ᠬᠥᠬᠡᠬᠣᠲᠠ᠄ ᠶᠡᠬᠡ ᠳᠡᠭᠡᠳᠦ ᠰᠤᠷᠭᠠᠭᠤᠯᠢ ᠪᠠ ᠳᠤᠮᠳᠠᠳᠤ ᠰᠤᠷᠭᠠᠭᠤᠯᠢ ᠬᠠᠮᠳᠤᠷᠠᠯᠴᠠᠵᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ
2026-04-20 10:51:08
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠬᠢᠨ 《ᠰᠤᠷᠤᠯᠴᠠᠬᠤ᠎ᠳᠤ ᠳᠠᠪᠠᠳᠠᠢ ᠬᠣᠲᠠ》 ᠵᠢᠨ ᠪᠠᠢᠭᠤᠯᠤᠯᠲᠠ᠎ᠪᠠᠷ ᠬᠥᠲᠥᠯᠥᠮᠵᠢ ᠪᠣᠯᠭᠠᠵᠤ᠂ ᠣᠷᠣᠨ᠎ᠤ ᠳᠣᠲᠣᠷ᠎ᠠ ᠭᠠᠳᠠᠨᠠᠬᠢ ᠰᠢᠯᠢᠳᠡᠭ ᠶᠡᠬᠡ ᠳᠡᠭᠡᠳᠦ ᠰᠤᠷᠭᠠᠭᠤᠯᠢ᠎ᠶᠢᠨ ᠡᠬᠢ ᠪᠠᠶᠠᠯᠢᠭ᠋᠎ᠢ ᠢᠳᠡᠪᠬᠢᠲᠡᠢ ᠪᠡᠷ ᠣᠷᠣᠭᠤᠯᠤᠨ ᠠᠪᠴᠢᠷᠠᠵᠤ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ ᠪᠣᠯᠣᠨ ᠣᠯᠠᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠱᠠᠲᠤᠨ᠎ᠤ ᠬᠤᠭᠤᠷᠤᠨᠳᠤᠬᠢ ᠪᠡᠬᠢᠯᠡᠯᠲᠡ᠎ᠶᠢ ᠡᠪᠳᠡᠨ᠂ ᠦᠵᠡᠯ ᠰᠠᠨᠠᠭ᠎ᠠ ᠤᠯᠤᠰ ᠲᠥᠷᠥ᠎ᠶᠢᠨ ᠰᠤᠷᠭᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠂ ᠣᠷᠣᠢᠯᠠᠭᠰᠠᠨ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠡᠷᠲᠡ ᠬᠥᠮᠥᠵᠢᠭᠦᠯᠬᠦ᠂ ᠭᠤᠸ᠎ᠠ ᠰᠠᠢᠬᠠᠨ᠎ᠤ ᠬᠥᠮᠦᠵᠢᠯ᠎ᠵᠢᠡᠷ ᠤᠮᠳᠠᠯᠠᠬᠤ ᠵᠢᠴᠢ ᠰᠢᠨᠵᠢᠯᠡᠭᠡᠨ᠎ᠦ ᠰᠠᠯᠠᠭ᠎ᠠ᠎ᠶᠢ ᠵᠤᠯᠭᠠᠭᠤᠯᠬᠤ ᠵᠡᠷᠭᠡ ᠬᠦᠷᠢᠶᠡᠨ᠎ᠳᠦ ᠭᠦᠨᠵᠡᠭᠡᠢ ᠬᠠᠮᠲᠤᠷᠠᠯᠴᠠᠵᠤ᠂ ᠰᠤᠷᠤᠭ᠍ᠴᠢᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠵᠤᠯᠭᠠᠭᠤᠯᠬᠤ ᠮᠠᠶᠢᠭ᠋᠎ᠤᠨ ᠬᠥᠮᠥᠵᠢᠭᠦᠯᠬᠦ ᠬᠥᠭᠥᠷᠭᠡ ᠬᠤᠯᠪᠤᠭᠠᠰᠤ ᠵᠢ ᠪᠠᠢᠭᠤᠯᠵᠤ᠂ ᠰᠤᠷᠭᠠᠨ ᠬᠦᠮᠦᠵᠢᠯ᠎ᠤᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠵᠦ ᠪᠠᠢᠨ᠎ᠠ᠃


5962651_guansq_1776336346890.png


ᠦᠵᠡᠯ  ᠰᠠᠨᠠᠭ᠎ᠠ ᠤᠯᠤᠰ  ᠲᠥᠷᠥ᠎ᠶᠢᠨ ᠬᠢᠴᠢᠶᠡᠯ


ᠬᠤᠪᠢᠰᠬᠠᠯ᠎ᠤᠨ ᠰᠤᠶᠤᠯ ᠵᠢᠡᠷ ᠬᠦᠮᠦᠨ᠎ᠢ ᠬᠥᠮᠥᠵᠢᠭᠦᠯᠬᠦ ᠬᠠᠮᠲᠤ᠎ᠶᠢᠨ ᠴᠣᠭᠴᠠ ᠪᠡᠷ ᠢᠳᠡᠬᠡᠯ ᠪᠢᠰᠢᠷᠡᠯ᠎ᠤᠨ ᠰᠠᠭᠤᠷᠢ ᠵᠢ   ᠪᠠᠳᠤᠳᠬᠠᠨ᠎ᠠ

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ ᠪᠣᠯᠣᠨ ᠬᠥᠬᠡᠬᠣᠲᠠ᠎ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠤᠢᠷ᠎ᠠ ᠳ᠋ᠤ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠵᠢᠱ᠌ᠢᠮᠡᠭ ᠲᠤᠷᠰᠢᠯᠲᠠ᠎ᠶᠢᠨ ᠵᠢᠭᠠᠨ ᠰᠤᠷᠭᠠᠯᠲᠠ᠎ᠶᠢᠨ ᠲᠥᠪ᠎ᠲᠦ ᠬᠤᠪᠢᠰᠬᠠᠯ᠎ᠤᠨ ᠰᠣᠶᠣᠯ᠎ᠵᠢᠡᠷ ᠬᠥᠮᠥᠨ᠎ᠢ ᠬᠥᠮᠥᠵᠢᠭᠦᠯᠬᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠡᠬᠢᠯᠡᠭᠦᠯᠪᠡ᠃ ᠬᠣᠶᠠᠷ ᠲᠠᠯ᠎ᠠ᠎ᠪᠠᠷ᠎ᠢᠶᠠᠨ VR ᠬᠡᠯᠪᠡᠷᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ᠎ᠢ ᠬᠠᠮᠲᠤᠷᠠᠨ ᠨᠡᠭᠡᠭᠡᠵᠦ᠂ ᠬᠦᠬᠡᠬᠤᠳᠠ᠎ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠬᠤᠪᠢᠰᠬᠠᠯ᠎ᠤᠨ ᠰᠣᠶᠣᠯ᠎ᠤᠨ ᠤᠨᠤᠯ᠎ᠤᠨ ᠬᠢᠴᠢᠶᠡᠯ ᠵᠢᠴᠢ 《ᠺᠢᠨᠤ᠋ ᠳ᠋ᠡᠬᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠤ᠋ᠨ ᠵᠢᠭᠠᠨ ᠰᠤᠷᠭᠠᠯᠳᠠ ᠵᠢᠨ ᠬᠦᠳᠦᠯᠪᠦᠷᠢ ᠵᠢ ᠰᠣᠨᠣᠰᠬᠤ᠎ᠶᠢᠨ ᠬᠠᠮᠳᠤ 《ᠬᠠᠭᠠᠰ ᠬᠥᠨᠵᠢᠯᠡ》 ᠺᠢᠨᠤ᠋ ᠶ᠋ᠢ ᠰᠣᠨᠢᠷᠬᠠᠪᠠ᠃

ᠬᠤᠪᠢᠰᠬᠠᠯᠲᠤ ᠺᠢᠨᠣ᠋᠂ ᠲᠤᠰ ᠭᠠᠵᠠᠷ ᠤᠷᠤᠨ᠎ᠤ ᠨᠠᠮ᠎ᠤᠨ ᠲᠡᠦᠬᠡ᠎ᠶᠢᠨ ᠦᠯᠢᠬᠡᠷ ᠵᠢᠴᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢ ᠭᠦᠨᠵᠡᠭᠡᠢ ᠠᠭᠤᠰᠤᠯᠴᠠᠭᠤᠯᠬᠤ᠎ᠪᠠᠷ ᠳᠠᠮᠵᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ 《ᠲᠠᠩ ᠴᠢᠭᠯᠡᠯ᠎ᠢᠶᠡᠷ ᠵᠢᠭᠠᠨ ᠰᠤᠷᠭᠠᠬᠤ》 ᠡᠴᠡ 《ᠪᠡᠶᠡᠴᠢᠯᠡᠨ ᠣᠢᠯᠠᠭᠠᠬᠤ》 ᠲᠡᠢᠰᠢ ᠬᠤᠪᠢᠷᠠᠭᠤᠯᠵᠡᠢ᠃ 《ᠥᠩᠭᠡᠷᠡᠭᠰᠡᠨ᠎ᠳᠦ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ ᠣᠷᠣᠬᠤ᠎ᠳ᠋ᠤ ᠣᠯᠠᠩᠬᠢ ᠳ᠋ᠠᠭᠠᠨ ᠪᠠᠭ᠍ᠰᠢ᠎ᠶᠠᠷᠢᠳᠠᠭ ᠪᠠᠢᠭᠰᠠᠨ᠃ ᠣᠲᠣ᠌ VR ᠮᠡᠷᠬᠡᠵᠢᠯ᠎ᠢ ᠠᠰᠢᠭᠯᠠᠨ ᠰᠤᠷᠤᠯᠴᠠᠬᠤ ᠨᠢ ᠪᠢᠳᠡᠨ᠎ᠢ ᠦᠨᠡᠨ ᠪᠤᠳᠠᠳᠠᠢ ᠬᠤᠪᠢᠰᠬᠠᠯ᠎ᠤᠨ ᠳᠡᠷᠡ᠎ᠬᠦ ᠤᠨ ᠰᠠᠷ᠎ᠠ ᠳ᠋ᠤ ᠪᠤᠴᠠᠭᠠᠭᠰᠠᠨ ᠰᠢᠬ ᠪᠠᠢᠵᠤ᠂ ᠥᠨᠥᠳᠥᠷ᠎ᠦᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ᠎ᠪᠠᠷ ᠢᠷᠡᠭᠰᠡᠨ ᠭᠡᠳᠡᠭ᠎ᠢ ᠪᠢᠳᠡᠨ᠎ᠳᠦ ᠨᠡᠩ ᠠᠮᠢᠳᠤᠯᠢᠭ ᠬᠦᠨᠵᠡᠭᠡᠢ ᠮᠡᠳᠡᠷᠡᠬᠦᠯᠵᠡᠢ》 ᠭᠡᠵᠦ ᠬᠦᠬᠡᠬᠤᠳᠠ᠎ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠰᠤᠷᠤᠭ᠍ᠴᠢ ᠸᠠᠩ ᠽᠢ ᠬᠠᠨ ᠲᠦᠷᠦᠭᠳᠡᠯ ᠵᠢᠡᠨ ᠬᠤᠪᠢᠶᠠᠯᠴᠠᠵᠤ ᠪᠢᠯᠡ᠃

ᠬᠠᠮᠲᠤᠷᠠᠯᠴᠠᠭᠠᠨ᠎ᠤ ᠦᠷ᠎ᠡ ᠪᠦᠲᠦᠭᠡᠯ᠎ᠢᠶᠡᠨ ᠪᠡᠬᠢᠵᠢᠭᠦᠯᠵᠦ᠂ ᠳᠡᠯᠭᠡᠷᠡᠭᠦᠯᠵᠦ ᠪᠣᠯᠬᠤᠢᠴᠠ ᠬᠥᠮᠥᠨ᠎ᠢ ᠬᠥᠮᠥᠵᠢᠭᠦᠯᠬᠦ ᠬᠡᠪ ᠵᠠᠭᠪᠤᠷ᠎ᠢ ᠪᠦᠷᠢᠯᠳᠦᠭᠦᠯᠬᠦ᠎ᠶᠢᠨ ᠲᠥᠯᠥᠭᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠲᠦᠷᠦᠭᠦᠯᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠬᠠᠮᠲᠤ᠎ᠶᠢᠨ ᠴᠣᠭᠴᠠ᠎ᠶᠢ ᠪᠠᠢᠭᠤᠯᠵᠤ᠂ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳ᠋ᠡᠬᠢ ᠬᠤᠪᠢᠶᠠᠷᠢ ᠰᠤᠷᠭᠠᠭᠤᠯᠢ᠂ ᠬᠥᠬᠡᠬᠣᠲᠠ᠎ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ ᠣᠯᠠᠨ ᠰᠤᠷᠭᠠᠭᠤᠯᠢ᠎ᠶᠢ ᠣᠷᠣᠯᠴᠠᠭᠤᠯᠵᠠᠢ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠦ᠋ ᠳᠢ ᠪᠠᠭᠰᠢ ᠲᠣᠭᠲᠠᠮᠠᠯ ᠬᠤᠭᠤᠴᠠᠭ᠎ᠠ᠎ᠲᠠᠢ᠎ᠪᠠᠷ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠬᠦᠷᠴᠦ ᠬᠠᠮᠲᠤᠷᠠᠭᠰᠠᠨ ᠬᠢᠴᠢᠶᠡᠯ ᠪᠡᠯᠡᠳᠬᠡᠳᠡᠭ᠃ ᠲᠡᠷᠡ᠄《ᠠᠳᠠᠯᠢ ᠬᠢᠴᠢᠶᠡᠯ᠎ᠢ ᠤᠨᠳᠤᠤ ᠰᠡᠳᠬᠢᠮᠵᠢᠯᠡᠬᠦ᠂ ᠪᠠᠭ᠍ᠰᠢ ᠨᠠᠷ ᠬᠠᠷᠢᠯᠴᠠᠨ ᠠᠢᠯᠴᠢᠯᠠᠬᠤ᠎ᠪᠠᠷ ᠳᠡᠮᠵᠢᠨ᠂ ᠠᠳᠠᠯᠢ ᠪᠤᠰᠤ ᠰᠤᠷᠤᠯᠭ᠎ᠠ᠎ᠶᠢᠨ ᠱᠠᠳᠤᠨ᠎ᠤ ᠰᠤᠷᠤᠭ᠍ᠴᠢᠳ᠎ᠤᠨ ᠲᠠᠨᠢᠨ ᠮᠡᠳᠡᠬᠦᠢ᠎ᠶᠢᠨ ᠣᠨᠴᠠᠯᠢᠭ᠋᠎ᠢ ᠣᠨᠣᠪᠴᠢᠲᠠᠶ ᠵᠣᠯᠭᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠨᠠᠩ ᠬᠠᠨᠳᠤᠯᠭᠠᠲᠤ ᠴᠢᠨᠠᠷ᠎ᠲᠠᠢ ᠪᠣᠯᠭᠠᠵᠤ ᠴᠢᠳᠠᠳᠠᠭ》 ᠭᠡᠵᠦ ᠶᠠᠷᠢᠨ᠎ᠠ᠃

ᠶᠡᠬᠡ ᠳᠡᠭᠡᠳᠦ ᠰᠤᠷᠭᠠᠭᠤᠯᠢ᠎ᠶᠢᠨ ᠫᠷᠤᠹᠧᠰᠰᠤᠷ ᠳᠤᠮᠳᠠᠳᠤ ᠰᠤᠷᠭᠠᠭᠤᠯᠢ᠎ᠶᠢᠨ ᠬᠢᠴᠢᠶᠡᠯ᠎ᠦᠨ ᠲᠠᠩᠬᠢᠮ᠎ᠳᠤ ᠣᠷᠣᠵᠤ᠂ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠶᠡᠬᠡ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢᠨ ᠳ᠋ᠤ ᠬᠦᠷᠴᠦ ᠰᠤᠷᠤᠯᠴᠠᠨ᠂ ᠤᠨᠤᠯ᠎ᠤᠨ ᠲᠠᠢᠯᠤᠮᠵᠢ ᠪᠣᠯᠣᠨ ᠦᠢᠯᠡᠳᠦᠯᠭᠡ᠎ᠶᠢᠨ ᠪᠡᠶᠡᠴᠢ ᠤᠷᠤᠯᠴᠠᠯᠭ᠎ᠠ ᠵᠢ ᠤᠶᠠᠯᠳᠤᠭᠤᠯᠤᠨ᠂ ᠬᠤᠪᠢᠰᠬᠠᠯ᠎ᠤᠨ ᠭᠸᠨ᠎ᠢ ᠵᠠᠯᠠᠭᠤᠴᠤᠳ ᠪᠠᠭᠠᠴᠤᠳ᠎ᠤᠨ ᠰᠡᠳᠭᠢᠯ ᠳ᠋ᠤ ᠦᠨᠳᠦᠰᠦᠯᠡᠭᠦᠯᠦᠨ ᠰᠤᠶᠤᠭᠠᠯᠠᠭᠤᠯᠤᠭᠰᠠᠨ ᠨᠢ ᠬᠥᠬᠡᠬᠣᠲᠠ᠎ᠶᠢᠨ ᠶᠡᠬᠡ ᠳᠡᠭᠡᠳᠦ ᠰᠤᠷᠭᠠᠭᠤᠯᠢ ᠪᠤᠯᠤᠨ ᠳᠤᠮᠳᠠᠳᠤ ᠰᠤᠷᠭᠠᠭᠤᠯᠢ ᠬᠠᠮᠵᠢᠯᠴᠠᠨ ᠬᠥᠮᠥᠨ᠎ᠢ ᠬᠥᠮᠥᠵᠢᠭᠦᠯᠬᠦ ᠢᠯᠠ ᠲᠣᠳᠣ᠌ ᠲᠡᠪᠢᠰᠭᠡᠷ ᠥᠩᠭᠡ ᠪᠤᠯᠪᠠ᠃


5962650_guansq_1776336346341.png


ᠰᠣᠨᠢᠷᠬᠠᠯ  ᠲᠠᠢ ᠰᠢᠨᠵᠢᠯᠡᠬᠦ ᠤᠬᠠᠭ᠋ᠠᠨ᠎ᠤ ᠲᠤᠷᠰᠢᠯᠲᠠ 


ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠡᠷᠲᠡ᠎ᠡᠴᠡ ᠢᠯᠡᠷᠡᠭᠦᠯᠦᠨ ᠵᠤᠯᠭᠠᠭᠤᠯᠤᠨ ᠬᠦᠮᠦᠵᠢᠬᠦᠯᠦᠨ᠎ᠡ

ᠤᠯᠠᠨ ᠵᠢᠯ᠎ᠦᠨ ᠲᠤᠷᠰᠢ᠂ ᠬᠥᠬᠡᠬᠣᠲᠠ᠎ᠶᠢᠨ ᠬᠢᠨ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠢ ᠡᠷᠲᠡ ᠡᠴᠡ ᠬᠥᠮᠥᠵᠢᠭᠦᠯᠬᠦ ᠵᠢ ᠤᠷᠢᠳ ᠵᠢᠡᠷ ᠬᠡᠷᠡᠭᠵᠢᠭᠦᠯᠵᠦ ᠲᠤᠷᠰᠢᠭᠰᠠᠭᠠᠷ ᠢᠷᠡᠪᠡ᠃ 2021 ᠣᠨ᠎ᠤ 7 ᠰᠠᠷ᠎ᠠ᠎ᠳᠤ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ ᠨᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠯᠤᠭ᠎ᠠ ᠰᠤᠷᠭᠠᠨ ᠬᠥᠮᠦᠵᠢᠯ᠎ᠦᠨ ᠬᠠᠮᠲᠤᠷᠠᠯᠴᠠᠭᠠᠨ᠎ᠤ ᠵᠦᠪᠯᠡᠯᠴᠡᠬᠡᠷ᠎ᠲᠦ ᠭᠠᠷ᠎ᠤᠨ ᠥᠰᠥᠭ ᠵᠢᠷᠤᠵᠤ᠂ 《ᠬᠥᠬᠡ ᠨᠠᠬᠢᠶ᠎ᠠ ᠰᠢᠨ᠎ᠡ᠎ᠶᠢ ᠡᠭᠦᠳᠬᠦ ᠲᠤᠷᠰᠢᠯᠲᠠ᠎ᠶᠢᠨ ᠠᠩᠭᠢ》 ᠵᠢ ᠬᠠᠮᠲᠤ᠎ᠪᠠᠷ ᠡᠷᠬᠢᠯᠡᠵᠦ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ᠎ᠶᠢᠨ ᠪᠥᠬᠥ ᠲᠠᠯ᠎ᠠ᠎ᠪᠠᠷ ᠬᠠᠮᠲᠤᠷᠠᠨ ᠬᠥᠮᠥᠨ᠎ᠢ ᠬᠥᠮᠥᠵᠢᠭᠦᠯᠬᠦ ᠠᠩᠬᠠᠨ᠎ᠤ ᠵᠠᠮ᠎ᠢ ᠨᠡᠭᠡᠭᠡᠵᠡᠢ᠃

ᠵᠦᠪᠯᠡᠯᠴᠡᠬᠡᠷ᠎ᠢ ᠦᠨᠳᠦᠰᠦᠯᠡᠪᠡᠯ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠡᠳ᠋ ᠵᠠᠬᠢᠷᠤᠯ᠂ ᠰᠢᠨᠵᠢᠯᠡᠬᠦ ᠤᠬᠠᠭᠠᠨᠲᠠᠨ᠎ᠢ ᠰᠣᠩᠭᠣᠨ ᠲᠣᠮᠢᠯᠠᠵᠤ ᠰᠤᠷᠭᠠᠭᠤᠯᠢ᠎ᠶᠢ ᠵᠢᠯᠣᠭᠣᠳᠤᠨ ᠰᠢᠨ᠎ᠡ᠎ᠶᠢ ᠡᠭᠦᠳᠬᠦ ᠴᠢᠳᠠᠪᠤᠷᠢ᠎ᠲᠠᠢ ᠰᠤᠷᠤᠭ᠍ᠴᠢ᠎ᠶᠢ ᠰᠢᠯᠢᠨ ᠰᠣᠩᠭᠣᠬᠤ ᠪᠠ ᠬᠥᠮᠥᠵᠢᠭᠦᠯᠵᠦ᠂ 《ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠶᠡᠬᠡ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠲᠤ ᠤᠷᠤᠬᠤ᠂ ᠶᠡᠬᠡ ᠰᠤᠷᠭᠠᠭᠤᠯᠢ᠎ᠶᠢᠨ ᠫᠷᠤᠹᠧᠰᠰᠤᠷ ᠳᠤᠮᠳᠠᠳᠤ ᠰᠤᠷᠭᠠᠭᠤᠯᠢ᠎ᠶᠢᠨ ᠬᠢᠴᠢᠶᠡᠯ᠎ᠦᠨ ᠲᠠᠩᠬᠢᠮ᠎ᠳᠤ ᠣᠷᠣᠬᠤ》 ᠠᠵᠢᠯᠯᠠᠭ᠎ᠠ ᠥᠷᠨᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠢ ᠨᠡᠭᠡᠭᠡᠵᠦ᠂ ᠴᠢᠩᠬᠤᠸᠠ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠢᠨᠵᠢᠯᠡᠬᠦ ᠤᠬᠠᠭᠠᠨᠲᠠᠨ᠎ᠢ ᠰᠤᠳᠤᠯᠭᠠᠨ᠎ᠢ ᠵᠢᠭᠠᠨ ᠵᠢᠯᠤᠭᠣᠳᠬᠤ ᠪᠠᠭ᠍ᠰᠢ᠎ᠪᠠᠷ ᠤᠷᠢᠵᠤ᠂ 《ᠰᠣᠳᠣᠨ ᠴᠢᠳᠠᠪᠤᠷᠢᠲᠠᠨ᠎ᠤ ᠲᠥᠯᠥᠪᠯᠡᠭᠡ》 ᠵᠢᠨ ᠲᠦᠷᠦᠯ ᠵᠦᠢᠯ᠎ᠢ ᠬᠠᠮᠲᠤ ᠪᠠᠷ ᠬᠡᠷᠡᠭᠵᠢᠭᠦᠯᠵᠦ᠂ ᠰᠤᠷᠤᠯᠭ᠎ᠠ᠎ᠳ᠋ᠠᠭᠠᠨ ᠰᠢᠯᠢᠳᠡᠭ ᠰᠤᠷᠤᠭ᠍ᠴᠢᠳ᠎ᠲᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠡᠩᠭᠡᠷᠡᠭᠦᠯᠦᠯ᠂ ᠰᠢᠨᠵᠢᠯᠡᠭᠡᠨ᠎ᠦ ᠰᠠᠯᠠᠭ᠎ᠠ᠎ᠶᠢᠨ ᠤᠷᠤᠯᠳᠤᠭᠠᠨ᠂ ᠰᠢᠨ᠎ᠡ᠎ᠶᠢ ᠡᠭᠦᠳᠬᠦ ᠦᠢᠯᠡᠳᠦᠯᠭᠡ ᠵᠡᠷᠭᠡ ᠲᠤᠰᠬᠠᠢᠵᠢᠭ᠍ᠰᠠᠨ ᠵᠢᠯᠣᠭᠣᠳᠤᠯᠭ᠎ᠠ ᠬᠢᠵᠦ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ ᠪᠣᠯᠣᠨ ᠶᠡᠬᠡ ᠰᠤᠷᠭᠠᠭᠤᠯᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠵᠠᠪᠰᠠᠷ ᠦᠭᠡᠢ ᠵᠤᠯᠭᠠᠭᠤᠯᠤᠨ᠎ᠠ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ ᠨᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠡᠬᠢ ᠪᠠᠶᠠᠯᠢᠭ᠋᠎ᠲᠤ ᠲᠦᠰᠢᠭᠯᠡᠨ᠂ ᠬᠠᠮᠳᠤ ᠪᠡᠷ ᠬᠠᠮᠢᠶᠠᠷᠬᠤ᠂ ᠵᠢᠭᠠᠨ ᠰᠤᠷᠭᠠᠯᠲᠠ᠎ᠶᠢ ᠬᠠᠮᠲᠤ᠎ᠪᠠᠷ ᠰᠤᠳᠤᠯᠬᠤ᠂ ᠪᠠᠭ᠍ᠰᠢ᠎ᠨᠠᠷ ᠲᠤ᠌ ᠪᠤᠯᠪᠠᠰᠤᠷᠠᠯ ᠬᠦᠷᠳᠡᠬᠡᠬᠦ᠂ ᠬᠢᠴᠢᠶᠡᠯ᠎ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ᠎ᠪᠠᠷ ᠭᠦᠨᠵᠡᠭᠡᠢ ᠬᠠᠮᠵᠢᠯᠴᠠᠵᠤ᠂ ᠶᠡᠬᠡ ᠰᠤᠷᠭᠠᠭᠤᠯᠢ ᠳᠡᠮᠵᠢᠬᠦ᠂ ᠳᠤᠮᠳᠠᠳᠤ ᠰᠤᠷᠭᠠᠭᠤᠯᠢ ᠨᠠᠢᠳᠠᠪᠤᠷᠢᠵᠢᠭᠤᠯᠬᠤ᠂ ᠰᠣᠷᠣᠭ᠍ᠴᠢ᠎ᠳᠤ ᠠᠰᠢᠭ᠋ ᠬᠦᠷᠲᠡᠭᠡᠬᠦ ᠰᠠᠢᠨ ᠰᠠᠢᠬᠠᠨ ᠲᠣᠭᠲᠠᠴᠠ᠎ᠶᠢ ᠪᠣᠶ ᠪᠤᠯᠭᠠᠭᠰᠠᠨ ᠪᠠᠢᠨ᠎ᠠ᠃

ᠬᠦᠬᠡᠬᠤᠳᠠ ᠪᠠᠰᠠ ᠶᠡᠬᠡ ᠳᠡᠭᠡᠳᠦ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠲᠤ ᠲᠦᠰᠢᠭᠯᠡᠨ ᠭᠦᠨᠵᠡᠭᠡᠢ ᠬᠥᠮᠥᠵᠢᠭᠦᠯᠬᠦ᠎ᠡᠴᠡ ᠭᠠᠳᠠᠨ᠎ᠠ᠂ ᠰᠤᠷᠭᠠᠭᠤᠯᠢ᠎ᠶᠢᠨ ᠭᠠᠳᠠᠨᠠᠬᠢ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠢᠭ᠍ᠰᠠᠭᠠᠯ᠎ᠤᠨ ᠭᠠᠵᠠᠷ᠎ᠢ ᠢᠳᠡᠪᠬᠢᠲᠡᠢ ᠥᠷᠭᠡᠳᠬᠡᠵᠦ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ᠋᠎ᠢᠶᠠᠷ ᠨᠡᠩ ᠤᠯᠠᠨ ᠵᠠᠯᠠᠭᠤᠴᠤᠳ ᠪᠠᠭᠠᠴᠤᠳ᠎ᠲᠤ ᠠᠰᠢᠭ᠋ ᠬᠦᠷᠲᠡᠭᠡᠬᠦ᠎ᠶᠢ ᠠᠬᠢᠭᠤᠯᠵᠤ ᠪᠠᠢᠨ᠎ᠠ᠃ ᠬᠥᠬᠡᠬᠣᠲᠠ᠎ᠶᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠲᠥᠪ᠎ᠨᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠡᠦᠬᠡ᠎ᠶᠢᠨ ᠰᠤᠳᠤᠯᠭᠠᠨ᠎ᠤ ᠬᠦᠷᠢᠶᠡᠯᠡᠩ᠎ᠯᠤᠭᠡ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠰᠤᠳᠤᠯᠭᠠᠨ᠎ᠤ ᠬᠦᠷᠢᠶᠡᠯᠡᠩ ᠨᠢ ᠬᠦᠳᠡᠯᠬᠡᠬᠡᠨ᠎ᠤ ᠲᠦᠪ ᠳᠠᠢ ᠬᠠᠮᠳᠤᠷᠠᠯᠴᠠᠨ᠂ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠣᠨᠴᠠᠯᠢᠭ᠋᠎ᠲᠠᠢ ᠤᠶᠠᠯᠳᠤᠭᠤᠯᠤᠨ᠂ ᠠᠮᠢᠳᠤᠷᠠᠯ᠎ᠳᠤ ᠣᠢᠷᠠᠲᠤᠭᠰᠠᠨ ᠮᠡᠳᠡᠯᠭᠡ᠎ᠶᠢᠨ ᠵᠠᠭᠪᠤᠷ᠎ᠢ ᠬᠠᠨᠳᠤᠯᠭᠠᠲᠤ ᠴᠢᠨᠠᠷᠲᠠᠢ᠎ᠪᠠᠷ ᠬᠢᠴᠢᠶᠡᠯ ᠲᠥᠯᠥᠪᠯᠡᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠣᠰᠢᠭᠤᠷᠠᠯ ᠬᠦᠴᠦᠨ᠎ᠢ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠰᠢᠨ᠎ᠡ ᠰᠣᠷᠭᠣᠭ ᠠᠵᠢᠯᠯᠠᠭᠠᠨ᠎ᠤ ᠴᠢᠳᠠᠪᠤᠷᠢ ᠪᠤᠯᠭᠠᠵᠤ ᠪᠤᠢ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠡᠦᠬᠡ᠎ᠶᠢᠨ ᠰᠤᠳᠤᠯᠭᠠᠨ᠎ᠤ ᠬᠦᠷᠢᠶᠡᠯᠡᠩ᠎ᠤ᠋ᠨ ᠪᠠᠭ᠍ᠰᠢ ᠳᠡᠷᠬᠡᠯ᠄《ᠪᠢᠳᠡ ᠪᠦᠲᠦᠴᠡ᠎ᠶᠢᠨ ᠬᠦᠴᠦᠨ᠎ᠦ ᠤᠬᠠᠭᠠᠨ᠂ ᠰᠢᠩᠭᠡᠨ ᠳᠠᠷᠤᠴᠠ᠎ᠶᠢᠨ ᠳᠠᠮᠵᠢᠯᠭ᠎ᠠ ᠵᠡᠷᠭᠡ ᠲᠤᠰᠬᠠᠢ ᠮᠡᠷᠭᠡᠵᠢᠯ᠎ᠦᠨ ᠮᠡᠳᠡᠯᠭᠡ᠎ᠶᠢ ᠵᠠᠯᠠᠭᠤᠴᠤᠳ ᠪᠠᠭᠠᠴᠤᠳ᠎ᠤᠨ ᠣᠢᠯᠠᠭᠠᠵᠤ ᠳᠡᠶ᠋ᠢᠯᠬᠦ᠂ ᠭᠠᠷ ᠬᠥᠳᠡᠯᠵᠦ ᠤᠷᠤᠯᠳᠤᠬᠤ ᠰᠣᠨᠢᠷᠬᠠᠯᠲᠠᠢ ᠠᠭᠤᠯᠭ᠎ᠠ ᠪᠣᠯᠭᠠᠨ ᠵᠠᠳᠠᠯᠵᠤ᠂ ᠵᠠᠯᠠᠭᠤᠴᠤᠳ ᠪᠠᠭᠠᠴᠤᠳ᠎ᠲᠤ ᠰᠢᠨᠵᠢᠯᠡᠬᠦ ᠤᠬᠠᠭᠠᠨ᠎ᠤ ᠷᠢᠳᠢ ᠰᠢᠳᠢ᠎ᠶᠢ ᠮᠡᠳᠡᠷᠡᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠦᠢᠯᠡᠳᠦᠯᠭᠡ᠎ᠶᠢᠨ ᠳᠤᠮᠳᠠ ᠬᠢᠴᠢᠶᠡᠯ᠎ᠦᠨ ᠲᠥᠯᠥᠪᠯᠡᠭᠡ ᠪᠣᠯᠣᠨ ᠵᠢᠭᠠᠨ ᠰᠤᠷᠭᠠᠯᠲᠠ᠎ᠶᠢ ᠨᠠᠢᠳᠠᠪᠤᠷᠢᠵᠢᠭᠤᠯᠬᠤ ᠴᠢᠳᠠᠪᠤᠷᠢ᠎ᠶᠢ ᠳᠡᠭᠡᠭᠰᠢᠯᠡᠭᠦᠯᠵᠡᠢ》 ᠭᠡᠵᠦ ᠶᠠᠷᠢᠯ᠎ᠠ᠃


5962652_guansq_1776336347543.png


ᠰᠢᠨᠵᠢᠯᠡᠬᠦ ᠤᠬᠠᠭ᠋ᠠᠨ᠎ᠤ ᠲᠤᠷᠰᠢᠯᠲᠠ ᠬᠢᠨ᠎ᠡ


ᠤᠷᠠᠯᠢᠭ᠋ ᠪᠠ ᠨᠡᠢᠬᠡᠮ᠎ᠤᠨ ᠡᠬᠢ ᠪᠠᠶᠠᠯᠢᠭ᠋ ᠵᠢᠡᠷ ᠰᠤᠷᠭᠠᠭᠤᠯᠢ ᠶ᠋ᠢᠨ ᠬᠦᠷᠢᠶᠡᠨ᠎ᠦ ᠠᠮᠢᠳᠤᠷᠠᠯ ᠢ᠋ ᠪᠠᠶᠠᠯᠢᠭᠵᠢᠭᠤᠯᠤᠨ᠎ᠠ

ᠶᠡᠬᠡ ᠳᠡᠭᠡᠳᠦ ᠰᠤᠷᠭᠠᠭᠤᠯᠢ ᠪᠤᠯᠤᠨ ᠳᠤᠮᠳᠠᠳᠤ ᠰᠤᠷᠭᠠᠭᠤᠯᠢ ᠬᠠᠮᠵᠢᠯᠴᠠᠨ ᠬᠥᠮᠥᠨ᠎ᠢ ᠬᠥᠮᠥᠵᠢᠭᠦᠯᠬᠦ ᠳ᠋ᠡᠭᠡᠨ ᠦᠵᠡᠯ ᠰᠠᠨᠠᠭ᠎ᠠ ᠤᠯᠤᠰ ᠲᠦᠷᠦ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠲᠠᠯ᠎ᠠ ᠪᠡᠷ ᠠᠩᠬᠠᠷᠤᠯ᠎ᠢᠶᠠᠨ ᠲᠥᠪᠯᠡᠷᠡᠭᠦᠯᠦᠭᠰᠡᠨ᠎ᠢᠶᠡᠷ ᠪᠠᠷᠠᠬᠤ ᠦᠭᠡᠢ᠂ ᠭᠤᠸ᠎ᠠ ᠰᠠᠢᠬᠠᠨ᠎ᠤ ᠬᠥᠮᠦᠵᠢᠯ᠂ ᠶᠣᠰᠣ᠌ ᠰᠤᠷᠲᠠᠬᠤᠨ᠎ᠤ ᠬᠥᠮᠦᠵᠢᠯ᠂ ᠦᠢᠯᠡᠳᠦᠯᠭᠡ᠎ᠶᠢᠨ ᠬᠥᠮᠦᠵᠢᠯ᠎ᠦᠨ ᠬᠦᠷᠢᠶᠡᠨ᠎ᠳᠦ ᠴᠸ᠋ ᠪᠦᠬᠦ ᠲᠠᠯ᠎ᠠ᠎ᠪᠠᠷ ᠦᠷᠭᠡᠳᠭᠡᠪᠡ᠃

ᠨᠢᠳᠤᠨᠤᠨ᠎ᠤ 12 ᠰᠠᠷ᠎ᠠ᠎ᠳᠤ ᠱᠠᠩᠬᠠᠢ ᠶᠡᠬᠡ ᠰᠤᠷᠭᠠᠭᠤᠯᠢ᠎ᠶᠢᠨ ᠱᠠᠩᠬᠠᠢ᠎ᠶᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠶᠢᠨ《ᠭᠤᠸ᠎ᠠ ᠰᠠᠢᠬᠠᠨ᠎ᠤ ᠬᠥᠮᠦᠵᠢᠯ᠎ᠦᠨ ᠰᠠᠭᠤᠷᠢᠨ》 ᠬᠥᠬᠡᠬᠣᠲᠠ᠎ᠶᠢᠨ ᠠᠷᠪᠠᠨ ᠨᠠᠢ᠍ᠮᠠᠳᠤᠭᠠᠷ ᠳᠤᠮᠳᠠᠳᠤ ᠰᠤᠷᠭᠠᠭᠤᠯᠢ᠎ᠳᠤ ᠵᠢᠩᠬᠢᠨᠢ᠎ᠪᠡᠷ ᠫᠠᠢᠰᠠ ᠡᠯᠬᠦᠨ᠂ ᠬᠣᠶᠠᠷ ᠭᠠᠵᠠᠷ᠎ᠤᠨ ᠬᠢᠨ ᠭᠤᠸ᠎ᠠ ᠰᠠᠢᠬᠠᠨ᠎ᠤ ᠬᠥᠮᠦᠵᠢᠯ᠎ᠢ ᠵᠤᠯᠭᠠᠭᠤᠯᠤᠨ ᠬᠦᠮᠦᠵᠢᠬᠦᠯᠬᠦ ᠬᠦᠷᠢᠶᠡᠨ᠎ᠳᠦ ᠦᠨᠡᠨ ᠪᠣᠳᠠᠲᠠᠢ ᠬᠠᠮᠳᠤᠷᠠᠯᠴᠠᠭ᠎ᠠ ᠵᠢ ᠪᠠᠢᠭᠤᠯᠵᠠᠢ᠃ ᠬᠣᠶᠠᠷ ᠲᠠᠯ᠎ᠠ᠎ᠪᠠᠷ᠎ᠢᠶᠠᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠂ ᠤᠷᠠᠯᠢᠭ᠋᠎ᠤᠨ ᠬᠢᠴᠢᠶᠡᠯ᠎ᠢ ᠰᠢᠰᠲᠧᠮᠵᠢᠭᠦᠯᠦᠨ ᠨᠡᠭᠡᠭᠡᠨ ᠬᠥᠭᠵᠢᠭᠦᠯᠬᠦ᠂ ᠭᠤᠸ᠎ᠠ ᠰᠠᠢᠬᠠᠨ᠎ᠤ ᠬᠥᠮᠦᠵᠢᠯ ᠬᠢᠭᠡᠳ ᠰᠢᠨᠵᠢᠯᠡᠭᠡᠨ᠎ᠦ ᠰᠠᠯᠠᠭ᠎ᠠ᠎ᠶᠢᠨ ᠣᠨᠴᠠᠯᠢᠭ᠋᠎ᠢ ᠠᠭᠤᠰᠤᠯᠴᠠᠭᠤᠯᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ᠂ ᠪᠠᠭ᠍ᠰᠢ᠎ᠶᠢᠨ ᠨᠡᠭᠦᠳᠡᠯ ᠵᠢᠭᠠᠨ ᠰᠤᠷᠭᠠᠯᠲᠠ᠂ ᠰᠢᠯᠢᠳᠡᠭ ᠬᠢᠴᠢᠶᠡᠯ᠎ᠢ ᠬᠠᠮᠲᠤ᠎ᠪᠠᠷ ᠡᠳ᠋ᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠶᠡᠬᠡ ᠳᠤᠮᠳᠠᠳᠤ ᠰᠤᠷᠭᠠᠭᠤᠯᠢ᠎ᠶᠢᠨ ᠭᠤᠸ᠎ᠠ ᠰᠠᠢᠬᠠᠨ᠎ᠤ ᠬᠥᠮᠦᠵᠢᠯ᠎ᠢ ᠵᠤᠯᠭᠠᠭᠤᠯᠤᠨ ᠬᠥᠮᠥᠵᠢᠭᠦᠯᠬᠦ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠵᠦ᠂ ᠰᠤᠷᠭᠠᠭᠤᠯᠢ᠎ᠶᠢᠨ ᠤᠷᠠᠯᠢᠭ᠋᠎ᠤᠨ ᠬᠥᠮᠦᠵᠢᠯ᠎ᠦᠨ ᠶᠠᠰᠤ ᠴᠢᠨᠠᠷ᠎ᠢ ᠳᠡᠬᠡᠭᠰᠢᠯᠡᠬᠦᠯᠬᠦ᠎ᠳᠦ ᠬᠦᠴᠦᠨ ᠨᠡᠮᠡᠷᠢᠯᠡᠪᠡ᠃ ᠱᠠᠩᠬᠠᠢ ᠶᠡᠬᠡ ᠰᠤᠷᠭᠠᠭᠤᠯᠢ᠎ᠶᠢᠨ ᠱᠠᠩᠬᠠᠢ᠎ᠶᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠶᠢᠨ ᠬᠥᠬᠡᠬᠣᠲᠠ᠎ᠳᠤ ᠰᠠᠭᠤᠭ᠎ᠠ ᠬᠠᠷᠢᠭᠤᠴᠠᠯᠭᠠᠲᠠᠨ ᠡᠴᠡ᠂ ᠢᠷᠡᠭᠡᠳᠦᠢ᠎ᠳᠦ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠲᠠᠨᠢᠨ ᠮᠡᠳᠡᠷᠡᠬᠦᠢ᠎ᠳᠦ ᠨᠡᠢᠴᠡᠬᠦ ᠤᠷᠠᠯᠢᠭ᠋᠎ᠤᠨ ᠬᠢᠴᠢᠶᠡᠯ᠎ᠢ ᠨᠠᠩ ᠣᠯᠠᠨ ᠨᠡᠭᠡᠭᠡᠨ ᠬᠥᠭᠵᠢᠭᠦᠯᠵᠦ᠂ 《ᠭᠤᠸ᠎ᠠ ᠰᠠᠢᠬᠠᠨ᠎ᠤ ᠬᠥᠮᠦᠵᠢᠯ᠎ᠵᠢᠡᠷ ᠤᠮᠳᠠᠯᠠᠬᠤ》 ᠬᠠᠷᠠᠯᠲᠠ᠎ᠶᠢ ᠨᠠᠢᠳᠠᠪᠤᠷᠢᠵᠢᠭᠤᠯᠤᠨ᠂ ᠶᠡᠬᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠰᠤᠷᠭᠠᠭᠤᠯᠢ ᠬᠠᠮᠵᠢᠯᠴᠠᠨ ᠬᠥᠳᠡᠯᠦᠯᠴᠡᠭᠰᠡᠨ᠂ ᠬᠣᠣᠰ ᠴᠢᠭᠯᠡᠯ᠎ᠢᠶᠡᠷ ᠬᠠᠷᠢᠯᠴᠠᠨ ᠠᠬᠢᠭᠤᠯᠤᠭᠰᠠᠨ ᠭᠤᠸ᠎ᠠ ᠰᠠᠢᠬᠠᠨ᠎ᠤ ᠬᠥᠮᠦᠵᠢᠯ᠎ᠦᠨ ᠬᠥᠭᠵᠢᠯᠲᠡ᠎ᠶᠢᠨ ᠲᠣᠭᠲᠠᠴᠠ᠎ᠶᠢ ᠪᠠᠢᠭᠤᠯᠤᠨ᠎ᠠ ᠬᠡᠯ᠎ᠡ᠃

ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠬᠢᠭᠡᠳ ᠬᠥᠬᠡᠬᠣᠲᠠ᠎ᠶᠢᠨ ᠭᠤᠴᠢᠨ ᠬᠣᠶᠠᠳᠤᠭᠠᠷ ᠰᠤᠷᠭᠠᠭᠤᠯᠢ ᠨᠢ ᠬᠢᠮᠢ᠎ᠶᠢᠨ ᠰᠢᠨᠵᠢᠯᠡᠭᠡᠨ᠎ᠦ ᠰᠠᠯᠠᠭ᠎ᠠ᠎ᠶᠢ ᠵᠤᠯᠭᠠᠭᠤᠯᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠠᠰ ᠬᠤᠪᠢᠶᠠᠨ ᠲᠤᠷᠰᠢᠯᠲᠠ᠎ᠶᠢᠨ ᠵᠢᠭᠠᠨ ᠰᠤᠷᠭᠠᠯᠲᠠ ᠬᠢᠬᠦ᠂ ᠰᠤᠷᠤᠯᠭ᠎ᠠ᠎ᠶᠢᠨ ᠱᠠᠲᠤ ᠠᠯᠤᠰᠯᠠᠨ ᠬᠢᠴᠢᠶᠡᠯ ᠵᠢᠭᠠᠬᠤ ᠪᠠ ᠬᠢᠴᠢᠶᠡᠯ ᠪᠡᠯᠡᠳᠬᠡᠬᠦ ᠠᠵᠢᠯ᠎ᠢ ᠥᠷᠨᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠲᠤᠷᠰᠢᠯᠲᠠ᠎ᠶᠢᠨ ᠡᠬᠢ ᠪᠠᠶᠠᠯᠢᠭ᠋ ᠬᠢᠭᠡᠳ ᠳᠤᠮᠳᠠᠳᠤ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠪᠠ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠨᠢ ᠪᠠᠰᠠ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠯᠤᠭ᠎ᠠ 《ᠰᠠᠭᠤᠷᠢ ᠰᠤᠷᠭᠠᠨ ᠬᠥᠮᠦᠵᠢᠯ + ᠶᠡᠬᠡ ᠳᠡᠭᠡᠳᠦ ᠰᠤᠷᠭᠠᠭᠤᠯᠢ》 ᠵᠢᠨ ᠬᠠᠮᠵᠢᠯᠴᠠᠨ ᠬᠥᠮᠥᠨ᠎ᠢ ᠬᠥᠮᠥᠵᠢᠭᠦᠯᠬᠦ ᠵᠠᠭᠪᠤᠷ᠎ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠤᠨ ᠰᠤᠷᠭᠠᠭᠤᠯᠢ᠎ᠶᠢᠨ ᠬᠢᠴᠢᠶᠡᠯ ᠨᠡᠭᠡᠭᠡᠵᠦ᠂《ᠵᠢᠯᠣᠭᠣᠳᠤᠭ᠍ᠴᠢ ᠪᠠᠭ᠍ᠰᠢ᠎ᠶᠢᠨ ᠳᠦᠷᠢᠮ + ᠲᠥᠷᠥᠯ ᠵᠦᠢᠯ᠎ᠦᠨ ᠳᠦᠷᠢᠮ》 ᠵᠢᠡᠷ ᠬᠦᠮᠦᠵᠢᠬᠦᠯᠵᠦ᠂ ᠰᠤᠷᠤᠭ᠍ᠴᠢᠳ᠎ᠲᠤ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠲᠠᠪᠴᠠᠩ ᠬᠠᠩᠭᠠᠵᠤ᠂ ᠰᠢᠨ᠎ᠡ᠎ᠶᠢ ᠡᠭᠦᠳᠬᠦ ᠴᠢᠳᠠᠪᠤᠷᠢᠲᠠᠨ᠎ᠤ ᠠᠩᠬᠠᠨ᠎ᠤ ᠬᠦᠮᠦᠵᠢᠯ ᠳ᠋ᠤ ᠬᠦᠴᠦᠨ ᠨᠡᠮᠡᠷᠢᠯᠡᠵᠦ ᠪᠠᠢᠨ᠎ᠠ᠃

ᠶᠡᠬᠡ ᠳᠡᠭᠡᠳᠦ ᠰᠤᠷᠭᠠᠭᠤᠯᠢ᠎ᠪᠤᠯᠤᠨ ᠳᠤᠮᠳᠠᠳᠤ ᠰᠤᠷᠭᠠᠭᠤᠯᠢ᠎ᠶᠢᠨ ᠬᠠᠮᠵᠢᠯᠴᠠᠨ ᠬᠥᠮᠥᠨ᠎ᠢ ᠬᠥᠮᠥᠵᠢᠭᠦᠯᠬᠦ᠎ᠬᠠᠮᠳᠤᠷᠠᠯᠴᠠᠭ᠎ᠠ ᠵᠢᠨ ᠦᠷᠬᠡᠵᠢᠯ ᠬᠦᠨᠵᠡᠬᠡᠢᠷᠡᠯ ᠨᠢ ᠬᠥᠬᠡᠬᠣᠲᠠ᠎ᠶᠢᠨ 《ᠰᠤᠷᠤᠯᠴᠠᠬᠤ᠎ᠳᠤ ᠳᠠᠪᠠᠳᠠᠢ ᠬᠣᠲᠠ》 ᠵᠢᠨ ᠪᠠᠢᠭᠤᠯᠤᠯᠳᠠ᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠬᠤ ᠳ᠋ᠤ ᠠᠮᠢᠵᠢᠷᠠᠯ᠎ᠤᠨ ᠬᠦᠴᠦᠨ ᠤᠯᠭᠤᠵᠤ᠂ ᠣᠷᠣᠨ᠎ᠤ ᠲᠥᠪ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠠᠭᠤᠳᠠᠰᠤ᠎ᠶᠢ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号