4 ᠰᠠᠷ᠎ᠠ᠎ᠶᠢᠨ 18 ᠤ᠋ ᠡᠳᠤᠷ ᠤᠨ 13 ᠴᠠᠭ 40 ᠮᠢᠨᠦ᠋ᠲ᠎ᠦᠨ ᠦᠶ᠎ᠡ᠎ᠪᠡᠷ᠂ ᠣᠷᠣᠰ᠎ᠤᠨ ᠠᠷᠤ ᠪᠠᠢᠭᠠᠯ ᠬᠢᠯᠢ ᠵᠢᠨ ᠤᠷᠤᠨ᠎ᠳᠤ ᠡᠭᠦᠰᠦᠭᠰᠡᠨ ᠳᠤᠮᠳᠠᠳᠤ ᠤᠯᠤᠰ᠎ᠤᠨ ᠬᠠᠷᠢᠶ᠎ᠠ ᠠᠶᠠᠨᠴᠢᠳ᠎ᠢ ᠰᠠᠭᠤᠯᠭᠠᠬᠰᠠᠨ ᠣᠯᠠᠨ ᠤᠯᠤᠰ᠎ᠤᠨ ᠠᠶᠠᠨᠴᠢᠳ᠎ᠤᠨ ᠮᠠᠰᠢᠨ ᠲᠡᠷᠭᠡ ᠬᠥᠷᠪᠡᠭᠰᠡᠨ ᠡᠨᠳᠡᠯ ᠭᠠᠷᠴᠤ᠂ 2 ᠬᠥᠮᠥᠨ ᠦᠬᠦᠵᠦ᠂ 23 ᠬᠥᠮᠥᠨ ᠰᠢᠷᠬᠠᠲᠤᠵᠠᠢ᠃ ᠡᠨᠳᠡᠯ᠎ᠦᠨ ᠮᠡᠳᠡᠭᠦᠯᠦᠯᠲᠡ᠎ᠶᠢ ᠣᠯᠣᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠲᠡᠷᠡ ᠲᠠᠷᠤᠢ᠎ᠳᠤ᠎ᠨᠢ ᠴᠣᠬᠣᠯᠠᠪᠤᠷᠢ ᠥᠭᠪᠠ᠄ ᠲᠠᠷᠤᠢ ᠲᠦᠷᠭᠡᠨ ᠰᠢᠷᠬᠠᠲᠤᠭᠰᠠᠳ᠎ᠢ ᠠᠪᠤᠷᠠᠵᠤ᠂ ᠡᠨᠳᠡᠭᠰᠡᠳ᠎ᠦᠨ ᠭᠡᠷ ᠪᠦᠯᠢ᠎ᠶᠢᠨ ᠬᠢᠨᠢ ᠲᠣᠬᠣᠨᠢᠭᠤᠯᠵᠤ᠂ ᠡᠨᠳᠡᠯ᠎ᠦᠨ ᠰᠢᠯᠲᠠᠭᠠᠨ᠎ᠢ ᠪᠠᠢᠴᠠᠭᠠᠨ ᠲᠣᠳᠣᠯᠠᠵᠤ᠂ ᠬᠣᠢᠲᠤᠬᠢ ᠶᠠᠪᠤᠳᠠᠯ᠎ᠢ ᠲᠣᠬᠢᠲᠠᠢ ᠰᠢᠢᠳᠪᠦᠷᠢᠯᠡᠬᠦ ᠬᠡᠷᠡᠭᠲᠡᠢ᠃
ᠸᠠᠩ ᠸᠧᠢ ᠵᠦᠩ ᠱᠦᠵᠢ ᠵᠢᠨ ᠨᠠᠢᠳᠠᠯᠭ᠎ᠠ ᠪᠡᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠴᠣᠬᠣᠯᠠᠪᠤᠷᠢ ᠥᠭᠭᠦᠭᠰᠡᠨ ᠪᠥᠭᠡᠳ ᠨᠢᠬᠡᠨᠳᠡ ᠮᠠᠨᠵᠤᠤᠷ ᠬᠤᠳᠠ᠎ᠳᠤ ᠬᠦᠷᠴᠦ᠂ ᠰᠢᠷᠬᠠᠲᠤᠭᠰᠠᠳ ᠢ᠋ ᠤᠯᠤᠰ᠎ᠲᠠᠭᠠᠨ ᠠᠪᠴᠢᠷᠠᠵᠤ ᠡᠮᠨᠡᠨ ᠠᠪᠤᠷᠠᠬᠤ ᠪᠠ ᠬᠣᠢᠲᠤᠬᠢ ᠶᠠᠪᠤᠳᠠᠯ᠎ᠢ ᠰᠢᠢᠳᠪᠦᠷᠢᠯᠡᠬᠦ ᠠᠵᠢᠯ᠎ᠢ ᠵᠢᠯᠤᠭᠣᠳᠴᠤ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号