠯᠵᠤ ᠪᠠᠢᠨ᠎ᠠ
2026-04-20 10:25:49
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 15 ᠎ᠤ᠋ ᠡᠳᠦᠷ ᠬᠤᠷᠠᠯᠳᠤᠭᠤᠯᠤᠭᠰᠠᠨ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠠᠵᠢᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ  ᠬᠤᠷᠠᠯ ᠎ᠠᠴᠠ ᠨᠠᠢ᠍ᠮᠠᠨ ᠵᠦᠢᠯ᠎ᠦᠨ ᠠᠷᠭ᠎ᠠ ᠬᠡᠮᠵᠢᠶ᠎ᠡ᠎ᠶᠢ ᠪᠠᠢᠷᠢᠯᠠᠭᠤᠯᠤᠨ ᠬᠡᠷᠡᠭᠵᠢᠭᠦᠯᠬᠦ ᠵᠢ ᠴᠢᠬᠤᠯᠠᠴᠢᠯᠠᠪᠠ᠃

ᠬᠤᠷᠠᠯ᠎ᠠᠴᠠ᠂ ᠰᠤᠷᠤᠭ᠍ᠴᠢᠳ᠎ᠤᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ ᠡᠳᠦᠷ ᠪᠦᠷᠢ ᠨᠢᠭᠡ ᠴᠠᠭ᠎ᠤᠨ ᠪᠡᠶ᠎ᠡ᠎ᠶᠢᠨ ᠲᠠᠮᠢᠷ ᠪᠠ ᠡᠷᠡᠭᠦᠯ ᠮᠡᠨᠳᠦ᠎ᠶᠢᠨ ᠬᠢᠴᠢᠶᠡᠯ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠳᠤ 2026 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠠᠴᠠ ᠡᠬᠢᠯᠡᠨ ᠭᠠᠷᠠᠭ ᠪᠦᠷᠢ 3 ᠴᠠᠭ᠎ᠤᠨ ᠪᠡᠶ᠎ᠡ᠎ᠶᠢᠨ ᠲᠠᠮᠢᠷ ᠪᠠ ᠡᠷᠡᠭᠦᠯ ᠮᠡᠨᠳᠦ᠎ᠶᠢᠨ ᠬᠢᠴᠢᠶᠡᠯ᠎ᠦᠨ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ᠎ᠡᠳᠦᠷ ᠪᠦᠷᠢ ᠵᠢᠨ ᠰᠤᠷᠭᠠᠭᠤᠯᠢ᠎ᠶᠢᠨ ᠬᠦᠷᠢᠶᠡᠨ ᠳ᠋ᠡᠬᠢ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠴᠠᠭ᠎ᠢ 2 ᠴᠠᠭ᠎ᠠᠴᠠ ᠳᠣᠣᠷ᠎ᠠ ᠪᠠᠢᠯᠭᠠᠬᠤ ᠦᠭᠡᠢ ᠪᠠᠢᠬᠤ᠎ᠶᠢ ᠪᠠᠲᠤᠯᠠᠬᠤ ᠬᠡᠷᠡᠭᠳᠡᠢ; ᠤᠷᠠᠯᠢᠭ᠋᠎ᠤᠨ ᠬᠢᠴᠢᠶᠡᠯ᠎ᠢ ᠪᠦᠷᠢᠨ ᠭᠦᠢᠴᠡᠳ ᠨᠡᠭᠡᠭᠡᠵᠦ᠂ ᠰᠢᠨᠵᠢᠯᠡᠭᠡᠨ᠎ᠦ ᠰᠠᠯᠠᠭ᠎ᠠ᠎ᠪᠠ ᠭᠤᠸ᠎ᠠ ᠰᠠᠢᠬᠠᠨ᠎ᠤ ᠬᠥᠮᠦᠵᠢᠯ᠎ᠦᠨ ᠵᠢᠭᠠᠨ ᠰᠤᠷᠭᠠᠯᠲᠠ᠎ᠶᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ ᠬᠥᠮᠥᠨ ᠪᠦᠬᠦᠨ᠎ᠳᠦ ᠬᠠᠨᠳᠤᠭᠤᠯᠤᠭᠰᠠᠨ ᠤᠷᠠᠯᠢᠭ᠋᠎ᠤᠨ ᠦᠵᠡᠭᠦᠯᠭᠡ᠎ᠶᠢᠨ ᠲᠣᠭᠯᠠᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠰᠤᠷᠤᠭ᠍ᠴᠢᠳ᠎ᠤᠨ ᠰᠣᠶᠣᠯ᠎ᠤᠨ ᠢᠲᠡᠭᠡᠯ ᠪᠠ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠬᠤ ᠬᠡᠷᠡᠭᠲᠡᠢ; ᠬᠥᠳᠡᠯᠮᠦᠷᠢ᠎ᠶᠢᠨ ᠵᠠᠪᠠᠯ ᠰᠤᠷᠬᠤ ᠬᠢᠴᠢᠶᠡᠯ᠎ᠢ ᠪᠦᠷᠢᠨ ᠭᠦᠢᠴᠡᠳ ᠨᠡᠭᠡᠭᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠯᠮᠦᠷᠢ᠎ᠶᠢᠨ ᠦᠢᠯᠡᠳᠦᠯᠭᠡ᠎ᠶᠢᠨ ᠲᠠᠯᠠᠪᠤᠷ᠎ᠢ ᠥᠷᠭᠡᠳᠬᠡᠵᠦ᠂ ᠬᠥᠳᠡᠯᠮᠦᠷᠢ᠎ᠶᠢᠨ ᠬᠡᠪ ᠪᠣᠯᠪᠠᠰᠤᠷᠠᠯ᠎ᠢ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠰᠢᠰᠲᠧᠮ ᠵᠡᠷᠭᠡ᠎ᠳᠦ ᠣᠷᠣᠭᠤᠯᠵᠤ᠂ ᠬᠥᠳᠡᠯᠮᠦᠷᠢ᠎ᠶᠢ ᠡᠷᠬᠢᠮᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ; 《 ᠥᠪᠡᠷᠲᠡᠭᠡᠨ ᠵᠠᠰᠠᠬᠤ ᠣᠷᠣᠨ ︱ ᠠᠢᠮᠠᠭ ᠬᠣᠲᠠ ︱ ᠬᠣᠰᠢᠭᠤ ᠰᠢᠶᠠᠨ ︱ ᠰᠤᠷᠭᠠᠭᠤᠯᠢ》 ᠳᠥᠷᠪᠡᠨ ᠱᠠᠲᠤᠨ᠎ᠤ ᠰᠡᠳᠬᠢᠴᠡ᠎ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠤᠷ ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠬᠢᠴᠢᠶᠡᠯ᠎ᠦᠨ ᠪᠠᠢᠭᠤᠯᠤᠯᠲᠠ᠎ᠶᠢ ᠴᠢᠩᠭᠠᠳᠬᠠᠨ᠂  ᠭᠡᠷ᠎ᠲᠡᠬᠡᠨ ᠬᠣᠴᠣᠷᠤᠭᠰᠠᠨ ᠬᠡᠦᠬᠡᠳ ᠵᠡᠷᠭᠡ ᠣᠨᠴᠠᠭᠠᠶ ᠬᠦᠮᠦᠰ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢ ᠣᠨᠴᠠᠭᠠᠢᠯᠠᠨ ᠠᠩᠬᠠᠷᠬᠤ ᠬᠡᠷᠡᠭᠲᠡᠢ; ᠣᠢᠷ᠎ᠠ ᠬᠠᠷᠠᠭ᠎ᠠ᠎ᠶᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠭᠠᠷ ᠤᠲᠠᠰᠤ᠂ ᠳᠠᠰᠬᠠᠯ᠂ ᠰᠢᠯᠭᠠᠯᠲᠠ᠂ ᠤᠨᠲᠠᠯᠭ᠎ᠠ᠂ ᠤᠩᠰᠢᠬᠤ ᠪᠢᠴᠢᠭ ᠪᠠ ᠪᠡᠶ᠎ᠡ ᠮᠠᠬᠠᠪᠤᠳ ᠵᠡᠷᠭᠡ᠎ᠶᠢᠨ ᠬᠠᠮᠢᠶᠠᠷᠤᠯᠲᠠ᠎ᠶᠢ ᠴᠢᠩᠭ᠎ᠠ ᠨᠠᠢᠳᠠᠪᠤᠷᠢᠵᠢᠭᠤᠯᠵᠤ᠂ 《ᠰᠤᠷᠭᠠᠭᠤᠯᠢ᠎ᠶᠢᠨ ᠭᠡᠭᠡᠨ ᠰᠠᠷᠠᠭᠤᠯ ᠢᠨᠵᠧᠨᠧᠷᠢᠩ》᠎ᠢ᠋ ᠭᠦᠨᠵᠡᠭᠡᠢ ᠬᠡᠷᠡᠭᠵᠢᠭᠦᠯᠵᠦ᠂ ᠰᠤᠷᠤᠭ᠍ᠴᠢᠳ᠎ᠲᠤ ᠰᠠᠢᠨ ᠰᠠᠢᠬᠠᠨ ᠬᠠᠷᠠᠭᠠᠨ ᠰᠡᠷᠡᠯ᠎ᠦᠨ ᠣᠷᠴᠢᠨ ᠲᠣᠭᠣᠷᠢᠨ᠎ᠢ ᠡᠭᠦᠳᠴᠦ ᠥᠭᠬᠦ ᠬᠡᠷᠡᠭᠲᠡᠢ; ᠪᠡᠶ᠎ᠡ᠎ᠶᠢᠨ ᠬᠦᠨᠳᠦ᠎ᠶᠢᠨ ᠬᠠᠮᠢᠶᠠᠷᠤᠯᠲᠠ᠎ᠶᠢᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠰᠤᠷᠤᠭ᠍ᠴᠢᠳ᠎ᠤᠨ ᠵᠦᠢ ᠵᠣᠬᠢᠰᠲᠠᠢ ᠬᠣᠭᠣᠯᠠ ᠤᠮᠳᠠ ᠪᠠ ᠰᠢᠮ᠎ᠡ ᠲᠡᠵᠢᠭᠡᠯ ᠡᠷᠡᠭᠦᠯ ᠮᠡᠨᠳᠦ᠎ᠶᠢᠨ ᠬᠥᠮᠦᠵᠢᠯ᠎ᠢ ᠴᠢᠩᠭᠠᠳᠬᠠᠬᠤ ᠬᠡᠷᠡᠭᠲᠡᠢ; 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠵᠢ ᠴᠡᠭᠴᠡᠯᠡᠨ ᠵᠠᠰᠠᠭᠰᠠᠨ ᠦᠷ᠎ᠡ ᠪᠦᠲᠦᠮᠵᠢ᠎ᠶᠢ ᠪᠡᠬᠢᠵᠢᠭᠦᠯᠵᠦ᠂ ᠰᠤᠷᠭᠠᠭᠤᠯᠢ᠎ᠶᠢᠨ ᠬᠣᠭᠣᠯᠠᠨ ᠭᠡᠷ᠎ᠦᠨ ᠵᠢᠷᠤᠮᠵᠢᠭ᠍ᠰᠠᠨ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ; ᠠᠮᠢ ᠨᠠᠰᠤᠨ᠎ᠤ ᠠᠮᠤᠷ ᠲᠦᠪᠰᠢᠨ ᠪᠠ ᠡᠷᠡᠭᠦᠯ ᠮᠡᠨᠳᠦ᠎ᠶᠢᠨ ᠬᠥᠮᠦᠵᠢᠯ᠎ᠢ ᠴᠢᠩᠭᠠᠳᠬᠠᠵᠤ᠂ ᠡᠯ᠎ᠡ ᠰᠤᠷᠤᠯᠭ᠎ᠠ᠎ᠶᠢᠨ ᠱᠠᠲᠤᠨ᠎ᠤ ᠡᠷᠡᠭᠦᠯ ᠮᠡᠨᠳᠦ᠎ᠶᠢᠨ ᠬᠥᠮᠦᠵᠢᠯ᠎ᠦᠨ ᠠᠭᠤᠯᠭ᠎ᠠ ᠪᠠ ᠬᠡᠯᠪᠡᠷᠢ᠎ᠶᠢ ᠲᠠᠰ ᠬᠤᠪᠢᠶᠠᠨ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ ᠤᠰᠤᠨ᠎ᠳᠤ ᠴᠠᠴᠠᠬᠤ᠎ᠶᠢ ᠰᠡᠷᠭᠡᠢᠯᠡᠬᠦ ᠂ ᠵᠠᠮ ᠬᠠᠷᠢᠯᠴᠠᠭᠠᠨ᠎ᠤ ᠭᠡᠮᠲᠦᠯ᠎ᠢ ᠰᠡᠷᠭᠡᠢᠯᠡᠬᠦ᠂ ᠳᠣᠷᠣᠮᠵᠢᠯᠠᠯ᠎ᠢ ᠰᠡᠷᠭᠡᠢᠯᠡᠬᠦ ᠂ ᠬᠣᠣᠷ ᠴᠠᠭᠠᠵᠠᠯᠠᠬᠤ ᠠᠢᠽ ᠡᠪᠡᠳᠴᠢᠨ᠎ᠢ ᠰᠡᠷᠭᠡᠢᠯᠡᠬᠦ ᠵᠡᠷᠭᠡ ᠠᠮᠤᠷ ᠲᠦᠪᠰᠢᠨ᠎ᠦ ᠬᠥᠮᠦᠵᠢᠯ ᠵᠢᠴᠢ ᠪᠠᠴᠢᠮ ᠪᠠᠢᠳᠠᠯ᠎ᠢ ᠠᠷᠭᠠᠴᠠᠭᠠᠬᠤ ᠲᠠᠷᠬᠠᠭᠠᠬᠤ ᠰᠣᠷᠢᠯᠲᠠ᠂ ᠲᠦᠷᠭᠡᠨ ᠠᠪᠤᠷᠠᠯᠳᠠ᠎ᠶᠢᠨ ᠬᠥᠮᠦᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠢ ᠭᠡᠵᠦ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号