— ᠥᠪᠥᠷ ᠮᠣᠩᠭᠣᠯ ᠪᠥᠬᠥ᠌ ᠬᠡᠯᠬᠢᠶ᠎ᠡ᠎ᠪᠡᠷ ᠬᠠᠶᠠᠭ᠍ᠳᠠᠮᠠᠯ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠴᠤ᠌ ᠠᠱᠢᠭ᠍ᠯᠠᠬᠤ᠎ᠶ᠋ᠢ ᠠᠬᠢᠭᠤᠯᠵᠤ ᠪᠣᠶ
ᠰᠦᠯᠢᠶᠣᠣ ᠪᠦᠷᠬᠦᠪᠴᠢ᠎ᠶ᠋ᠢ ᠲᠠᠷᠢᠶᠠᠨ ᠭᠠᠵᠠᠷ ᠡᠴᠡ ᠮᠠᠯᠳᠠᠨ ᠭᠠᠷᠭᠠᠵᠤ᠂ ᠰᠠᠯᠭᠠᠵᠤ᠂ ᠬᠦᠷᠭᠡᠵᠦ᠂ ᠲᠥᠪᠯᠡᠷᠡᠭᠦᠯᠤᠨᠠ ᠁ ᠮᠠᠰᠢᠨ ᠮᠧᠬᠠᠨᠢᠭ ᠬᠦᠷᠴᠢᠭᠢᠨᠡᠬᠦ᠌ ᠵᠢ ᠳᠠᠭᠠᠯᠳᠤᠨ᠂ ᠰᠦᠯᠢᠶᠣᠣ ᠪᠦᠷᠬᠦᠪᠴᠢ᠎ᠶ᠋ᠢ ᠮᠠᠯᠲᠠᠬᠤ ᠪᠠᠭᠠᠵᠢ ᠬᠥᠷᠥᠰᠥᠨ᠎ᠳᠤ ᠭᠦᠨ ᠬᠠᠳᠬᠤᠵᠤ᠂ ᠭᠠᠵᠠᠷ ᠲᠡᠭᠡᠷ᠎ᠠ ᠦᠯᠡᠳᠡᠵᠦ᠍ ᠪᠠᠢᠬᠰᠠᠨ ᠬᠠᠶᠠᠭ᠍ᠳᠠᠮᠠᠯ ᠰᠦᠯᠢᠶᠣᠣ ᠪᠦᠷᠬᠦᠪᠴᠢ᠎ᠶ᠋ᠢ ᠡᠰᠢ ᠰᠦᠷᠡᠯ ᠭᠤᠤᠷᠰᠤ᠎ᠡᠴᠡ ᠰᠠᠯᠭᠠᠵᠤ᠂ ᠲᠠᠷᠢᠶᠠᠨ ᠳᠤᠮᠳᠠ ᠲᠠᠷᠬᠠᠵᠤ ᠪᠠᠢᠭ᠍ᠰᠠᠨ ᠰᠦᠯᠢᠶᠣᠣ ᠪᠦᠷᠬᠦᠪᠴᠢ᠎ᠶ᠋ᠢᠨ ᠦᠯᠡᠳᠡᠭ᠌ᠳᠡᠯ᠎ᠢ ᠮᠠᠰᠢ ᠲᠦᠷᠭᠡᠨ᠎ᠢᠶᠡᠷ ᠬᠤᠷᠢᠶᠠᠠ ᠴᠡᠪᠡᠷᠯᠡᠪᠠ᠃ ᠳᠠᠷᠠᠭ᠎ᠠ ᠨᠢ ᠲᠠᠬᠢᠨ ᠲᠠᠷᠢᠶᠠᠨ ᠭᠠᠵᠠᠷ᠎ᠢ ᠬᠠᠭᠠᠯᠪᠦᠷᠢᠯᠠᠠ ᠲᠡᠭᠰᠢᠯᠡᠵᠡᠢ᠃
3 ᠰᠠᠷ᠎ᠠ᠎ᠶ᠋ᠢᠨ 27 ᠤ᠋ ᠡᠳᠦᠷ᠂ ᠲᠦᠩᠯᠢᠶᠣᠤ ᠬᠣᠲᠠ᠎ᠶ᠋ᠢᠨ 2026 ᠣᠨ᠎ᠤ ᠬᠠᠪᠤᠷ᠎ᠤᠨ ᠤᠯᠠᠷᠢᠯ᠎ᠤᠨ ᠲᠠᠷᠢᠶᠠᠯᠠᠩ ᠳ᠋ᠤ ᠬᠡᠷᠡᠭᠯᠡᠬᠦ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠴᠤ᠌ ᠱᠢᠶ᠋ᠳᠪᠦᠷᠢᠯᠡᠬᠦ᠌ ᠲᠥᠪᠯᠡᠷᠡᠭᠦᠯᠦᠨ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠬᠤᠷᠠᠯ ᠳᠡᠭᠡᠷ᠎ᠡ᠂ ᠬᠠᠶᠠᠭᠳᠠᠮᠠᠯ ᠰᠦᠯᠢᠶᠣᠣ ᠪᠦᠷᠬᠦᠪᠴᠢ᠎ᠶ᠋ᠢ ᠮᠠᠰᠢᠨ ᠮᠧᠬᠠᠨᠢᠭ᠎ᠢᠶᠠᠷ ᠬᠣᠷᠢᠶᠠᠨ ᠠᠪᠬᠤ ᠲᠤᠬᠠᠶ᠎ᠶ᠋ᠢᠨ ᠲᠠᠯᠠᠪᠠᠶ᠎ᠶ᠋ᠢᠨ ᠦᠵᠡᠭᠦᠯᠭᠡ᠎ᠨᠢ《ᠣᠶᠤᠨᠴᠢ᠂ ᠥᠨᠳᠥᠷ ᠪᠦᠲᠦᠮᠵᠢᠲᠡᠶ》ᠠᠵᠢᠯᠯᠠᠬᠤ ᠳᠠᠪᠠᠭᠤᠯᠢᠭ᠎ᠢ ᠦᠵᠡᠬᠦᠯᠦᠨ ᠲᠠᠨᠢᠭᠤᠯᠵᠠᠢ᠃ ᠲᠠᠷᠠᠬᠠᠶ ᠪᠤᠲᠠᠷᠬᠠᠶ ᠲᠡᠭᠦᠵᠦ᠍ ᠠᠪᠬᠤ᠎ᠡᠴᠡ ᠠᠪᠤᠭᠠᠳ ᠲᠥᠪᠯᠡᠷᠡᠭᠦᠯᠦᠨ ᠨᠡᠢᠯᠡᠭᠦᠯᠬᠦ᠌ ᠬᠦᠷᠳᠡᠯ᠎ᠡ᠂ ᠪᠥᠬᠥ᠌ ᠶᠠᠪᠤᠴᠠ ᠵᠢᠨ ᠮᠧᠬᠠᠨᠢᠭᠴᠢᠯᠠᠯᠳᠠ ᠪᠡᠷ ᠥᠨᠳᠥᠷ ᠪᠦᠲᠦᠮᠵᠢᠲᠡᠶ ᠠᠵᠢᠯᠯᠠᠭᠤᠯᠬᠤ ᠬᠦᠷᠲᠡᠯ᠎ᠡ᠂ ᠬᠠᠶᠠᠭ᠍ᠳᠠᠮᠠᠯ ᠰᠦᠯᠢᠶᠣᠣ ᠪᠦᠷᠬᠦᠪᠴᠢ᠎ᠶ᠋ᠢ ᠪᠤᠴᠠᠭᠠᠨ ᠬᠤᠷᠢᠶᠠᠬᠤ ᠨᠣᠷᠮ᠎ᠠ᠎ᠶ᠋ᠢ ᠶᠡᠬᠡᠪᠡᠷ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠲᠠᠷᠢᠶᠠᠨ ᠭᠠᠵᠠᠷ᠎ᠤᠨ 《ᠰᠦᠯᠢᠶᠤᠤ ᠵᠢᠨ ᠪᠣᠬᠢᠷᠲᠤᠯ》 ᠢ᠋ ᠡᠬᠢ ᠡᠭᠦᠰᠦᠯ᠎ᠡᠴᠡ ᠨᠢ ᠪᠠᠭᠠᠰᠭᠠᠪᠠ᠃
《ᠰᠦᠯᠢᠶᠣᠣ ᠪᠦᠷᠬᠦᠪᠡᠯ ᠬᠤᠷᠢᠶᠠᠯᠲᠠ ᠤᠯᠠᠮ ᠲᠡᠭᠡᠭᠰᠢᠯᠡᠨᠠ》᠃ ᠡᠨᠡ ᠪᠣᠯ ᠲᠠᠷᠢᠶᠠᠴᠢᠨ ᠪᠦᠬᠦᠨ᠎ᠦ ᠮᠡᠳᠡᠬᠦ ᠤᠷᠠᠨ ᠠᠷᠭ᠎ᠠ ᠪᠠᠢᠵᠤ᠂ ᠰᠦᠯᠢᠶᠣᠣ ᠪᠦᠷᠬᠦᠬᠦ ᠮᠡᠷᠭᠡᠵᠢᠯ ᠨᠢ ᠲᠠᠷᠢᠶᠠᠴᠢᠳ᠎ᠲᠤ ᠦᠨᠡᠨ ᠪᠣᠳᠠᠲᠠᠶ ᠠᠱᠢᠭ ᠣᠷᠣᠯᠭ᠎ᠠ ᠠᠪᠴᠢᠷᠠᠪᠠ᠃ ᠰᠦᠯᠢᠶᠣᠣ ᠪᠦᠷᠬᠦᠬᠦ᠌᠎ᠨᠢ ᠶᠠᠭ ᠯᠠ ᠲᠠᠷᠢᠶᠠᠨ ᠭᠠᠵᠠᠷ ᠲᠦ᠍ ᠨᠢᠭᠡ ᠳᠠᠪᠬᠤᠷᠭ᠎ᠠ 《ᠳᠤᠯᠠᠭᠠᠨ᠎ᠢ ᠬᠠᠳᠠᠭᠠᠯᠠᠬᠤ ᠬᠥᠨᠵᠢᠯᠡ》ᠬᠤᠴᠢᠵᠦ ᠦᠭᠬᠦᠭᠰᠡᠨ ᠮᠡᠲᠦ ᠪᠠᠢᠵᠦ᠂ ᠤᠰᠤ᠎ᠶ᠋ᠢ ᠲᠤᠭᠳᠠᠭᠠᠵᠦ᠂ ᠭᠠᠵᠠᠷ᠎ᠤᠨ ᠳᠤᠯᠠᠭᠠᠨ᠎ᠢ ᠳᠡᠭᠡᠭ᠌ᠰᠢᠯᠡᠭᠦᠯᠵᠦ᠍᠂ ᠤᠰᠤ᠎ᠶ᠋ᠢ ᠠᠷᠪᠢᠯᠠᠬᠤ ᠪᠠ ᠤᠨᠠᠯᠲᠠ᠎ᠶ᠋ᠢ ᠨᠡᠮᠡᠭ᠌ᠳᠡᠭᠦᠯᠬᠦ᠌ ᠦᠷ᠎ᠡ ᠪᠦᠲᠦᠮᠵᠢ ᠪᠡᠷ ᠢᠯᠡᠷᠬᠡᠶ ᠪᠠᠢᠳᠠᠭ᠃
ᠬᠢᠮᠢ᠎ᠶ᠋ᠢᠨ ᠪᠣᠷᠲᠣᠭᠣᠷ᠂ ᠲᠠᠷᠢᠶᠠᠨ ᠡᠮ᠂ ᠦᠷ᠎ᠡ ᠶ᠋ᠢᠨ ᠳᠠᠷᠠᠭᠠᠬᠢ ᠳᠥᠷᠪᠡᠳᠦᠭᠡᠷ ᠲᠣᠮᠣ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ ᠪᠣᠯᠤᠭ᠍ᠰᠠᠨ᠎ᠤ ᠬᠤᠪᠢ᠎ᠳᠤ᠂ ᠰᠦᠯᠢᠶᠣᠣ ᠪᠦᠷᠬᠦᠪᠴᠢ᠎ᠶ᠋ᠢᠨ ᠬᠡᠷᠡᠭ᠌ᠯᠡᠭᠡᠨ᠎ᠦ ᠬᠡᠪᠴᠢᠶ᠎ᠡ ᠦᠷᠭᠦᠯᠵᠢᠯᠡᠨ ᠥᠷᠭᠡᠳᠬᠦ᠌ᠪᠠᠷ᠂ ᠲᠠᠭᠠᠯᠳᠤᠨ ᠡᠭᠦᠰᠦᠭ᠌ᠰᠡᠨ 《ᠰᠦᠯᠢᠶᠤᠤ ᠵᠢᠨ ᠪᠣᠬᠢᠷᠲᠤᠯ》 ᠨᠢ ᠰᠢᠨ᠎ᠡ ᠲᠦᠪᠡᠭ ᠠᠰᠠᠭᠤᠳᠠᠯ ᠪᠤᠯᠪᠠ᠄ ᠬᠠᠶᠠᠬᠳᠠᠮᠠᠯ ᠰᠦᠯᠢᠶᠣᠣ ᠪᠦᠷᠬᠦᠪᠴᠢ᠎ᠶ᠋ᠢ ᠴᠠᠭ ᠲᠤᠬᠠᠶ᠎ᠳᠤᠨᠢ ᠬᠣᠷᠢᠶᠠᠨ ᠠᠪᠴᠤ᠌ ᠳᠡᠢᠯᠬᠦ᠌ ᠥᠬᠡᠶ ᠪᠥᠭᠡᠳ ᠵᠠᠳᠠᠷᠠᠨ ᠠᠷᠢᠯᠬᠤ᠎ᠳᠤ ᠪᠡᠷᠬᠡ ᠪᠣᠯᠬᠣᠷ ᠣᠷᠳᠣ ᠬᠤᠭᠤᠴᠠᠭ᠎ᠠ᠎ᠪᠠᠷ ᠭᠠᠵᠠᠷ ᠰᠢᠷᠤᠢ ᠳ᠋ᠤ ᠦᠯᠡᠳᠡᠵᠦ ᠭᠠᠵᠠᠷ ᠱᠢᠷᠣᠶ᠎ᠶ᠋ᠢ《ᠠᠮᠢᠰᠭᠤᠵᠤ ᠳᠡᠢᠯᠬᠦ᠌ ᠥᠬᠡᠶ》ᠪᠣᠯᠭᠠᠵᠤ᠂ ᠬᠥᠷᠥᠰᠥ᠍ ᠱᠢᠷᠣᠶ᠎ᠶ᠋ᠢᠨ ᠥᠩ ᠱᠢᠮ᠎ᠡ᠎ᠶ᠋ᠢ ᠪᠠᠭᠤᠷᠠᠭᠤᠯᠳᠠᠭ᠃ ᠡᠭᠦᠨ᠎ᠦ ᠬᠠᠮᠲᠤ᠂ ᠡᠳᠡᠬᠡᠷ ᠬᠠᠶᠠᠬᠳᠠᠮᠠᠯ ᠪᠦᠷᠬᠦᠪᠴᠢ ᠨᠢ ᠲᠠᠷᠢᠶᠠᠨ ᠭᠠᠵᠠᠷ᠎ᠤᠨ ᠵᠠᠬ᠎ᠠ᠎ᠳᠤ ᠬᠠᠶᠠᠭ᠍ᠳᠠᠵᠤ᠂ ᠪᠠᠰᠠ ᠭᠤᠤ ᠰᠤᠪᠠᠭ᠎ᠲᠤ ᠬᠡᠢᠰᠦᠨ ᠣᠷᠣᠵᠤ᠂ ᠮᠤᠳᠤᠨ ᠰᠠᠯᠠᠭᠠᠨ ᠳᠡᠭᠡᠷ᠎ᠡ ᠡᠯᠭᠦᠭ᠌ᠳᠡᠵᠦ᠂ ᠣᠷᠴᠢᠨ ᠲᠣᠭᠣᠷᠢᠨ᠎ᠢ ᠠᠮᠠᠷᠬᠠᠨ ᠪᠣᠬᠢᠷᠲᠤᠭᠤᠯᠳᠠᠭ᠃
ᠬᠠᠶᠠᠭ᠍ᠳᠠᠮᠠᠯ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ ᠪᠠ ᠠᠱᠢᠭ᠍ᠯᠠᠬᠤ ᠨᠢ ᠨᠢᠭᠡᠨᠲᠡ ᠲᠠᠷᠢᠶᠠᠨ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠬᠤ᠎ᠳᠤ 《ᠵᠠᠪᠠᠯ ᠬᠠᠷᠢᠭᠤᠯᠬᠤ ᠰᠡᠳᠦᠪ》 ᠪᠣᠯᠵᠠᠶ᠃
《ᠰᠦᠯᠢᠶᠤᠤ ᠬᠡᠷᠡᠭᠯᠡᠬᠦ》 ᠪᠣᠯᠤᠨ 《ᠰᠦᠯᠢᠶᠤᠤ ᠵᠢᠨ ᠪᠤᠬᠢᠷᠳᠤᠯ》 ᠲᠠᠢ ᠲᠡᠮᠡᠴᠡᠬᠦ ᠦᠵᠡᠯᠴᠡᠭᠡᠨ ᠳᠤᠮᠳᠠ᠂ ᠥᠪᠥᠷ ᠮᠣᠩᠭᠣᠯ᠄ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭᠠᠳᠤ ᠰᠠᠭᠤᠷᠢᠯᠠᠨ᠂ ᠬᠠᠤᠯᠢ ᠲᠣᠭ᠍ᠲᠠᠭᠠᠬᠤ᠎ᠪᠠᠷ ᠬᠥᠲᠥᠯᠪᠦᠷᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠪᠠᠭᠠᠵᠢ ᠪᠣᠯᠭᠠᠨ᠂ ᠲᠣᠭ᠍ᠲᠠᠴᠠ᠎ᠪᠠᠷ ᠰᠠᠭᠤᠷᠢ ᠪᠣᠯᠭᠠᠵᠤ᠂ 《ᠡᠬᠢ ᠡᠭᠦᠰᠦᠯ᠎ᠡᠴᠡ᠎ᠨᠢ ᠬᠠᠮᠢᠶᠠᠷᠤᠨ ᠡᠵᠡᠮᠳᠡᠬᠦ᠌᠂ ᠶᠠᠪᠤᠴᠠ ᠳ᠋ᠤᠨᠢ ᠵᠠᠰᠠᠬᠤ᠂ ᠬᠠᠮᠤᠭ᠎ᠤᠨ ᠰᠡᠭᠦᠯ ᠳ᠋ᠤᠨᠢ ᠠᠱᠢᠭ᠍ᠯᠠᠬᠤ》 ᠪᠥᠬᠥ᠌ ᠬᠡᠯᠬᠢᠶ᠎ᠡ ᠵᠢᠨ ᠲᠠᠷᠢᠶᠠᠯᠠᠩ ᠳ᠋ᠤ ᠬᠡᠷᠡᠭᠯᠡᠬᠦ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠴᠤ᠌ ᠵᠠᠰᠠᠬᠤ ᠱᠢᠰᠲ᠋ᠧᠮ᠎ᠢ ᠪᠠᠢᠭᠤᠯᠵᠤ᠂ ᠲᠠᠷᠢᠶᠠᠨ ᠭᠠᠵᠠᠷ᠎ᠤᠨ 《ᠰᠦᠯᠢᠶᠣᠣ ᠪᠦᠷᠬᠦᠪᠴᠢ᠎ᠶ᠋ᠢ ᠪᠠᠭᠠᠰᠬᠠᠬᠤ》 ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠪᠣᠬᠢᠷᠲᠤᠯ ᠥᠬᠡᠶ ᠦᠷᠭᠦᠯᠵᠢᠯᠡᠬᠦ᠌ ᠬᠥᠭ᠌ᠵᠢᠯᠲᠡ᠎ᠵᠢᠨ ᠰᠠᠭᠤᠷᠢ᠎ᠶ᠋ᠢ ᠨᠢ ᠪᠡᠬᠢᠵᠢᠭᠦᠯᠪᠡ᠃
ᠣᠳᠣᠬᠠᠨ᠎ᠳᠤ ᠶᠠᠭ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠵᠠᠩᠭᠢᠯᠠᠭ᠎ᠠ᠎ᠶ᠋ᠢᠨ ᠴᠠᠭ ᠦᠶ᠎ᠡ ᠪᠣᠯᠤᠨ᠎ᠠ᠂ ᠮᠥᠨ ᠴᠦ᠍ ᠲᠠᠷᠢᠶᠠᠯᠠᠩ᠎ᠳᠤ ᠬᠡᠷᠡᠭ᠌ᠯᠡᠬᠦ᠌ ᠦᠯᠡᠳᠡᠭ᠌ᠳᠡᠯ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ ᠪᠠ ᠲᠠᠷᠢᠶᠠᠯᠠᠩ᠎ᠤᠨ ᠰᠦᠯᠢᠶᠣᠣ ᠪᠦᠷᠬᠦᠪᠴᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠃
3 ᠰᠠᠷ᠎ᠠ᠎ᠶ᠋ᠢᠨ 5 ᠤ᠋ ᠡᠳᠦᠷ᠂ ᠥᠪᠥᠷ ᠮᠣᠩᠭᠣᠯ᠎ᠤᠨ 2026 ᠣᠨ᠎ᠤ ᠲᠠᠷᠢᠶᠠᠯᠠᠩᠳ᠋ᠤ ᠬᠡᠷᠡᠭᠯᠡᠬᠦ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠴᠤ᠌ ᠱᠢᠶ᠋ᠳᠪᠦᠷᠢᠯᠡᠬᠦ᠌ ᠲᠥᠪᠯᠡᠷᠡᠭᠦᠯᠦᠨ ᠪᠣᠭᠣᠮᠲᠠ ᠱᠢᠪᠲᠤᠯᠬᠤ ᠠᠵᠢᠯᠯᠠᠭ᠎ᠠ ᠡᠬᠢᠯᠡᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠦᠳᠲᠡᠷ ᠲᠦᠷᠭᠡᠨ ᠬᠥᠳᠡᠯᠦᠯᠴᠡᠵᠦ᠍᠂ ᠨᠢᠭ᠍ᠲᠠ ᠪᠠᠢᠷᠢᠯᠠᠭᠤᠯᠤᠨ᠂ ᠱᠠᠲᠤ ᠱᠠᠲᠤ᠎ᠪᠠᠷ ᠨᠠᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠪᠥᠬᠥ᠌ ᠣᠷᠣᠨ ᠪᠦᠰᠡ᠎ᠪᠡᠷ ᠠᠬᠢᠭᠤᠯᠬᠤ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢᠷᠢᠱᠢᠯ᠎ᠢ ᠪᠠᠢᠭᠤᠯᠪᠠ᠃
ᠣᠢᠯᠠᠭᠠᠭ᠍ᠳᠠᠬᠤᠨ᠎ᠢ ᠤᠷᠢᠳ᠎ᠵᠢᠡᠷ ᠪᠤᠢ ᠪᠤᠯᠭᠠᠵᠤ᠂ ᠲᠠᠷᠠᠭ᠎ᠠ ᠨᠢ ᠬᠢᠬᠦ ᠬᠡᠷᠡᠭᠳᠡᠢ᠃ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠰᠠᠯᠠᠭ᠎ᠠ ᠮᠥᠴᠢᠷ᠎ᠤᠨ ᠬᠢᠨ ᠴᠥᠮ ᠥᠷᠭᠡᠨ ᠣᠯᠠᠨ ᠮᠠᠯᠴᠢᠨ ᠲᠠᠷᠢᠶᠠᠴᠢᠨ ᠤᠯᠠᠨ ᠲᠦᠮᠡᠨ᠎ᠳᠦ ᠦᠯᠡᠳᠡᠭ᠌ᠳᠡᠯ ᠰᠦᠯᠢᠶᠣᠣ ᠪᠦᠷᠬᠦᠪᠴᠢ᠎ᠶ᠋ᠢ ᠡᠭᠡᠭᠦᠯᠦᠨ ᠬᠤᠷᠢᠶᠠᠬᠤ ᠰᠠᠨᠠᠭᠠᠴᠢᠯᠠᠭ᠎ᠠ᠎ᠶ᠋ᠢᠨ ᠪᠢᠴᠢᠭ ᠬᠢᠭᠡᠳ ᠢᠯᠡ ᠵᠠᠬᠢᠳᠠᠯ᠎ᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠢ ᠥᠷᠭᠡᠨ᠎ᠢᠶᠡᠷ ᠤᠬᠠᠭᠤᠯᠤᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍᠂ ᠣᠯᠠᠨ ᠲᠦᠮᠡᠨ᠎ᠦ ᠦᠵᠡᠯ ᠰᠠᠨᠠᠭ᠎ᠠ ᠣᠢᠯᠠᠭᠠᠭ᠍ᠳᠠᠬᠤᠨ᠎ᠢ ᠬᠦᠴᠦᠯᠡᠨ ᠬᠤᠪᠢᠷᠠᠭᠤᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠬᠠᠮᠰᠠᠷ᠎ᠢᠶᠠᠨ ᠳᠡᠭᠡᠭ᠌ᠰᠢᠯᠡᠭᠦᠯᠦᠨ᠂ 《ᠡᠭᠡᠭᠦᠯᠦᠨ ᠬᠤᠷᠢᠶ᠎ᠠ》 ᠭᠡᠵᠦ ᠬᠦᠳᠦᠯᠦᠨ ᠵᠢᠯᠤᠭᠤᠳᠬᠤ ᠡᠴᠡ 《ᠪᠢ ᠡᠭᠡᠭᠦᠯᠦᠨ ᠬᠤᠷᠢᠶᠠᠶ᠎ᠠ》 ᠭᠡᠬᠦ ᠰᠠᠨᠠᠭᠠᠴᠢᠯᠠᠭ᠎ᠠ ᠡᠴᠡ ᠪᠡᠨ ᠬᠢᠬᠦ ᠳᠠᠢᠰᠢ ᠬᠤᠪᠢᠷᠠᠭᠤᠯᠬᠤ᠎ᠶ᠋ᠢ ᠠᠬᠢᠭᠤᠯᠵᠤ᠂ ᠪᠥᠬᠥ᠌ ᠨᠡᠢᠭᠡᠮ᠎ᠢ ᠬᠥᠲᠥᠯᠥᠨ ᠵᠢᠯᠣᠭᠣᠳᠴᠤ᠌ ᠪᠠᠢᠭᠠᠳ ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠡᠭᠡᠭᠦᠯᠦᠨ ᠬᠤᠷᠢᠶᠠᠬᠤ ᠪᠠ ᠠᠱᠢᠭ᠍ᠯᠠᠬᠤ᠎ᠳᠤ ᠬᠠᠮᠲᠤ᠎ᠪᠠᠷ ᠣᠷᠣᠯᠴᠠᠭᠤᠯᠪᠠ᠃
ᠡᠯ᠎ᠡ ᠠᠢᠮᠠᠭ ᠬᠣᠲᠠ ᠡᠯ᠎ᠡ ᠬᠣᠱᠢᠭᠤ ᠱᠢᠶᠠᠨᠦ ᠬᠢᠨ ᠲᠤᠰᠭᠠᠶ ᠰᠡᠳᠦᠪᠲᠦ ᠪᠣᠯᠪᠠᠰᠤᠷᠠᠯ᠎ᠢ ᠵᠡᠷᠭᠡ ᠪᠡᠷ ᠥᠷᠨᠢᠭᠦᠯᠵᠦ᠍᠂ ᠲᠥᠪᠯᠡᠷᠡᠭᠦᠯᠦᠨ ᠬᠢᠴᠢᠶᠡᠯ ᠣᠷᠣᠬᠤ᠂ ᠲᠤᠬᠠᠶ᠎ᠶ᠋ᠢᠨ ᠲᠠᠯᠠᠪᠠᠶ᠎ᠳᠤ ᠵᠢᠭᠠᠨ ᠰᠤᠷᠭᠠᠬᠤ᠂ ᠲᠠᠷᠢᠶᠠᠨ ᠭᠠᠵᠠᠷ᠎ᠲᠤ ᠪᠣᠳᠠᠲᠠᠶ ᠠᠵᠢᠯᠯᠠᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠭᠤᠯᠤᠨ᠂ ᠦᠨᠳᠦᠰᠦᠨ ᠱᠠᠲᠤᠨ᠎ᠤ ᠺᠠᠳ᠋ᠷ᠂ ᠲᠠᠷᠢᠶᠠᠯᠠᠩ᠎ᠤᠨ ᠮᠡᠷᠭᠡᠵᠢᠯ᠎ᠦᠨ ᠠᠵᠢᠯᠲᠠᠨ᠂ ᠲᠠᠷᠢᠮᠠᠯ᠎ᠤᠨ ᠲᠣᠮᠣ ᠡᠷᠦᠬᠡ᠂ ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠲᠤᠰᠭᠠᠶ ᠠᠵᠢᠯ᠎ᠤᠨ ᠬᠣᠷᠱᠢᠶ᠎ᠠ ᠵᠡᠷᠭᠡ᠎ᠳᠦ ᠱᠢᠰᠲ᠋ᠧᠮ᠎ᠲᠡᠶ ᠪᠣᠯᠪᠠᠰᠤᠷᠠᠯ ᠬᠢᠵᠦ᠍᠂ ᠲᠠᠷᠢᠶᠠᠯᠠᠩ᠎ᠤᠨ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠨᠠᠷᠢᠨ ᠨᠢᠮᠪᠠᠶ ᠲᠠᠢᠯᠪᠤᠷᠢᠯᠠᠵᠤ᠂ ᠦᠯᠡᠳᠡᠭ᠌ᠳᠡᠯ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ ᠮᠡᠷᠭᠡᠵᠢᠯ᠎ᠦᠨ ᠵᠢᠷᠤᠮᠵᠢᠯ᠂ ᠮᠠᠱᠢᠨ᠎ᠢᠶᠠᠷ ᠠᠵᠢᠯᠯᠠᠬᠤ ᠭᠤᠤᠯᠳᠠᠯᠭ᠎ᠠ ᠵᠢᠴᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠠᠷᠭ᠎ᠠ ᠵᠠᠮ᠎ᠢ ᠭᠦᠨᠵᠡᠭᠡᠶ ᠲᠠᠢᠯᠪᠤᠷᠢᠯᠠᠵᠤ᠂ ᠨᠢᠭᠡᠳᠦᠭᠡᠷ ᠹᠷᠣᠨᠲ᠎ᠤᠨ ᠠᠵᠢᠯᠲᠠᠨ᠎ᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠴᠢᠳᠠᠪᠤᠷᠢ ᠬᠢᠭᠡᠳ ᠪᠣᠳᠠᠲᠠᠶ ᠠᠵᠢᠯᠯᠠᠬᠤ ᠬᠢᠷᠢ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠲᠠᠷᠢᠶᠠᠨ ᠭᠠᠵᠠᠷ᠎ᠲᠤ ᠤᠴᠢᠭᠤᠯᠵᠤ᠂ ᠲᠠᠷᠢᠶᠠᠴᠢᠨ ᠡᠷᠦᠬᠡ᠎ᠶ᠋ᠢᠨ ᠱᠢᠨᠵᠢᠯᠡᠬᠦ᠌ ᠤᠬᠠᠭᠠᠨᠴᠢ᠎ᠪᠠᠷ ᠲᠡᠭᠦᠬᠦ᠌᠂ ᠲᠥᠷᠥᠯ ᠬᠤᠪᠢᠶᠠᠨ ᠬᠠᠳᠠᠭᠠᠯᠠᠬᠤ᠎ᠶ᠋ᠢ ᠪᠡᠶᠡᠴᠢᠯᠡᠨ ᠵᠢᠯᠣᠭᠣᠳᠴᠤ᠌᠂ ᠬᠣᠷᠢᠶᠠᠨ ᠠᠪᠬᠤ ᠮᠡᠷᠭᠡᠵᠢᠯ᠎ᠢ ᠠᠢᠯ ᠡᠷᠦᠬᠡ᠎ᠳᠦ ᠣᠷᠣᠭᠤᠯᠬᠤ᠂ ᠣᠷᠴᠢᠨ ᠲᠤᠭᠤᠷᠢᠨ ᠢ᠋ ᠬᠠᠮᠠᠭᠠᠯᠠᠬᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ᠃
ᠥᠷᠯᠥᠭᠡ ᠡᠷᠲᠡ ᠳ᠋ᠧᠩᠺᠧᠦ ᠱᠢᠶᠠᠨ᠎ᠤ ᠪᠠᠶᠠᠨᠭᠤᠤᠯ ᠪᠠᠯᠭᠠᠰᠤᠨ᠎ᠤ 《ᠬᠤᠪᠢ ᠬᠤᠷᠠᠮᠳᠤᠭᠤᠯᠬᠤ ᠬᠠᠮ ᠳᠡᠯᠭᠡᠭᠦᠷ》 ᠡᠭᠦᠳᠡ᠎ᠪᠡᠨ ᠨᠡᠭᠡᠭᠡᠮᠡᠭ᠌ᠴᠡ ᠨᠢᠭᠡᠨ ᠡᠳ᠋ ᠪᠣᠳᠠᠰ ᠰᠣᠯᠢᠬᠤ ᠪᠡᠷ ᠢᠷᠡᠭᠰᠡᠨ ᠲᠣᠰᠭᠣᠨ᠎ᠤ ᠠᠷᠠᠳ᠎ᠢ ᠤᠭ᠍ᠲᠤᠨ ᠠᠪᠴᠠᠢ᠃
《 ᠦᠯᠡᠳᠡᠭ᠌ᠳᠡᠯ ᠪᠦᠷᠬᠦᠪᠴᠢ᠎ᠶ᠋ᠢ ᠬᠦᠨᠳᠦ᠍᠎ᠶ᠋ᠢᠨ ᠬᠡᠮᠵᠢᠶ᠎ᠡ᠎ᠪᠡᠷ᠎ᠨᠢ ᠨᠡᠢᠯᠡᠭᠦᠯᠦᠨ ᠬᠤᠷᠠᠮᠳᠤᠯ ᠬᠤᠪᠢ ᠰᠤᠯᠢᠵᠤ᠂ ᠡᠲᠡᠭᠡᠷ ᠬᠤᠷᠠᠮᠳᠤᠯ ᠬᠤᠪᠢ᠎ᠪᠡᠷ ᠠᠮᠢᠳᠤᠷᠠᠯ᠎ᠤᠨ ᠬᠡᠷᠡᠭ᠌ᠰᠡᠯ ᠰᠣᠯᠢᠵᠤ ᠪᠤᠯᠤᠨ᠎ᠠ᠂ ᠡᠨᠡ ᠨᠢ ᠲᠠᠷᠢᠶᠠᠨ ᠭᠠᠵᠠᠷ᠎ᠢ ᠴᠡᠪᠡᠷ ᠪᠣᠯᠭᠠᠭ᠍ᠰᠠᠨ᠎ᠢᠶᠠᠷ ᠪᠠᠷᠠᠬᠤ ᠥᠬᠡᠶ᠂ ᠪᠢᠳᠡ ᠪᠠᠰᠠ ᠪᠣᠳᠠᠲᠤ ᠠᠱᠢᠭ ᠭᠥᠷᠳᠡᠵᠡᠶ᠂ ᠦᠨᠡᠬᠡᠷ ᠰᠠᠢᠨ ᠶᠠᠪᠤᠳᠠᠯ ᠡ》 ᠭᠡᠵᠦ᠍ ᠵᠢᠦ ᠳ᠋ᠢ ᠲᠣᠰᠭᠣᠨ᠎ᠤ ᠠᠷᠠᠳ ᠷᠧᠨ ᠯᠢᠶᠠᠩ ᠡᠢᠮᠦᠷᠬᠦᠦ 《ᠪᠣᠬᠢᠷᠲᠤᠯ ᠥᠬᠡᠶ ᠬᠠᠳᠠᠭᠠᠯᠠᠮᠵᠢ᠎ᠶ᠋ᠢᠨ ᠳᠡᠪᠲᠡᠷ 》ᠵᠢᠡᠷ ᠡᠳ᠋ ᠪᠣᠳᠠᠰ ᠰᠣᠯᠢᠬᠤ᠎ᠶ᠋ᠢᠨ ᠳᠠᠭᠠᠤ ᠪᠠᠶᠠᠷᠲᠠᠶ ᠬᠡᠯᠡᠨ᠎ᠡ᠃
ᠲᠣᠰᠭᠣᠨ᠎ᠤ ᠠᠷᠠᠳ᠎ᠤᠨ ᠭᠠᠷ᠎ᠲᠤ ᠪᠠᠢᠭ᠎ᠠ ᠬᠤᠷᠠᠮᠳᠤᠯ ᠬᠤᠪᠢ ᠪᠣᠯ ᠵᠥᠪᠬᠡᠨ ᠪᠠᠶᠠᠨᠨᠠᠭᠤᠷ ᠬᠣᠲᠠ᠎ᠶ᠋ᠢᠨ ᠦᠯᠡᠳᠡᠭ᠌ᠳᠡᠯ ᠪᠦᠷᠬᠦᠪᠴᠢ᠎ᠶ᠋ᠢᠨ ᠣᠯᠠᠨ ᠡᠱᠢᠲᠦ ᠬᠣᠷᠢᠶᠠᠨ ᠠᠪᠬᠤ ᠠᠷᠭ᠎ᠠ ᠵᠠᠮ᠎ᠢ ᠰᠦᠪᠡᠭ᠌ᠴᠢᠯᠡᠵᠦ᠍᠂ ᠬᠣᠷᠢᠶᠠᠨ ᠠᠪᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭ᠌ᠰᠡᠨ ᠨᠢᠭᠡᠨ ᠪᠤᠳᠠᠳᠤ ᠵᠢᠱ᠌ᠢᠶ᠎ᠠ ᠲᠡᠳᠦᠢ᠃ ᠲᠤᠰ ᠬᠤᠲᠠ 5 ᠬᠣᠱᠢᠭᠤ ᠱᠢᠶᠠᠨ᠎ᠤ 385 ᠲᠣᠰᠭᠣᠨᠦ ᠳᠤᠭᠤᠢᠯᠠᠩ᠎ᠳᠤ 1297 ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠭᠠᠷᠭᠠᠵᠤ᠂ ᠲᠤᠰᠭᠠᠢᠯᠠᠨ ᠤᠯᠠᠨ ᠨᠡᠢᠲᠡ᠎ᠶ᠋ᠢᠨ ᠣᠷᠣᠨ ᠪᠦᠰᠡ᠎ᠶ᠋ᠢᠨ ᠦᠯᠡᠳᠡᠭ᠌ᠳᠡᠯ ᠪᠦᠷᠬᠦᠪᠴᠢ᠎ᠶ᠋ᠢ ᠴᠡᠪᠡᠷᠯᠡᠪᠡ᠃ ᠦᠶᠤᠸᠠᠨ ᠱᠢᠶᠠᠨ᠎ᠳᠤ 9 《ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠴᠡᠭ ᠭᠠᠷᠭᠠᠵᠤ᠂ 5᠄ 1 ᠵᠢᠨ ᠬᠠᠷᠢᠴᠠᠯ᠎ᠢᠶᠠᠷ ᠬᠠᠭᠤᠴᠢᠨ ᠪᠦᠷᠬᠦᠪᠴᠢ᠎ᠪᠡᠷ ᠱᠢᠨ᠎ᠡ ᠪᠦᠷᠬᠦᠪᠴᠢ ᠰᠣᠯᠢᠵᠤ᠂ ᠳ᠋ᠸᠩᠺᠸᠤ ᠱᠢᠶᠠᠨ᠎ᠳᠤ 77 《ᠬᠤᠪᠢ ᠬᠤᠷᠠᠮᠳᠤᠭᠤᠯᠬᠤ ᠬᠠᠮ ᠳᠡᠯᠭᠡᠭᠦᠷ》 ᠪᠠᠢᠭᠤᠯᠵᠤ᠂ 《ᠣᠯᠠᠨ ᠲᠠᠯ᠎ᠠ᠎ᠪᠠᠷ ᠬᠦᠴᠦᠯᠡᠵᠦ᠍᠂ ᠪᠥᠬᠥ᠌ ᠣᠷᠣᠨ ᠪᠦᠰᠡ᠎ᠪᠡᠷ ᠠᠬᠢᠭᠤᠯᠬᠤ 》 ᠬᠣᠷᠢᠶᠠᠨ ᠠᠪᠬᠤ ᠪᠠᠢᠳᠠᠯ᠎ᠢ ᠪᠣᠶ ᠪᠣᠯᠭᠠᠪᠠ᠃
ᠥᠪᠥᠷ ᠮᠣᠩᠭᠣᠯ ᠥᠩᠭᠡᠷᠡᠭ᠌ᠰᠡᠨ᠎ᠦ ᠬᠡᠰᠡᠭ ᠪᠤᠰᠠᠭ᠎ᠢᠶᠠᠷ ᠵᠠᠰᠠᠬᠤ ᠵᠠᠭ᠍ᠪᠤᠷᠵᠢᠡᠨ ᠲᠠᠶᠠᠭ᠍ᠳᠠᠵᠤ᠂ 《ᠪᠥᠬᠥ᠌ ᠬᠡᠯᠬᠢᠶ᠎ᠡ ᠪᠡᠷ ᠬᠠᠮᠢᠶᠠᠷᠤᠨ ᠡᠵᠡᠮᠳᠡᠬᠦ᠌ + ᠬᠠᠤᠯᠢ᠎ᠪᠠᠷ ᠵᠠᠰᠠᠬᠤ ᠬᠢᠨᠠᠯᠲᠠ ᠬᠠᠮᠢᠶᠠᠷᠤᠯᠲᠠ》 ᠶ᠋ᠢᠨ ᠰᠡᠳᠭᠢᠮᠵᠢ ᠶᠣᠰᠣᠭᠠᠷ᠂ 《ᠡᠬᠢ ᠡᠭᠦᠰᠦᠯ᠎ᠡᠴᠡ᠎ᠨᠢ ᠬᠤᠷᠢᠭᠯᠠᠬᠤ᠌᠂ ᠶᠠᠪᠤᠴᠠ᠎ᠶ᠋ᠢ᠎ᠨᠢ ᠱᠢᠯᠤᠭᠤᠳᠭᠠᠬᠤ᠂ ᠡᠴᠦᠰ᠎ᠤᠨ ᠬᠢᠯᠬᠢᠶ᠎ᠡ᠎ᠳᠤ ᠬᠤᠷᠢᠶᠠᠬᠤ》ᠭᠤᠷᠪᠠᠨ ᠦᠵᠦᠭᠦᠷᠯᠢᠭ᠎ᠦᠨ ᠬᠠᠮᠵᠢᠯᠴᠠᠨ ᠵᠠᠰᠠᠬᠤ ᠵᠠᠭ᠍ᠪᠤᠷ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢᠨ ᠬᠣᠷᠢᠶᠠᠨ ᠠᠪᠬᠤ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠬᠦ᠌᠎ᠶ᠋ᠢ ᠠᠬᠢᠭᠤᠯᠪᠠ᠃
2023 ᠣᠨ᠎ᠤ 11 ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ》 ᠢ᠋ ᠵᠢᠩᠬᠢᠨᠢ᠎ᠪᠡᠷ ᠬᠡᠷᠡᠭ᠌ᠵᠢᠭᠦᠯᠦᠭ᠌ᠰᠡᠨ᠎ᠨᠢ ᠮᠠᠨ᠎ᠤ ᠣᠷᠣᠨ᠎ᠤ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ ᠬᠠᠤᠯᠢ ᠴᠠᠭᠠᠵᠠ᠎ᠶ᠋ᠢᠨ ᠪᠠᠲᠤᠯᠠᠭ᠎ᠠ ᠪᠠ ᠲᠤᠯᠭᠠᠭᠤᠷᠢᠯᠠᠯ᠎ᠲᠠᠶ ᠪᠣᠯᠤᠭ᠍ᠰᠠᠨ᠎ᠢ ᠬᠠᠷᠠᠭᠤᠯᠵᠤ᠂ ᠮᠠᠨ᠎ᠤ ᠣᠷᠣᠨ᠎ᠤ ᠲᠣᠰ ᠬᠦᠷᠢᠶᠡᠨ᠎ᠦ ᠬᠠᠤᠯᠢ ᠴᠠᠭᠠᠵᠠ᠎ᠶ᠋ᠢᠨ ᠬᠣᠭᠣᠰᠣᠨ᠎ᠢ ᠨᠥᠬᠥᠪᠥᠷᠢᠯᠡᠵᠦ᠍᠂ ᠥᠪᠥᠷ ᠮᠣᠩᠭᠣᠯ ᠴᠤ᠌ ᠪᠥᠬᠥ᠌ ᠤᠯᠤᠰ᠎ᠲᠤ ᠲᠣᠰ ᠬᠦᠷᠢᠶᠡᠨ᠎ᠦ ᠮᠤᠵᠢ᠎ᠶ᠋ᠢᠨ ᠱᠠᠲᠤᠨ᠎ᠤ ᠲᠦᠷᠢᠮ᠎ᠢ ᠨᠡᠢᠲᠡᠯᠡᠭ᠌ᠰᠡᠨ ᠭᠤᠷᠪᠠᠳᠠᠬᠢ ᠮᠤᠵᠢ ᠣᠷᠣᠨ ᠪᠣᠯᠤᠭ᠍ᠰᠠᠨ ᠪᠠᠢᠨ᠎ᠠ᠃ ᠲᠣᠰ ᠲᠦᠷᠢᠮ᠎ᠨᠢ ᠲᠠᠷᠢᠶᠠᠯᠠᠩ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠪᠣᠳᠠᠲᠤ ᠬᠡᠷᠡᠭ᠌ᠴᠡᠭᠡ᠎ᠡᠴᠡ ᠡᠭᠦᠰᠴᠦ᠍᠂ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢ ᠦᠶ᠋ᠯᠡᠳᠪᠦᠷᠢᠯᠡᠬᠦ᠌᠂ ᠪᠣᠷᠣᠯᠠᠭᠤᠯᠬᠤ᠂ ᠬᠡᠷᠡᠭ᠌ᠯᠡᠬᠦ᠌᠂ ᠬᠣᠷᠢᠶᠠᠨ ᠠᠪᠬᠤ᠂ ᠱᠢᠶ᠋ᠳᠪᠦᠷᠢᠯᠡᠬᠦ᠌᠂ ᠳᠠᠬᠢᠨ ᠠᠱᠢᠭ᠍ᠯᠠᠬᠤ ᠵᠡᠷᠭᠡ᠎ᠳᠦ ᠨᠠᠷᠢᠨ ᠲᠣᠳᠣᠷᠬᠠᠶ ᠲᠣᠭ᠍ᠲᠠᠭᠠᠯ ᠭᠠᠷᠭᠠᠵᠤ᠂ ᠮᠠᠨ᠎ᠤ ᠣᠷᠣᠨ᠎ᠤ ᠲᠠᠷᠢᠶᠠᠯᠠᠩ᠎ᠮᠠᠯ ᠠᠵᠤ ᠠᠬᠤᠶ ᠵᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠪᠠᠲᠤᠯᠠᠬᠤ᠎ᠳᠤ ᠪᠠᠲᠤ ᠪᠠᠬᠢ ᠬᠠᠤᠯᠢ ᠴᠠᠭᠠᠵᠠ᠎ᠶ᠋ᠢᠨ ᠰᠠᠭᠤᠷᠢ᠎ᠶ᠋ᠢ ᠲᠠᠯᠪᠢᠵᠤ ᠥᠭ᠌ᠴᠡᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠡᠴᠡ ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ᠎ᠶ᠋ᠢ ᠴᠢᠩᠭᠠᠳᠭᠠᠬᠤ ᠲᠤᠬᠠᠶ 《ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠬᠤ᠎ᠶ᠋ᠢ ᠴᠢᠩᠭᠠᠳᠭᠠᠬᠤ ᠠᠷᠪᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢᠨ ᠲᠤᠬᠠᠶ ᠵᠠᠷᠯᠠᠯ》᠎ᠢ᠋ ᠨᠡᠢᠲᠡᠯᠡᠵᠦ᠍᠂ ᠡᠬᠢ ᠡᠭᠦᠰᠦᠯ᠎ᠡᠴᠡ᠎ᠨᠢ ᠬᠠᠮᠢᠶᠠᠷᠤᠨ ᠡᠵᠡᠮᠳᠡᠬᠦ᠌ ᠶ᠋ᠢ ᠴᠢᠩᠭᠠᠳᠭᠠᠬᠤ᠂ ᠬᠠᠤᠯᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠬᠤ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠵᠣᠬᠢᠶᠠᠨ ᠪᠠᠢᠭᠤᠯᠤᠨ ᠨᠠᠢᠳᠠᠪᠤᠷᠢᠵᠢᠭᠤᠯᠬᠤ᠎ᠶ᠋ᠢ ᠴᠢᠩᠭᠠᠳᠭᠠᠬᠤ᠂ ᠨᠡᠢᠲᠡᠯᠢᠭ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠬᠤ᠂ ᠬᠣᠷᠢᠶᠠᠨ ᠠᠪᠬᠤ ᠵᠠᠭ᠍ᠪᠤᠷ᠎ᠢ ᠡᠭᠦᠳᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ᠂ ᠬᠣᠯᠪᠣᠭ᠍ᠳᠠᠭᠤᠯᠬᠤ ᠲᠣᠭ᠍ᠲᠡᠴᠡ᠎ᠶ᠋ᠢ ᠪᠠᠢᠭᠤᠯᠬᠤ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠂ ᠥᠷᠭᠡᠨ᠎ᠢᠶᠡᠷ ᠳᠠᠢᠴᠢᠯᠠᠨ ᠤᠬᠠᠭᠤᠯᠬᠤ ᠵᠡᠷᠭᠡ 10 ᠲᠠᠯ᠎ᠠ ᠡᠴᠡ ᠪᠥᠬᠥ᠌ ᠣᠷᠣᠨ᠎ᠤ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢ ᠬᠣᠷᠢᠶᠠᠨ ᠠᠪᠴᠤ᠌ ᠱᠢᠶ᠋ᠳᠪᠦᠷᠢᠯᠡᠬᠦ᠌ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠵᠦ᠍᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠠᠮᠤ ᠪᠤᠳᠠᠭᠠᠨ᠎ᠤ ᠦᠶ᠋ᠯᠡᠳᠪᠦᠷᠢᠯᠡᠯ ᠢ ᠲᠣᠭ᠍ᠲᠠᠪᠤᠷᠢᠵᠢᠭᠤᠯᠤᠨ᠎ᠠ ᠭᠡᠵᠦ ᠲᠤᠳᠤᠷᠬᠠᠢᠯᠠᠪᠠ᠃
ᠲᠦᠷᠢᠮ᠎ᠢ ᠤᠷᠢᠳ᠎ᠢᠶᠠᠷ ᠪᠠᠲᠤᠯᠠᠨ ᠨᠠᠢᠳᠠᠪᠤᠷᠢᠵᠢᠭᠤᠯᠵᠤ᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠡᠷ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠡᠯ᠎ᠡ ᠭᠠᠵᠠᠷ᠎ᠤᠨ ᠬᠢᠨ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠣᠯᠠᠨ ᠡᠱᠢᠲᠦ ᠬᠣᠷᠢᠶᠠᠨ ᠠᠪᠬᠤ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠵᠦ᠍᠂ ᠲᠣᠰ ᠲᠣᠰ᠎ᠤᠨ ᠣᠨᠴᠠᠯᠢᠭ᠎ᠲᠠᠶ ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠭᠠᠷᠭᠠᠪᠠ᠃ ᠳ᠋ᠸᠩᠺᠸᠤ ᠱᠢᠶᠠᠨ᠎ᠤ ᠱᠠᠵᠢᠨᠲᠤᠬᠤᠢ ᠰᠤᠮᠤ ᠡᠰᠢ ᠰᠦᠷᠡᠯ᠎ᠢ ᠬᠠᠶᠠᠭ᠍ᠳᠠᠮᠠᠯ ᠬᠠᠭᠤᠴᠢᠨ ᠰᠦᠯᠢᠶᠤᠤ ᠪᠦᠷᠬᠦᠪᠴᠢ᠎ᠲᠡᠶ ᠨᠡᠢᠯᠡᠭᠦᠯᠦᠨ ᠪᠣᠭᠣᠵᠤ᠂ ᠨᠢᠭᠡᠳᠦᠯᠲᠡᠢ᠎ᠪᠡᠷ ᠴᠠᠬᠢᠯᠭᠠᠨ᠎ᠤ ᠦᠢᠯᠡᠳᠪᠦᠷᠢ᠎ᠳᠦ ᠪᠣᠷᠣᠯᠠᠭᠤᠯᠵᠤ᠂ ᠡᠨᠧᠷᠭᠢ᠎ᠶ᠋ᠢᠨ ᠬᠣᠶᠠᠳᠠᠬᠢ ᠤᠳᠠᠭ᠎ᠠ᠎ᠵᠢᠨ ᠠᠱᠢᠭ᠍ᠯᠠᠯᠲᠠ᠎ᠶ᠋ᠢ ᠪᠡᠶᠡᠯᠡᠭᠦᠯᠪᠡ; ᠤᠷᠠᠳ᠎ᠤᠨ ᠳᠤᠮᠳᠠᠳᠤ ᠬᠣᠱᠢᠭᠤ ᠮᠥ᠍ ᠪᠦᠷᠢᠳᠦ 30 ᠲᠥᠭᠥᠷᠢᠭ᠎ᠦᠨ ᠲᠤᠰᠭᠠᠶ ᠲᠥᠷᠥᠯ᠎ᠦᠨ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ ᠲᠡᠭᠦᠬᠦ ᠡᠴᠡ ᠱᠢᠶ᠋ᠳᠪᠦᠷᠢᠯᠡᠬᠦ᠌ ᠬᠦᠷᠲᠡᠯᠡᠬᠢ ᠪᠥᠬᠥ᠌ ᠬᠡᠯᠬᠢᠶ᠎ᠡ᠎ᠶ᠋ᠢ ᠬᠠᠮᠤᠷᠴᠤ᠌᠂ ᠲᠠᠷᠢᠶᠠᠴᠢᠳ᠎ᠤᠨ ᠦᠯᠡᠳᠡᠭ᠌ᠳᠡᠯ ᠪᠦᠷᠬᠦᠪᠴᠢ᠎ᠶ᠋ᠢ ᠬᠣᠷᠢᠶᠠᠨ ᠠᠪᠬᠤ ᠢᠳᠡᠪᠬᠢᠵᠢᠯ᠎ᠢ ᠪᠦᠲᠦᠮᠵᠢᠲᠡᠶ ᠳᠠᠢᠴᠢᠯᠠᠪᠠ; ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤ《ᠪᠦᠷᠬᠦᠪᠴᠢ᠎ᠪᠡᠷ ᠬᠤᠪᠢ ᠰᠣᠯᠢᠬᠤ》ᠲᠣᠭ᠍ᠲᠡᠴᠡ᠎ᠶ᠋ᠢ ᠬᠡᠷᠡᠭ᠌ᠵᠢᠭᠦᠯᠵᠦ᠍᠂ ᠲᠣᠭᠠᠴᠢᠯᠠᠭ᠍ᠰᠠᠨ ᠬᠥᠳᠡᠭᠡ ᠲᠣᠰᠭᠣᠨ᠎ᠤ ᠲᠠᠪᠴᠠᠩ᠎ᠢᠶᠠᠷ ᠳᠠᠮᠵᠢᠭᠤᠯᠤᠨ《ᠬᠤᠪᠢ ᠬᠤᠷᠠᠮᠳᠤᠭᠤᠯᠬᠤ ᠪᠠᠩᠬᠢ》 ᠶ᠋ᠢ ᠨᠡᠭᠡᠭᠡᠵᠦ᠍᠂ ᠲᠣᠰᠭᠣᠨ᠎ᠤ ᠠᠷᠠᠳ ᠬᠤᠷᠠᠮᠳᠤᠯ ᠬᠤᠪᠢ ᠪᠡᠷ ᠵᠢᠠᠨ ᠠᠮᠢᠳᠤᠷᠠᠯ᠎ᠤᠨ ᠬᠡᠷᠡᠭ᠌ᠰᠡᠯ ᠰᠣᠯᠢᠬᠤ ᠪᠤᠯᠪᠠ᠃
ᠣᠳᠣᠬᠠᠨ᠎ᠳᠤ᠂ ᠥᠪᠥᠷ ᠮᠣᠩᠭᠣᠯ ᠨᠢᠭᠡᠨᠲᠡ 《ᠱᠢᠶᠠᠨ᠎ᠤ ᠲᠠᠰ᠎ᠤᠨ ᠬᠣᠷᠢᠶᠠᠨ ᠠᠪᠬᠤ ᠲᠥᠪ + ᠱᠢᠶᠠᠩ ᠪᠠᠯᠭᠠᠰᠤᠨ᠎ᠤ ᠳᠠᠮᠵᠢᠭᠤᠯᠬᠤ ᠥᠷᠲᠡᠭᠡ + ᠲᠣᠰᠭᠣᠨ᠎ᠤ ᠲᠠᠰ᠎ᠤᠨ ᠲᠦᠷ ᠴᠠᠭ᠎ᠤᠨ ᠴᠡᠭ》 ᠤ᠋ᠨ ᠭᠤᠷᠪᠠᠨ ᠳᠡᠰ᠎ᠤᠨ ᠬᠣᠷᠢᠶᠠᠨ ᠠᠪᠬᠤ ᠲᠤᠤᠷ ᠰᠦᠯᠵᠢᠶ᠎ᠡ᠎ᠶ᠋ᠢ ᠪᠠᠢᠭᠤᠯᠵᠤ᠂ ᠪᠥᠬᠥ᠌ ᠣᠷᠣᠨ᠎ᠳᠤ 1800 ᠭᠠᠷᠤᠶ ᠬᠣᠷᠢᠶᠠᠨ ᠠᠪᠬᠤ ᠥᠷᠲᠡᠭᠡ ᠴᠡᠭ᠎ᠢ ᠪᠠᠢᠭᠤᠯᠤᠨ᠂ ᠦᠯᠡᠳᠡᠭ᠌ᠳᠡᠯ ᠪᠦᠷᠬᠦᠪᠴᠢ᠎ᠵᠢ ᠰᠢᠢᠳᠪᠦᠷᠢᠯᠡᠬᠦ ᠠᠵᠤ ᠠᠬᠤᠢᠯᠠᠯ᠎ᠢ ᠪᠣᠢᠵᠢᠭᠤᠯᠵᠤ᠂ 《ᠬᠣᠷᠢᠶᠠᠨ ᠠᠪᠴᠤ᠌ ᠱᠢᠯᠵᠢᠭᠦᠯᠦᠨ ᠵᠥᠭᠡᠭᠡᠪᠦᠷᠢᠯᠡᠬᠦ᠌》 ᠪᠢᠲᠡᠭᠦᠦ ᠴᠠᠭᠠᠷᠢᠭ᠎ᠢ ᠪᠣᠶ ᠪᠣᠯᠭᠠᠪᠠ᠃ ᠡᠭᠦᠨ᠎ᠦ ᠬᠠᠮᠲᠤ᠂ ᠴᠠᠭ ᠲᠤᠬᠠᠶ᠎ᠳᠤᠨᠢ ᠦᠯᠦ ᠡᠭᠡᠭᠦᠯᠦᠨ ᠬᠤᠷᠢᠶᠠᠬᠤ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠤᠯᠢ ᠬᠡᠷᠡᠭ᠌ᠵᠢᠭᠦᠯᠬᠦ᠌᠎ᠶ᠋ᠢ ᠴᠢᠩᠭᠠᠳᠭᠠᠬᠤ᠎ᠶ᠋ᠢᠨ ᠬᠠᠮᠲᠤ ᠲᠠᠷᠢᠶᠠᠨ ᠭᠠᠵᠠᠷ᠎ᠤᠨ ᠬᠥᠷᠥᠰᠥ᠍ ᠱᠢᠷᠣᠶ᠎ᠶ᠋ᠢ ᠬᠠᠮᠠᠭᠠᠯᠠᠬᠤ ᠨᠥᠬᠥᠪᠥᠷᠢᠯᠦᠭᠡ ᠬᠣᠯᠪᠣᠭ᠍ᠳᠠᠭᠤᠯᠵᠤ᠂ ᠵᠠᠰᠠᠭ ᠵᠠᠬᠢᠷᠭᠠᠨ᠎ᠢᠶᠠᠷ ᠱᠢᠢᠳᠭᠡᠨ ᠲᠣᠷᠭᠠᠭ᠍ᠳᠠᠭ᠍ᠰᠠᠨ ᠪᠣᠯᠪᠠᠴᠤ᠌ ᠴᠡᠭ᠌ᠴᠡᠯᠡᠨ ᠰᠠᠢᠵᠢᠷᠠᠭᠤᠯᠬᠤ᠎ᠶ᠋ᠢ ᠲᠡᠪᠴᠢᠭ᠌ᠰᠡᠨ ᠲᠠᠷᠢᠶᠠᠯᠠᠬᠤ ᠡᠷᠦᠬᠡ᠎ᠶ᠋ᠢᠨ ᠳᠠᠷᠠᠭ᠎ᠠ ᠵᠢᠯ᠎ᠦᠨ ᠨᠥᠬᠥᠪᠥᠷᠢ᠎ᠶ᠋ᠢ ᠨᠢ ᠬᠦᠴᠦᠨ ᠦᠭᠡᠶ ᠪᠣᠯᠭᠠᠵᠤ᠂《ᠬᠡᠨ ᠰᠦᠯᠢᠶᠣᠣ ᠪᠦᠷᠬᠦᠪᠴᠢ ᠬᠡᠷᠡᠭ᠌ᠯᠡᠪᠡᠯ᠂ ᠬᠡᠨ ᠡᠭᠡᠭᠦᠯᠦᠨ ᠬᠤᠷᠢᠶᠠᠬᠤ》ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠪᠠ᠃ 2024 ᠣᠨ᠎ᠳᠤ᠂ ᠪᠥᠬᠥ᠌ ᠣᠷᠣᠨ᠎ᠤ ᠲᠠᠷᠢᠶᠠᠯᠠᠩ᠎ᠳᠤ ᠬᠡᠷᠡᠭᠯᠡᠬᠦ ᠰᠦᠯᠢᠶᠣᠣ ᠪᠦᠷᠬᠦᠪᠴᠢ᠎ᠶ᠋ᠢᠨ ᠡᠭᠡᠭᠦᠯᠦᠨ ᠬᠤᠷᠢᠶᠠᠬᠰᠠᠠ ᠨᠣᠷᠮ᠎ᠠ 87% ᠳ᠋ᠤ ᠬᠦᠷᠴᠦ᠍᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠠᠷᠠᠯᠲᠠ᠎ᠡᠴᠡ ᠵᠠᠭᠤᠨ᠎ᠤ ᠬᠠᠷᠢᠴᠠᠯ᠎ᠵᠢᠡᠷ 2 ᠬᠤᠪᠢ ᠥᠨᠳᠥᠷ ᠪᠣᠯᠪᠠ᠃