ᠬᠠᠪᠤᠷ ᠰᠠᠭᠠᠳᠠᠬᠤᠶᠠ᠂ ᠬᠢᠩᠭᠠᠨ ᠠᠢᠮᠠᠭ ᠤ᠋ᠨ ᠶᠠ ᠯᠦᠩ ᠮᠠᠯ ᠠᠵᠤ ᠠᠬᠤᠢ ᠢ᠋ᠢᠨ ᠬᠢᠵᠠᠭᠠᠷᠲᠤ ᠺᠣᠮᠫᠠᠨᠢ ᠢ᠋ᠢᠨ ᠳᠠᠭᠠᠭᠠᠮᠠᠯ ᠵᠧᠩ ᠱᠧᠩ ᠬᠤᠸᠠ ᠦᠬᠡᠷ ᠬᠤᠳᠠᠯᠳᠤᠬᠤ ᠪᠠ ᠡᠪᠡᠰᠦ ᠨᠦᠬᠡᠴᠡᠯᠡᠬᠦ ᠢ᠋ᠢᠨ ᠲᠥᠯᠥᠭᠡ ᠰᠠᠨᠠᠭᠠ ᠵᠣᠪᠠᠬᠤ ᠪᠠᠨ ᠪᠤᠯᠢᠪᠠ᠃ 《ᠣᠲᠣ ᠬᠡᠷ ᠤ᠋ᠨ ᠡᠭᠦᠳᠡᠨ ᠳ᠋ᠤ᠌ ᠲᠣᠮᠣ ᠬᠡᠯᠪᠡᠷᠢ ᠢ᠋ᠢᠨ ᠠᠷᠠᠯᠵᠢᠶᠠᠨᠤ ᠵᠠᠬᠠ ᠳᠡᠯᠭᠡᠭᠦᠷ ᠲᠠᠢ ᠪᠣᠯᠵᠣ᠂ ᠦᠬᠡᠷ ᠤ᠋ᠨ ᠶᠠᠰᠤ ᠴᠢᠨᠠᠷ ᠪᠠᠲᠤᠯᠠᠭᠠᠲᠠᠶ ᠪᠣᠯᠵᠠᠶ᠂ ᠲᠠᠷᠠᠴᠢᠯᠠᠨ ᠡᠪᠡᠰᠦᠨ ᠤ᠋ ᠦᠢᠯᠡᠰ ᠤ᠋ᠨ ᠬᠦᠷᠢᠶᠡᠯᠡᠩ ᠤ᠋ᠨ ᠡᠪᠡᠰᠦ ᠪᠣᠷᠳᠣᠭᠠᠨᠤ ᠬᠠᠩᠭᠠᠯᠭᠠ ᠲᠣᠭ᠍ᠲᠠᠭᠤᠨ ᠪᠥᠭᠡᠳ ᠭᠦᠢᠴᠡᠳ ᠪᠠᠢᠵᠤ᠂ ᠵᠣᠷᠢᠭ᠍ᠲᠠᠢ ᠪᠡᠷ ᠲᠡᠵᠢᠭᠡᠨ ᠦᠷᠡᠵᠢᠭᠦᠯᠬᠦ᠌ ᠬᠡᠪᠴᠢᠶᠡᠪᠡᠨ ᠥᠷᠭᠡᠳᠭᠡᠵᠦ᠍ ᠪᠣᠯᠤᠨᠠ》 ᠭᠡᠵᠦ᠍ ᠵᠧᠩ ᠱᠧᠩ ᠬᠤᠸᠠ ᠢᠲᠡᠭᠡᠯ ᠲᠡᠭᠦᠯᠳᠡᠷ ᠶᠡᠷᠢᠵᠤ ᠭᠠᠷᠤᠯᠡ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨᠤ ᠪᠠᠶᠠᠯᠢᠭ ᠬᠦᠷᠢᠶᠡᠯᠡᠩ ᠲᠣᠭᠣᠷᠢᠭᠲᠤ᠂ ᠬᠢᠩᠭᠠᠨ ᠠᠢᠮᠠᠭ ᠤ᠋ᠨ ᠶᠠ ᠯᠦᠩ ᠮᠠᠯ ᠠᠵᠤ ᠠᠬᠤᠢ ᠢ᠋ᠢᠨ ᠬᠢᠵᠠᠭᠠᠷᠲᠤ ᠺᠣᠮᠫᠠᠨᠢ ᠱᠢᠭ᠋ ᠲᠡᠵᠢᠬᠡᠨ ᠦᠷᠡᠵᠢᠬᠦᠯᠬᠦ ᠠᠵᠤ ᠠᠬᠤᠢᠯᠠᠯ ᠪᠠᠰᠠ 8 ᠪᠤᠢ᠃ 2018 ᠣᠨ ᠡᠴᠡ ᠨᠠᠭᠠᠰᠢ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨᠤ ᠮᠢᠬᠠᠨ ᠤ᠋ ᠦᠬᠡᠷ ᠤ᠋ᠨ ᠲᠣᠭᠠ 26 ᠲᠦᠮᠡ ᠪᠠᠢᠭ᠍ᠰᠠᠨ ᠡᠴᠡᠪᠠᠨ 55 ᠲᠦᠮᠡ ᠪᠣᠯᠤᠨ ᠨᠡᠮᠡᠭ᠌ᠳᠡᠵᠦ᠍᠂ ᠲᠡᠵᠢᠭᠡᠨ ᠦᠷᠡᠵᠢᠭᠦᠯᠬᠦ᠌ ᠡᠷᠦᠬᠡ᠂ ᠬᠣᠷᠱᠢᠶᠠ ᠢ᠋ᠢᠨ ᠲᠣᠭᠠ ᠲᠣᠰ ᠲᠣᠰ 1.5 ᠲᠦᠮᠡᠨ ᠡᠷᠦᠬᠡ ᠪᠠ 200 ᠡᠷᠦᠬᠡ ᠪᠠᠢᠭ᠍ᠰᠠᠨ ᠡᠴᠡᠪᠠᠨ 4 ᠲᠦᠮᠡ ᠪᠠ 600 ᠭᠠᠷᠤᠶ ᠡᠷᠦᠬᠡ ᠪᠣᠯᠤᠨ ᠨᠡᠮᠡᠭ᠌ᠳᠡᠪᠡ᠃ ᠡᠨᠡ ᠬᠦ᠌ ᠲᠠᠪᠠᠯᠳᠠᠳᠤ ᠮᠠᠶᠢᠭ ᠤ᠋ᠨ ᠬᠥᠭ᠌ᠵᠢᠯᠲᠡ ᠢ᠋ᠢᠨ ᠠᠷᠤᠳᠤ᠂ ᠬᠢᠩᠭᠠᠨ ᠠᠢᠮᠠᠭ ᠡᠬᠢ ᠪᠠᠶᠠᠯᠢᠭ ᠤ᠋ᠨ ᠳᠠᠪᠠᠭᠤᠯᠢᠭᠲᠠᠭᠠᠨ ᠰᠠᠭᠤᠷᠢᠯᠠᠵᠤ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠢ᠋ᠢᠨ ᠲᠣᠭ᠍ᠲᠠᠴᠠᠳᠤ ᠲᠦᠱᠢᠭ᠌ᠯᠡᠨ᠂ ᠪᠥᠬᠥ᠌ ᠠᠵᠤ ᠦᠶ᠋ᠯᠡᠰ ᠤ᠋ᠨ ᠬᠡᠯᠬᠢᠶᠡ ᠢ᠋ᠢ ᠣᠨᠣᠴᠠᠲᠠᠶ ᠪᠠᠢᠭᠤᠯᠵᠤ᠂ ᠣᠲᠣ ᠦᠶᠡ ᠢ᠋ᠢᠨ ᠮᠠᠯ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠤᠯᠵᠡᠢ᠃
ᠥᠪᠥᠷ ᠮᠣᠩᠭᠣᠯ ᠤ᠋ᠨ ᠬᠤᠸᠠ ᠶᠠᠩ ᠦᠬᠡᠷ ᠤ᠋ᠨ ᠦᠶ᠋ᠯᠡᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠢ᠋ᠢᠨ ᠨᠢᠲᠤᠯᠵᠤ ᠡᠳ᠋ᠱᠢᠭᠦᠯᠬᠦ᠌ ᠦᠶ᠋ᠯᠡᠳᠪᠦᠷᠢ ᠢ᠋ᠢᠨ ᠲᠠᠰᠤᠭᠲᠤ ᠬᠦᠷᠤᠬᠦᠯᠡᠷ ᠮᠠᠱᠢᠨ ᠮᠸᠬᠠᠨᠢᠭ ᠡᠷᠴᠢᠮᠳᠠᠢ ᠠᠵᠢᠯᠯᠠᠵᠤ ᠪᠠᠢᠯᠡ᠃ 2021 ᠣᠨᠳᠤ᠂ ᠲᠥᠪ ᠤ᠋ᠨ ᠤᠬᠠᠭᠤᠯᠬᠤ ᠬᠡᠯᠲᠡᠰᠡᠴᠡ ᠥᠪᠥᠷ ᠮᠣᠩᠭᠣᠯ ᠤ᠋ᠨ ᠬᠤᠸᠠ ᠶᠠᠩ ᠦᠬᠡᠷ ᠤ᠋ᠨ ᠦᠢᠯᠡᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠢ᠋ᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨᠳᠤ ᠨᠤᠲᠤᠭ᠍ᠰᠢᠭᠤᠯᠵᠤ᠂ ᠬᠣᠩ ᠠᠨ᠂ ᠵᠦᠩ ᠪᠥᠸᠧ ᠲᠠᠷᠢᠶᠠᠯᠠᠨᠭ᠌ ᠮᠠᠯ ᠠᠵᠤ ᠠᠬᠤᠢ ᠵᠡᠷᠭᠡ ᠤᠯᠠᠨ ᠠᠵᠢᠯ ᠲᠦᠷᠦᠯ ᠤ᠋ᠨ ᠲᠠᠭᠠᠭᠤᠯᠤᠬ᠍ᠴᠢ ᠠᠵᠤ ᠠᠬᠤᠢᠯᠠᠯ ᠵᠠᠯᠭᠠᠭᠠ ᠪᠡᠷ ᠨᠤᠳᠤᠭᠰᠢᠬᠤ ᠢ᠋ᠢ ᠲᠠᠢᠴᠢᠯᠠᠪᠠ᠃ ᠲᠤᠬᠠᠶ ᠢ᠋ᠢᠨ ᠭᠠᠵᠠᠷ ᠤ᠋ᠨᠬᠢᠨ ᠨᠡᠢᠲᠡ 1.5 ᠳ᠋ᠦᠩᠱᠢᠭᠤᠷ ᠲᠥᠭᠥᠷᠢᠭ ᠤ᠋ᠨ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠢ᠋ᠢᠨ ᠪᠠᠯᠠ ᠮᠥᠩᠭᠥ᠌ ᠲᠤᠬᠢᠷᠠᠭᠤᠯᠵᠤ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨᠤ ᠦᠬᠡᠷ ᠤ᠋ᠨ ᠠᠵᠤ ᠦᠶ᠋ᠯᠡᠰ ᠤ᠋ᠨ ᠬᠥᠭ᠌ᠵᠢᠯᠲᠡ ᠢ᠋ᠢ ᠳᠡᠮᠵᠢᠬᠦ᠌ ᠢ᠋ᠢᠨ ᠬᠠᠮᠲᠤ ᠨᠡᠢᠰᠯᠡᠯ ᠤ᠋ᠨ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠡᠬᠢ ᠪᠠᠶᠠᠯᠢᠭᠲᠠᠢ ᠬᠣᠯᠪᠣᠭᠠᠯᠠᠨ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨᠤ ᠬᠦᠷᠢᠶᠡᠯᠡᠩ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠳᠤᠮᠳᠠᠳᠤ ᠤᠯᠤᠰ ᠤ᠋ᠨ ᠮᠠᠯ ᠠᠵᠤ ᠠᠬᠤᠶ ᠢ᠋ᠢᠨ ᠨᠡᠢᠭᠡᠮᠯᠢᠭ ᠵᠡᠷᠭᠡ ᠪᠠᠢᠭᠤᠯᠤᠮᠵᠢᠲᠠᠶ ᠬᠠᠮᠳᠤᠷᠡᠨ ᠠᠵᠤ ᠦᠶ᠋ᠯᠡᠰ ᠤ᠋ᠨ ᠬᠥᠭ᠌ᠵᠢᠯᠲᠡ ᠳ᠋ᠤ᠌ ᠣᠶᠤᠨᠤ ᠲᠤᠯᠭᠠᠭᠤᠷᠢᠯᠠᠯ ᠬᠠᠨᠭᠭᠠᠭᠰᠠᠨ ᠪᠠᠢᠨᠡ᠃
ᠲᠠᠭᠠᠭᠤᠯᠤᠭᠴᠢ ᠠᠵᠤ ᠠᠬᠤᠢᠯᠠᠯ ᠤ᠋ᠨ ᠴᠤᠭ᠍ᠯᠠᠷᠠᠯ ᠨᠢ ᠲᠠᠷᠢᠶᠠᠯᠠᠬᠤ ᠡᠷᠦᠬᠡ ᠬᠢᠭᠡᠳ ᠬᠠᠮᠲᠤᠷᠠᠯᠴᠠᠭᠠᠨᠤ ᠵᠣᠬᠢᠶᠠᠨ ᠪᠠᠢᠭᠤᠯᠤᠯᠲᠠ ᠢ᠋ᠢᠨ ᠬᠥᠭ᠌ᠵᠢᠨ ᠪᠤᠵᠠᠭᠠᠢᠷᠬᠠᠬᠤ ᠢ᠋ᠢ ᠪᠦᠲᠦᠮᠵᠢᠲᠡᠶ ᠳᠠᠢᠴᠢᠯᠠᠭ᠍ᠰᠠᠨᠢᠶᠠᠷ ᠪᠠᠷᠠᠬᠤ ᠥᠬᠡᠶ᠂ ᠨᠠᠩ ᠴᠤ᠌ 2800 ᠭᠠᠷᠤᠶ ᠠᠵᠢᠯ ᠤ᠋ᠨ ᠪᠠᠢᠷᠢ ᠬᠠᠩᠭᠠᠵᠤ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠡᠪᠴᠢᠶᠡᠵᠢᠨ ᠬᠥᠭ᠌ᠵᠢᠬᠦ᠌ ᠢ᠋ᠢ ᠲᠦᠷᠬᠡᠳᠬᠡᠪᠡ᠃ 《2023 ᠣᠨᠳᠤ ᠠᠱᠢᠭ᠍ᠯᠠᠯᠲᠠᠳᠤ ᠣᠷᠣᠭ᠍ᠰᠠᠨ ᠡᠴᠡ ᠨᠠᠭᠠᠰᠢ᠂ ᠺᠣᠮᠫᠠᠨᠢᠨᠢ ᠨᠡᠢᠲᠡ 3.74 ᠲᠦᠮᠡ ᠭᠠᠷᠤᠶ ᠮᠢᠬᠠᠨ ᠤ᠋ ᠦᠬᠡᠷ ᠨᠢᠳᠤᠯᠵᠤ᠂ 1.1 ᠲᠦᠮᠡᠨ ᠲᠣᠨ ᠴᠢᠨᠠᠷ ᠰᠠᠢᠲᠠᠶ ᠦᠬᠡᠷ ᠤ᠋ᠨ ᠮᠢᠬᠠ ᠪᠣᠯᠪᠠᠰᠤᠷᠠᠭᠤᠯᠵᠤ᠂ ᠬᠠᠮᠢᠶᠠ ᠪᠥᠬᠥᠶ ᠪᠣᠷᠣᠯᠠᠭᠤᠯᠭᠠ ᠢ᠋ᠢᠨ ᠨᠣᠷᠮᠠᠨᠢ 15 ᠳ᠋ᠦᠩᠱᠢᠭᠤᠷ ᠲᠥᠭᠥᠷᠢᠭᠢ ᠳᠠᠪᠠᠵᠠᠶ》 ᠭᠡᠵᠦ᠍ ᠥᠪᠥᠷ ᠮᠣᠩᠭᠣᠯ ᠤ᠋ᠨ ᠬᠤᠸᠠ ᠶᠠᠩ ᠦᠬᠡᠷ ᠤ᠋ᠨ ᠦᠢᠯᠡᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠢ᠋ᠢᠨ ᠳᠡᠳ᠋ ᠶᠡᠷᠦᠩᠬᠡᠢ ᠳᠠᠭᠠᠭᠠᠮᠠᠯ ᠸᠠᠩ ᡁᠢ ᠲᠤᠤ ᠬᠡᠯᠡᠨᠡ ᠃
ᠡᠭᠦᠨᠡᠴᠡ ᠭᠠᠳᠠᠨᠠ᠂ ᠬᠢᠩᠭᠠᠨ ᠠᠢᠮᠠᠭ ᠪᠠᠰᠠ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨᠤ ᠪᠡᠯᠡ ᠮᠥᠩᠭᠥ᠌ ᠲᠤᠬᠢᠷᠠᠭᠤᠯᠵᠤ ᠵᠠᠯᠠᠢᠳ ᠬᠣᠱᠢᠭᠤᠨᠳᠤ 34 ᠪᠠᠷᠢᠮᠵᠢᠶᠠᠵᠢᠭ᠍ᠰᠠᠨ ᠦᠬᠡᠷ ᠤ᠋ᠨ ᠬᠠᠱᠢᠶᠠ ᠪᠠᠢᠭᠤᠯᠵᠤ᠂ 7000 ᠮᠢᠬᠠᠨ ᠤ᠋ ᠦᠬᠡᠷ ᠲᠡᠵᠢᠬᠡᠵᠤ ᠪᠤᠯᠬᠤ ᠪᠤᠯᠭᠠᠪᠠ᠃ ᠲᠣᠭᠠ ᠪᠠᠷᠢᠮᠲᠠᠢ᠋ᠢ ᠦᠨᠳᠦᠰᠦᠯᠡᠪᠡᠯ᠂ 2018 ᠣᠨ ᠡᠴᠡ ᠨᠠᠭᠠᠰᠢ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠪᠠᠷ ᠲᠠᠮᠵᠢᠨ᠂ ᠬᠢᠩᠭᠠᠨ ᠠᠢᠮᠠᠭ ᠤ᠋ᠨ ᠮᠢᠬᠠᠨ ᠤ᠋ ᠦᠬᠡᠷ ᠤ᠋ᠨ ᠲᠣᠭᠠ 53.54 ᠲᠦᠮᠡ ᠪᠠᠢᠭ᠍ᠰᠠᠨ ᠡᠴᠡᠪᠠᠨ 153.3 ᠲᠦᠮᠡ ᠪᠣᠯᠵᠣ ᠨᠡᠮᠡᠭᠳᠡᠵᠤ᠂ ᠨᠡᠮᠡᠭ᠌ᠳᠡᠯ ᠤ᠋ᠨ ᠨᠣᠷᠮᠠᠨᠢ 186 % ᠳ᠋ᠤ ᠬᠦᠷᠴᠡᠶ᠃
ᠠᠵᠤ ᠦᠶ᠋ᠯᠡᠰ ᠤ᠋ᠨ ᠬᠡᠪᠴᠢᠶᠡ ᠢ᠋ᠢ ᠥᠷᠭᠡᠳᠭᠡᠬᠦ᠌ ᠢ᠋ᠢᠨ ᠬᠠᠮᠲᠤ᠂ ᠬᠢᠩᠭᠠᠨ ᠠᠢᠮᠠᠭ ᠣᠲᠣ ᠦᠶᠡ ᠢ᠋ᠢᠨ ᠠᠷᠠᠯᠵᠢᠶᠠᠨᠤ ᠱᠢᠰᠲ᠋ᠧᠮ ᠤ᠋ᠨ ᠪᠠᠢᠭᠤᠯᠤᠯᠲᠠ ᠪᠣᠯᠤᠨ ᠡᠬᠦᠯᠳᠡᠷ ᠤ᠋ᠨ ᠰᠠᠢᠵᠢᠷᠠᠭᠤᠯᠤᠯᠲᠠ ᠢ᠋ᠢ ᠵᠡᠷᠭᠡᠪᠡᠷ ᠬᠦᠴᠦᠯᠡᠵᠦ᠍᠂ ᠠᠵᠤ ᠦᠶ᠋ᠯᠡᠰ ᠤ᠋ᠨ ᠶᠠᠰᠤ ᠴᠢᠨᠠᠷ ᠦᠷᠡ ᠠᠱᠢᠭᠢ ᠦᠷᠭᠦᠯᠵᠢᠯᠡᠨ ᠳᠡᠭᠡᠭ᠌ᠰᠢᠯᠡᠭᠦᠯᠪᠡ᠃ 2800 ᠲᠦᠮᠡᠨ ᠲᠥᠭᠥᠷᠢᠭ ᠤ᠋ᠨ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠢ᠋ᠢᠨ ᠪᠡᠯᠡ ᠮᠥᠩᠭᠥ ᠲᠤᠬᠢᠷᠠᠭᠤᠯᠵᠤ ᠬᠣᠩ ᠠᠨ ᠳ᠋ᠠ ᠮᠢᠶᠣᠣ ᠦᠬᠡᠷ ᠬᠣᠨᠢᠨᠤ ᠠᠷᠠᠯᠵᠢᠶᠠᠨᠤ ᠵᠠᠬᠠ ᠳᠡᠯᠭᠡᠭᠦᠷᠢ ᠪᠠᠢᠭᠤᠯᠵᠤ᠂ ᠳᠦᠷᠢᠮᠵᠢᠭ᠌ᠰᠡᠨ ᠢᠯᠡ ᠲᠣᠳᠣ ᠪᠠᠷᠢᠮᠵᠢᠶᠠᠵᠢᠭ᠍ᠰᠠᠨ ᠠᠷᠠᠯᠵᠢᠶᠠᠨᠤ ᠲᠠᠪᠴᠠᠩ ᠢ᠋ ᠪᠠᠢᠭᠤᠯᠵᠤ᠂ ᠮᠠᠯᠴᠢᠨ ᠲᠠᠷᠢᠶᠠᠴᠢᠨᠤ ᠠᠷᠠᠯᠵᠢᠶᠠᠨᠤ ᠥᠪᠡᠷ ᠤ᠋ᠨ ᠥᠷᠲᠡᠭᠢ ᠪᠦᠲᠦᠮᠵᠢᠲᠡᠢ ᠪᠠᠭᠤᠷᠠᠭᠤᠯᠪᠡ᠃
ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠦᠷᠭᠦᠯᠵᠢᠯᠡᠨ ᠪᠤᠵᠠᠭᠠᠢᠷᠠᠯᠨᠢ ᠲᠡᠵᠢᠭᠡᠯ ᠡᠪᠡᠰᠦᠨ ᠤ᠋ ᠠᠵᠤ ᠦᠶ᠋ᠯᠡᠰ ᠤ᠋ᠨ ᠪᠠᠲᠤ ᠴᠢᠩᠭᠠ ᠲᠤᠯᠭᠠᠭᠤᠷᠢᠯᠠᠯ ᠡᠴᠡ ᠰᠠᠯᠵᠤ ᠴᠢᠳᠠᠬᠤ ᠥᠬᠡᠶ ᠶᠤᠮ᠃ ᠬᠢᠩᠭᠠᠨ ᠠᠢᠮᠠᠭ 《ᠲᠡᠵᠢᠭᠡᠬᠦ᠌ ᠢ᠋ᠢᠨ ᠲᠥᠯᠥᠭᠡ ᠳᠠᠷᠢᠵᠤ᠂ ᠳᠠᠷᠢᠵᠤ ᠲᠡᠵᠢᠭᠡᠬᠦ᠌ ᠢ᠋ᠢ ᠤᠶᠠᠯᠳᠤᠭᠤᠯᠬᠤ》 ᠵᠢ ᠪᠠᠷᠢᠮᠲᠠᠯᠠᠵᠤ᠂ ᠣᠷᠣᠨ ᠪᠠᠢᠷᠢ ᠢ᠋ᠢᠨ ᠳᠠᠪᠠᠭᠤᠯᠢᠭᠲᠠᠭᠠᠨ ᠲᠦᠱᠢᠭ᠌ᠯᠡᠨ ᠣᠲᠣ ᠦᠶᠡ ᠢ᠋ᠢᠨ ᠡᠪᠡᠰᠦᠨ ᠤ᠋ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭᠢ ᠪᠥᠲᠥᠭᠡᠨ ᠪᠠᠢᠭᠤᠯᠵᠤ᠂ ᠳᠠᠷᠢᠵᠤ ᠲᠡᠵᠢᠭᠡᠬᠦ᠌ ᠣᠷᠴᠢᠯ᠂ ᠠᠮᠢ ᠠᠬᠤᠶ ᠢ᠋ᠢᠨ ᠦᠷᠡ ᠠᠱᠢᠭᠢ ᠨᠡᠮᠡᠭ᠌ᠳᠡᠭᠦᠯᠬᠦ᠌ ᠢ᠋ᠢ ᠠᠬᠢᠭᠤᠯᠪᠠ᠃
2022 ᠣᠨᠤ 11 ᠰᠠᠷᠠᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨᠤ ᠡᠪᠡᠰᠦᠨ ᠤ᠋ ᠠᠵᠤ ᠦᠢᠯᠡᠰ ᠤ᠋ᠨ ᠬᠦᠷᠢᠶᠡᠯᠡᠩᠢ ᠪᠠᠢᠭᠤᠯᠤᠨ ᠠᠱᠢᠭ᠍ᠯᠠᠯᠲᠠᠳᠤ ᠣᠷᠣᠭᠤᠯᠪᠠ᠃ ᠬᠦᠷᠢᠶᠡᠯᠡᠩ ᠲᠣᠭᠣᠷᠢᠭᠨᠢ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠢ᠋ᠢᠨ 774 ᠲᠦᠮᠡᠨ ᠲᠥᠭᠥᠷᠢᠭ ᠤ᠋ᠨ ᠪᠡᠯᠡ ᠮᠥᠩᠭᠥ᠌ ᠪᠠ ᠡᠯᠡ ᠲᠥᠷᠥᠯ ᠤ᠋ᠨ ᠨᠡᠢᠭᠡᠮ ᠤ᠋ᠨ ᠪᠡᠯᠡ ᠮᠥᠩᠭᠥ᠌ ᠢ᠋ᠢ 9226 ᠲᠦᠮᠡᠨ ᠲᠥᠭᠥᠷᠢᠭ ᠲᠠᠢᠴᠢᠯᠠᠵᠤ᠂ ᠡᠳ᠋ᠱᠢᠭᠦᠯᠬᠦ᠌᠂ ᠠᠷᠠᠯᠵᠢᠶᠠᠯᠠᠬᠤ᠂ ᠪᠠᠷᠠᠭᠠᠨᠤ ᠭᠦᠢᠯᠭᠡᠭᠡ᠂ ᠬᠥᠮᠥᠷᠭᠡᠯᠡᠬᠦ᠌ ᠢ᠋ᠢ ᠨᠢᠭᠡ ᠴᠣᠭ᠍ᠴᠠᠵᠢᠭᠤᠯᠤᠭ᠍ᠰᠠᠨ ᠣᠳᠣᠬᠢᠴᠢᠯᠠᠭ᠍ᠰᠠᠨ ᠡᠪᠡᠰᠦᠨ ᠤ᠋ ᠦᠢᠯᠡᠰ ᠤ᠋ᠨ ᠬᠦᠷᠢᠶᠡᠯᠡᠩ ᠲᠣᠭᠣᠷᠢᠭ ᠢ᠋ ᠪᠠᠢᠭᠤᠯᠵᠤ᠂ ᠤᠯᠤᠰᠤ᠋ᠨ ᠲᠡᠰ ᠤ᠋ᠨ ᠡᠪᠡᠰᠦᠨ ᠤ᠋ ᠦᠢᠯᠡᠰ ᠤ᠋ᠨ 《ᠢᠯᠳᠠᠰᠤ》 ᠢ᠋ᠢ ᠪᠤᠢ ᠪᠣᠯᠭᠠᠬᠤ ᠪᠡᠷ ᠬᠦᠴᠤᠯᠠᠪᠠ᠃
ᠣᠳᠣᠬᠠᠨᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨᠤ ᠡᠪᠡᠰᠦᠨ ᠤ᠋ ᠦᠶ᠋ᠯᠡᠰ ᠤ᠋ᠨ ᠬᠦᠷᠢᠶᠡᠯᠡᠩ ᠲᠣᠭᠣᠷᠢᠭᠨᠢ ᠨᠢᠭᠡᠨᠲᠡ ᠥᠪᠡᠷᠲᠡᠭᠡᠨ ᠵᠠᠰᠠᠬᠤ ᠣᠷᠣᠨᠤ ᠴᠢᠳᠠᠮᠵᠢ ᠪᠡᠷ ᠬᠠᠮᠤᠭ ᠤ᠋ᠨ ᠪᠦᠷᠢᠨ᠂ ᠪᠠᠭ᠍ᠲᠠᠭᠠᠮᠵᠢ ᠪᠡᠷ ᠬᠠᠮᠤᠭ ᠤ᠋ᠨ ᠶᠡᠬᠡ ᠡᠪᠡᠰᠦᠨ ᠤ᠋ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠪᠣᠯᠤᠨ ᠪᠥᠬᠥ᠌ ᠤᠯᠤᠰ ᠤ᠋ᠨ ᠬᠠᠮᠤᠭ ᠤ᠋ᠨ ᠲᠣᠮᠣ ᠬᠢᠶᠠᠭ ᠡᠪᠡᠰᠤ ᠲᠠᠷᠢᠬᠤ ᠲᠥᠪ ᠪᠣᠯᠵᠣ᠂ 80 ᠠᠵᠤ ᠠᠬᠤᠢᠯᠠᠯᠢ ᠲᠥᠪᠯᠡᠷᠡᠭᠦᠯᠦᠨ᠂ ᠠᠵᠤ ᠦᠶ᠋ᠯᠡᠰ ᠤ᠋ᠨ ᠬᠡᠯᠬᠢᠶᠡ ᠢ᠋ᠢᠨ10 ᠳ᠋ᠦᠩᠱᠢᠭᠤᠷ ᠲᠥᠭᠥᠷᠢᠭᠤ᠋ᠨ ᠦᠶ᠋ᠯᠡᠳᠬᠦᠨ ᠤ᠋ ᠥᠷᠲᠡᠭ ᠡᠬᠦᠳᠴᠤ᠂ 1000 ᠬᠥᠮᠦᠨ ᠤ᠋ ᠠᠵᠢᠯ ᠣᠯᠭᠣᠯᠲᠠ ᠢ᠋ᠢ ᠳᠠᠢᠴᠢᠯᠠᠵᠤ᠂ ᠲᠤᠬᠠᠶ ᠢ᠋ᠢᠨ ᠭᠠᠵᠠᠷ ᠤ᠋ᠨ ᠡᠰᠢ ᠰᠦᠷᠡᠯᠢ ᠬᠤᠪᠢᠷᠠᠭᠤᠯᠬᠤ ᠨᠣᠷᠮᠠ ᠢ᠋ᠢ 40% ᠪᠠᠢᠭᠰᠠᠨ ᠡᠴᠡ ᠪᠡᠨ 90% ᠢ᠋ᠢ ᠲᠠᠪᠠᠭᠤᠯᠬᠤ ᠪᠣᠯᠲᠠᠯᠠ ᠨᠡᠮᠡᠭᠳᠡᠬᠦᠯᠬᠦ ᠶ᠋ᠢ ᠠᠬᠢᠭᠤᠯᠪᠠ᠃ 2023 ᠣᠨᠤ 12 ᠰᠠᠷᠠᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨᠤ ᠡᠪᠡᠰᠦᠨ ᠤ᠋ ᠠᠵᠤ ᠦᠶ᠋ᠯᠡᠰ ᠤ᠋ᠨ ᠬᠦᠷᠢᠶᠡᠯᠡᠩ ᠴᠦ᠍ ᠵᠢᠩᠬᠢᠨᠢᠪᠡᠷ ᠪᠠᠢᠭᠤᠯᠤᠭ᠍ᠳᠠᠵᠤ᠂ ᠲᠣᠰ ᠭᠠᠵᠠᠷ ᠤ᠋ᠨ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠳ᠋ᠤ᠌ ᠭᠤᠤᠯᠳᠠᠯᠭᠠᠲᠠᠶ ᠦᠶ᠋ᠯᠡᠴᠢᠯᠡᠪᠡ᠃ ᠪᠦᠷᠢᠳᠭᠡᠯᠢ ᠦᠨᠳᠦᠰᠦᠯᠡᠪᠡᠯ᠂ ᠬᠣᠶᠠᠷ ᠡᠪᠡᠰᠦᠨ ᠤ᠋ ᠠᠵᠤ ᠦᠶ᠋ᠯᠡᠰ ᠤ᠋ᠨ ᠬᠦᠷᠢᠶᠡᠯᠡᠩᠨᠢ 32 ᠲᠦᠮᠡᠨ ᠲᠣᠨ ᠡᠪᠡᠰᠦ ᠪᠣᠷᠳᠣᠭᠠ ᠨᠥᠭᠡᠴᠡᠯᠡᠵᠤ᠂ ᠪᠥᠬᠥ᠌ ᠠᠢᠮᠠᠭ ᠤ᠋ᠨ ᠡᠪᠡᠰᠦ ᠪᠣᠷᠳᠣᠭᠠ ᠢ᠋ᠢ ᠲᠡᠩᠴᠡᠭᠦᠷᠢᠲᠡᠶ ᠬᠠᠩᠭᠠᠬᠤ ᠪᠠ ᠭᠠᠮᠱᠢᠭᠢ ᠡᠰᠡᠷᠭᠦᠴᠡᠬᠦ᠌ ᠴᠢᠳᠠᠪᠤᠷᠢ ᠢ᠋ᠢ ᠪᠥᠬᠥ᠌ ᠲᠠᠯᠠ ᠪᠡᠷ ᠪᠠᠲᠤᠯᠠᠵᠡᠢ᠃
ᠤᠳᠤ᠂ ᠬᠢᠩᠭᠠᠨ ᠠᠢᠮᠠᠭ ᠨᠢᠭᠡᠨᠲᠡ ᠦᠷᠡ ᠰᠤᠳᠤᠯᠤᠨ ᠨᠡᠭᠡᠭᠡᠬᠦ᠌᠂ ᠡᠭᠦᠯᠳᠡᠷ ᠰᠣᠩᠭᠣᠨ ᠪᠣᠢᠵᠢᠭᠤᠯᠬᠤ᠂ ᠲᠡᠵᠢᠭᠡᠯ ᠡᠪᠡᠰᠦ ᠢ᠋ᠢᠨ ᠤᠢᠯᠡᠳᠪᠤᠷᠢᠯᠡᠬᠦ ᠡᠴᠡ ᠮᠢᠬᠠᠨᠤ ᠦᠬᠡᠷ ᠤ᠋ᠨ ᠰᠠᠢ᠌ᠨ ᠡᠭᠦᠯᠳᠡᠷᠢ ᠦᠷᠡᠵᠢᠭᠦᠯᠦᠨ ᠪᠣᠢᠵᠢᠭᠤᠯᠬᠤ᠂ ᠨᠢᠲᠤᠯᠵᠤ ᠡᠳ᠋ᠱᠢᠭᠦᠯᠬᠦ᠌᠂ ᠬᠦᠢᠳᠡᠨ ᠬᠡᠯᠬᠢᠶᠡᠲᠦ ᠡᠳ᠋ ᠪᠠᠷᠠᠭᠠᠨᠤ ᠭᠦᠢᠯᠭᠡᠭᠡ᠂ ᠵᠠᠬᠠ ᠳᠡᠯᠭᠡᠭᠦᠷ ᠤ᠋ᠨ ᠭᠦᠢᠯᠭᠡᠭᠡᠬᠦᠷᠳᠡᠯᠡᠬᠢ ᠪᠦᠬᠦ᠌ ᠠᠵᠤ ᠦᠢᠯᠡᠰ ᠤ᠋ᠨ ᠬᠡᠯᠬᠢᠶᠡ ᠶ᠋ᠢᠨ ᠪᠢᠳᠠᠬᠦᠮᠵᠢᠯᠡᠭᠰᠡᠨ ᠭᠣᠭ᠍ᠴᠣᠭᠠ ᠢ᠋ᠢ ᠨᠡᠪᠲᠡᠷᠡᠭᠦᠯᠵᠦ᠍᠂ ᠡᠬᠢᠨ ᠤ᠋ ᠤᠢᠯᠡᠳᠬᠦᠨ ᠪᠠ ᠡᠴᠤᠰ ᠤ᠋ᠨ ᠤᠢᠯᠡᠳᠬᠦᠨ ᠢ᠋ ᠵᠣᠯᠭᠠᠭᠤᠯᠤᠭ᠍ᠰᠠᠨ᠂ ᠲᠠᠷᠢᠶᠠᠯᠠᠩ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯᠢ ᠤᠶᠠᠯᠳᠤᠭᠤᠯᠤᠭ᠍ᠰᠠᠨ᠂ ᠠᠵᠤ ᠠᠬᠤᠢᠯᠠᠯ ᠨᠡᠢᠭᠡᠮ ᠡᠷᠦᠭᠡ ᠬᠠᠮᠲᠤ ᠪᠡᠷ ᠠᠱᠢᠭ ᠬᠦᠷᠲᠡᠭ᠌ᠰᠡᠨ ᠤᠳᠤ ᠦᠶᠡ ᠢ᠋ᠢᠨ ᠮᠠᠯ ᠠᠵᠤ ᠠᠬᠤᠢ ᠢ᠋ᠢᠨ ᠬᠥᠭ᠌ᠵᠢᠯᠲᠡ ᠢ᠋ᠢᠨ ᠱᠢᠨᠡ ᠪᠠᠢᠷᠢᠱᠢᠯᠢ ᠪᠠᠢᠭᠤᠯᠪᠠ᠃
ᠲᠥᠪ ᠤ᠋ᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠ ᠢ᠋ᠢᠨ ᠬᠦᠴᠦᠷᠬᠡᠭ ᠶᠡᠬᠡ ᠳᠡᠮᠵᠢᠯᠭᠡ ᠳ᠋ᠤ᠌ ᠲᠦᠱᠢᠭ᠌ᠯᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ᠢᠡᠷ ᠡᠨ᠋ᠸᠷᠬᠢ ᠣᠯᠭᠣᠬᠤ ᠪᠠ ᠪᠥᠬᠥ᠌ ᠠᠵᠤ ᠦᠶ᠋ᠯᠡᠰ ᠤ᠋ᠨ ᠬᠡᠯᠬᠢᠶᠡ ᠢ᠋ᠢ ᠡᠮᠬᠢᠳᠬᠡᠬᠦ ᠪᠡᠷ ᠲᠠᠮᠵᠢᠨ᠂ ᠬᠢᠩᠭᠠᠨ ᠠᠢᠮᠠᠭ ᠶᠠᠭ ᠮᠠᠯ ᠠᠵᠤ ᠠᠬᠤᠶᠲᠠᠷᠢᠶᠠᠯᠠᠨᠭ᠌ ᠤ᠋ᠨ ᠣᠳᠣᠬᠢᠴᠢᠯᠠᠯᠲᠠ ᠢ᠋ᠢᠨ ᠠᠬᠢᠴᠠ ᠢ᠋ᠢ ᠲᠦᠷᠭᠡᠳᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨᠤ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮᠡᠲᠠᠷᠢᠶᠠᠯᠠᠨᠭ᠌ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨᠢ ᠪᠥᠲᠥᠭᠡᠨ ᠪᠠᠢᠭᠤᠯᠬᠤᠳᠤ ᠬᠦᠴᠦᠨ ᠴᠢᠳᠠᠯᠢᠶᠠᠨ ᠡᠷᠭᠦᠵᠦ᠍ ᠪᠠᠢᠨᠠ ᠬᠡᠵᠤ ᠬᠢᠩᠭᠠᠨ ᠠᠢᠮᠠᠭ ᠤ᠋ᠨ ᠲᠠᠷᠢᠶᠠᠯᠠᠩ ᠮᠠᠯ ᠠᠵᠤ ᠠᠬᠤᠶᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠣᠪᠴᠢᠶᠠ ᠢ᠋ᠢᠨ ᠳᠠᠷᠤᠭᠠ ᠯᠢ ᠵᠧᠨ ᠯᠢᠨ ᠲᠠᠨᠢᠯᠴᠠᠭᠤᠯᠵᠤ ᠭᠠᠷᠤᠯᠠ᠃