ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠪᠣᠯ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ᠎ᠶ᠋ᠢᠨ 《ᠲᠣᠭ᠍ᠲᠠᠪᠤᠷᠢᠵᠢᠭᠤᠯᠤᠭ᠍ᠴᠢ》 ᠮᠥᠨ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ ᠥᠷᠨᠢᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠪᠡᠨ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌᠂ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ᠎ᠶ᠋ᠢ ᠪᠠᠲᠤᠯᠠᠪᠠ᠃ ᠨᠢᠭᠡ᠎ᠳᠦ᠂ ᠬᠡᠯᠲᠡᠰ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠎ᠶ᠋ᠢ ᠰᠤᠳᠤᠯᠵᠤ᠂ ᠬᠡᠷᠡᠭ᠌ᠵᠢᠭᠦᠯᠬᠦ᠌ ᠲᠥᠰᠦᠯ᠎ᠢ ᠬᠢᠨᠠᠨ ᠲᠣᠭ᠍ᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ᠎ᠪᠡᠨ ᠨᠡᠭᠡᠭᠡᠵᠦ᠍ ᠬᠦᠮᠦᠵᠢᠯ ᠦᠷᠨᠢᠬᠦᠯᠬᠦ ᠲᠠᠯ᠎ᠠ᠎ᠪᠠᠷ᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠡᠮᠦᠨ᠎ᠡ᠎ᠨᠢ ᠶᠠᠪᠤᠵᠤ᠂ ᠵᠢᠱ᠌ᠢᠶ᠎ᠡ ᠦᠵᠡᠭᠦᠯᠬᠦ᠌》ᠪᠠᠢᠷᠢ ᠲᠣᠭ᠍ᠲᠠᠭᠠᠯᠲᠠ᠎ᠶ᠋ᠢᠨ ᠪᠠᠷᠢᠮᠵᠢᠶ᠎ᠠ᠎ᠪᠠᠷ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠲᠣᠳᠣᠷᠬᠠᠶ ᠱᠠᠭᠠᠷᠳᠠᠪᠠ᠃ ᠬᠣᠶᠠᠷ᠎ᠲᠤ᠂ ᠨᠢᠭᠡᠳᠦᠮᠡᠯ ᠹᠷᠣᠨᠲ᠎ᠤᠨ ᠱᠢᠰᠲ᠋ᠧᠮ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠤᠨᠤᠯ ᠰᠤᠷᠤᠯᠴᠠᠬᠤ ᠭᠣᠣᠯ ᠳᠤᠭᠤᠢᠯᠠᠩ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ ᠥᠷᠨᠢᠭᠦᠯᠵᠦ᠍᠂ ᠨᠣᠮ ᠤᠩᠱᠢᠬᠤ ᠠᠩᠬᠢ᠂ 《ᠭᠤᠷᠪᠠᠨ ᠬᠤᠷᠠᠯ ᠨᠢᠭᠡ ᠬᠢᠴᠢᠶᠡᠯ 》᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠠᠵᠢᠯᠯᠠᠭ᠎ᠠ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠣᠭᠣᠳᠴᠤ᠌ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠭᠤᠯᠤᠨ ᠤᠢ᠍ᠢᠯᠠᠭᠠᠭᠤᠯᠵᠤ᠂ ᠦᠵᠡᠯ ᠰᠠᠨᠠᠭᠠᠨ᠎ᠤ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃ ᠭᠤᠷᠪᠠ᠎ᠳᠤ᠂ ᠬᠡᠯᠲᠡᠰ᠎ᠤᠨ ᠤᠳᠤᠷᠢᠳᠭᠤ ᠪᠠᠭ᠂ ᠭᠠᠵᠠᠷ᠎ᠤᠨ ᠲᠠᠰ᠎ᠡᠴᠡ ᠳᠡᠭᠡᠭ᠌ᠰᠢᠬᠢ ᠺᠠᠳ᠋ᠷ ᠴᠢᠨᠭᠭ᠎ᠠ ᠪᠠᠷᠢᠮᠵᠢᠶᠠᠯᠠᠨ ᠬᠠᠷᠭᠤᠭᠤᠯᠵᠤ᠂ ᠪᠣᠳᠠᠲᠠᠶ᠎ᠳᠤ ᠰᠠᠭᠤᠷᠢᠯᠠᠵᠤ᠂ ᠲᠥᠪ᠎ᠦᠨ ᠲᠣᠭᠣᠷᠢᠨ ᠪᠠᠢᠴᠠᠭᠠᠯᠲᠠ᠂ ᠥᠪᠡᠷᠲᠡᠭᠡᠨ ᠵᠠᠰᠠᠬᠤ ᠣᠷᠣᠨ᠎ᠤ ᠲᠣᠭᠣᠷᠢᠨ ᠪᠠᠢᠴᠠᠭᠠᠯᠲᠠ ᠵᠡᠷᠭᠡ᠎ᠵᠢᠨ ᠬᠠᠷᠢᠭᠤ ᠲᠤᠰᠭᠠᠭ᠍ᠰᠠᠨ ᠠᠰᠠᠭᠤᠳᠠᠯ᠎ᠲᠠᠶ ᠤᠶᠠᠯᠳᠤᠭᠤᠯᠤᠨ᠂ ᠣᠷᠣᠱᠢᠵᠤ ᠪᠠᠢᠭ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠡ᠎ᠶ᠋ᠢᠨ ᠠᠰᠠᠭᠤᠳᠠᠯ᠎ᠢ ᠭᠦᠨᠵᠡᠭᠡᠶ ᠪᠠᠢᠴᠠᠭᠠᠨ ᠡᠷᠢᠵᠦ᠍᠂ ᠪᠠᠢᠴᠠᠭᠠᠬᠤ᠎ᠶ᠋ᠢᠨ ᠳᠠᠭᠠᠤ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠪᠠ᠃ ᠳᠥᠷᠪᠡ᠎ᠳᠦ᠂ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ 《ᠦᠵᠡᠯ ᠰᠠᠨᠠᠭ᠎ᠠ᠎ᠶ᠋ᠢ ᠰᠤᠷᠤᠯᠴᠠᠵᠤ᠂ ᠰᠡᠳᠭᠢᠯ᠎ᠢᠶᠡᠨ ᠨᠢᠭᠡᠳᠭᠡᠬᠦ᠌》 ᠰᠡᠳᠭᠢᠯ᠎ᠦᠨ ᠦᠭᠡ᠎ᠪᠡᠨ ᠶᠠᠷᠢᠯᠴᠠᠬᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ ᠪᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ《ᠦᠨᠳᠦᠰᠦᠨ ᠱᠠᠲᠤᠨ᠎ᠳᠤ ᠦᠶ᠋ᠯᠡᠴᠢᠯᠡᠬᠦ᠌᠂ ᠣᠯᠠᠨ ᠲᠦᠮᠡᠨ᠎ᠳᠦ ᠦᠶ᠋ᠯᠡᠴᠢᠯᠡᠬᠦ᠌᠂ ᠠᠵᠤ ᠠᠬᠤᠢᠯᠠᠯ᠎ᠳᠤ ᠦᠶ᠋ᠯᠡᠴᠢᠯᠡᠬᠦ᠌》 ᠠᠵᠢᠯᠯᠠᠭ᠎ᠠ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠥᠷᠭᠡᠨ ᠳᠡᠯᠭᠡᠷ᠎ᠢᠶᠡᠷ ᠰᠠᠨᠠᠯ ᠬᠤᠷᠢᠶᠠᠵᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠵᠦᠢᠯᠢᠱᠢᠢᠳᠪᠦᠷᠢᠯᠡᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠦᠬᠦ᠌ ᠣᠷᠣᠨ᠎ᠤ ᠨᠢᠭᠡᠳᠦᠮᠡᠯ ᠹᠷᠣᠨᠲ᠎ᠤᠨ ᠠᠵᠢᠯ᠎ᠤᠨ ᠱᠢᠨ᠎ᠡ ᠪᠠᠢᠳᠠᠯ᠎ᠢ ᠡᠭᠦᠳᠬᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠵᠦ᠍᠂ ᠠᠵᠢᠯ᠎ᠤᠨ ᠪᠣᠳᠠᠲᠠᠢ᠎ᠲᠠᠶ᠎ᠪᠠᠨ ᠨᠢᠭ᠍ᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠰᠤᠳᠤᠯᠤᠨ ᠲᠣᠭ᠍ᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠵᠡᠷᠭᠡ 15 ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠨᠠᠷᠢᠯᠢᠬ᠍ᠵᠢᠭᠤᠯᠵᠤ᠂ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠂ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠢ ᠲᠣᠳᠣᠷᠬᠠᠢᠯᠠᠵᠤ᠂ ᠡᠯ᠎ᠡ ᠵᠦᠢᠯ᠎ᠦᠨ ᠠᠷᠭ᠎ᠠ ᠬᠡᠮᠵᠢᠢ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠨᠠᠷᠢᠯᠢᠬ᠍ᠵᠢᠭᠤᠯᠬᠤ᠎ᠶ᠋ᠢ ᠪᠠᠲᠤᠯᠠᠪᠠ᠃ ᠨᠢᠭᠡ᠎ᠳᠦ᠂ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠎ᠪᠡᠷ ᠳᠤᠭᠤᠢᠯᠠᠩ᠎ᠤᠨ ᠳᠠᠷᠤᠭ᠎ᠠ ᠪᠣᠯᠭᠠᠭ᠍ᠰᠠᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠢ ᠠᠩᠬᠢ᠎ᠶ᠋ᠢ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠭᠦᠨᠵᠡᠭᠡᠢ ᠥᠷᠨᠢᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠬᠣᠶᠠᠷ᠎ᠲᠤ᠌᠂ 《ᠲᠦᠷᠪᠡ᠎ᠶ᠋ᠢ ᠭᠦᠨᠵᠡᠭᠡᠢ ᠰᠤᠷᠤᠯᠴᠠᠬᠤ》ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《ᠲᠥᠪᠯᠡᠷᠡᠭᠦᠯᠦᠨ ᠰᠤᠷᠤᠯᠴᠠᠬᠤ + ᠬᠤᠪᠢ ᠬᠥᠮᠦᠨ ᠥᠪᠡᠷ᠎ᠢᠶᠡᠨ ᠰᠤᠷᠤᠯᠴᠠᠬᠤ》ᠰᠤᠷᠤᠯᠴᠠᠯᠭ᠎ᠠ᠎ᠶ᠋ᠢᠨ ᠱᠢᠰᠲᠸᠮ᠎ᠢ ᠪᠠᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠶᠡᠷᠦᠩᠬᠡᠢ ᠱᠦᠵᠢᠰᠢ᠎ᠶ᠋ᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠦ᠍ ᠨᠠᠷᠢᠨ ᠣᠢᠯᠠᠭᠠᠭᠤᠯᠪᠠ᠃ ᠭᠤᠷᠪᠠ᠎ᠳᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠡ᠎ᠶ᠋ᠢᠨ ᠭᠤᠤᠯ ᠠᠰᠠᠭᠤᠳᠠᠯ᠎ᠤᠨ ᠨᠠᠷᠢᠨ ᠲᠠᠩᠰᠠ ᠪᠡᠷ ᠪᠠᠷᠢᠮᠵᠢᠶ᠎ᠠ ᠪᠤᠯᠭᠠᠵᠤ᠂ 《ᠡᠭᠦᠳᠡ᠎ᠪᠡᠨ ᠨᠡᠭᠡᠭᠡᠵᠦ᠍ ᠬᠥᠮᠦᠵᠢᠯ ᠦᠷᠨᠢᠬᠦᠯᠬᠦ》 ᠣᠪᠣᠷ ᠪᠠᠢᠳᠠᠯ᠎ᠢᠶᠠᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠵᠡᠷᠭᠡ ᠬᠦᠷᠢᠶᠡᠨ᠎ᠳᠡᠬᠢ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠴᠤᠭ᠍ᠯᠠᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠪᠠᠷ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠲᠦᠷᠪᠡ᠎ᠳᠦ᠂ ᠣᠳᠣᠬᠠᠨ ᠳ᠋ᠦ ᠰᠠᠢᠵᠢᠷᠠᠭᠤᠯᠬᠤ ᠪᠣᠯᠤᠨ ᠤᠷᠳᠤ ᠬᠤᠭᠤᠴᠠᠭ᠎ᠠ᠎ᠪᠠᠷ ᠪᠠᠢᠭᠤᠯᠬᠤ᠎ᠶ᠋ᠢ ᠤᠶᠠᠯᠳᠤᠭᠤᠯᠵᠤ᠂ ᠱᠢᠨᠵᠢᠯᠡᠬᠦ᠌ ᠤᠬᠠᠭᠠᠨ ᠲᠸᠬᠨᠢᠭ ᠮᠡᠷᠭᠡᠵᠢᠯ᠎ᠦᠨ ᠬᠠᠮᠢᠶᠠᠷᠤᠯᠲᠠ᠎ᠶ᠋ᠢᠨ ᠲᠦᠷᠢᠮ᠎ᠦᠨ ᠱᠢᠰᠲ᠋ᠧᠮ᠎ᠢ ᠲᠠᠰᠤᠷᠠᠯᠳᠠ ᠦᠭᠡᠢ ᠵᠢᠷᠤᠮᠵᠢᠭᠤᠯᠪᠠ᠃ ᠲᠠᠪᠤ᠎ᠳᠤ᠂ 《ᠨᠢᠭᠡ ᠨᠠᠮ᠎ᠤᠨ ᠡᠭᠦᠷ ᠨᠢᠭᠡ ᠣᠨᠴᠠᠯᠢᠭ 》᠎ᠢ᠋ ᠢᠳᠡᠪᠬᠢᠲᠡᠶ ᠪᠤᠢᠵᠢᠭᠤᠯᠵᠦ᠂《ᠨᠠᠮ᠎ᠤᠨ ᠪᠠᠢᠭᠤᠯᠤᠯᠲᠠ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠰᠠᠢ᠌ᠨ ᠨᠢ ᠲᠠᠪᠱᠢᠵᠤ ᠶᠡᠷᠦᠮᠳᠡᠭ ᠨᠢ ᠪᠠᠭᠤᠬᠤ ᠠᠵᠢᠯ ᠬᠢᠵᠤ ᠦᠶ᠋ᠯᠡᠰ ᠪᠤᠰᠭᠠᠬᠤ ᠠᠭᠤᠷ ᠠᠮᠢᠰᠭᠤᠯ᠎ᠢ ᠪᠣᠶ ᠪᠣᠯᠭᠠᠪᠠ᠃ ᠵᠢᠷᠭᠤᠭ᠎ᠠ᠎ᠳᠤ᠂ ᠰᠤᠷᠤᠯᠴᠠᠯᠭ᠎ᠠ ᠬᠥᠮᠦᠵᠢᠯ᠎ᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠭᠤᠯᠤᠯᠲᠠ᠎ᠶ᠋ᠢᠨ ᠬᠠᠷᠠᠯᠲᠠ᠎ᠶ᠋ᠢ ᠠᠬᠢᠭᠤᠯᠤᠨ ᠪᠡᠶᠡᠯᠡᠭᠦᠯᠬᠦ᠌᠎ᠲᠡᠶ ᠨᠢᠭ᠍ᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠪᠣᠳᠠᠲᠤ ᠠᠮᠵᠢᠯᠲᠠ᠎ᠪᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠲᠤᠯᠭᠠᠭᠤᠷᠢᠯᠠᠯ ᠬᠠᠩᠭᠠᠪᠠ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠰᠤᠷᠤᠯᠴᠠᠯᠭ᠎ᠠ ᠬᠥᠮᠦᠵᠢᠯ᠎ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠡᠷᠡᠭ᠌ᠵᠢᠭᠦᠯᠬᠦ᠌ ᠲᠥᠰᠦᠯ᠎ᠢ ᠲᠡᠷᠡ ᠳᠠᠷᠤᠶᠳᠤᠨᠢ ᠲᠤᠭᠤᠷᠪᠢᠵᠤ᠂ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠤ᠋ᠨ ᠬᠤᠷᠠᠯ᠎ᠢ ᠬᠤᠷᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ 《ᠳᠥᠷᠪᠡ ᠵᠢ ᠭᠦᠨᠵᠡᠭᠡᠶ ᠰᠤᠷᠤᠯᠴᠠᠬᠤ》 ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠥᠬᠥ᠌ ᠲᠢᠩᠬᠢᠮ᠎ᠳᠦ ᠲᠠᠰ ᠳᠠᠪᠬᠤᠷᠭ᠎ᠠ ᠲᠥᠷᠥᠯ ᠬᠤᠪᠢᠶᠠᠨ ᠪᠦᠬᠦᠨ᠎ᠢ ᠬᠠᠮᠤᠷᠤᠭ᠍ᠰᠠᠨ ᠣᠨᠣᠯ᠎ᠤᠨ ᠰᠤᠷᠤᠯᠴᠠᠯᠭ᠎ᠠ᠎ᠶ᠋ᠢ ᠥᠷᠨᠢᠭᠦᠯᠵᠦ᠍᠂ ᠤᠷᠢᠳ ᠬᠣᠵᠢᠳ ᠰᠤᠷᠤᠯᠴᠠᠯᠭ᠎ᠠ ᠬᠥᠮᠦᠵᠢᠯ᠎ᠦᠨ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠵᠠᠯᠠᠭᠤ ᠺᠠᠳ᠋ᠷᠴᠤᠳ᠎ᠤᠨ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ᠎ᠤᠨ ᠠᠩᠭᠢ᠂ ᠰᠤᠷᠤᠯᠴᠠᠯᠭ᠎ᠠ ᠬᠥᠮᠦᠵᠢᠯ᠎ᠦᠨ ᠲᠤᠰᠭᠠᠶ ᠰᠡᠳᠦᠪᠲᠦ ᠬᠠᠪᠰᠤᠷᠤᠨ ᠵᠢᠯᠣᠭᠣᠳᠭᠤ ᠲᠠᠢᠯᠤᠮᠵᠢ ᠵᠡᠷᠭᠡ ᠣᠯᠠᠨ ᠬᠡᠯᠪᠡᠷᠢ᠎ᠶ᠋ᠢᠨ ᠰᠤᠷᠤᠯᠴᠠᠬᠤ ᠠᠵᠢᠯᠯᠠᠭ᠎ᠠ᠎ᠶ᠋ᠢ ᠡᠷᠭᠢᠯᠡᠪᠡ᠃ ᠬᠢᠲᠤᠭ᠎ᠠ᠎ᠶ᠋ᠢᠨ ᠢᠷ᠎ᠢ ᠳᠣᠲᠣᠭ᠍ᠰᠢ ᠬᠠᠨᠳᠤᠭᠤᠯᠬᠤ᠂ ᠥᠪᠡᠷ ᠪᠡᠶ᠎ᠡ᠎ᠵᠢᠨ ᠬᠤᠪᠢᠰᠭᠠᠯ ᠬᠢᠬᠦ᠌᠎ᠶ᠋ᠢ ᠪᠠᠷᠢᠮᠲᠠᠯᠠᠵᠤ᠂ ᠲᠢᠩᠬᠢᠮ᠎ᠦᠨ ᠭᠤᠤᠯ ᠤᠳᠤᠷᠢᠳᠤᠯᠭ᠎ᠠ 4 ᠤᠳᠠᠭ᠎ᠠ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ ᠠᠰᠠᠭᠤᠳᠠᠯ᠎ᠢ ᠪᠠᠢᠴᠠᠭᠠᠨ ᠳᠡᠯᠭᠡᠬᠦ᠌ ᠠᠵᠢᠯ᠎ᠢ ᠰᠤᠳᠤᠯᠤᠨ᠂ ᠣᠯᠠᠨ ᠵᠦᠶ᠋ᠯ᠎ᠦᠨ ᠠᠷᠭ᠎ᠠ ᠵᠠᠮ᠎ᠢᠶᠠᠷ ᠳᠠᠮᠵᠢᠭᠤᠯᠤᠨ ᠠᠢᠮᠠᠭ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠂ ᠦᠶ᠋ᠯᠡᠴᠢᠯᠡᠬᠦ᠌ ᠡᠲᠡᠭᠡᠳ᠂ ᠠᠵᠤ ᠠᠬᠤᠢᠯᠠᠯ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠬᠤᠷᠢᠶᠠᠵᠤ᠂ ᠠᠵᠢᠯ᠎ᠤᠨ ᠳᠤᠲᠠᠭᠤᠳᠠᠯ᠎ᠢᠶᠠᠨ ᠣᠨᠣᠪᠴᠢᠲᠠᠶ ᠡᠷᠢᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠲᠣᠭ᠍ᠲᠠᠭᠠᠵᠤ᠂ ᠰᠤᠷᠤᠯᠴᠠᠬᠤ᠎ᠶ᠋ᠢᠨ ᠳᠠᠭᠠᠤ ᠪᠠᠢᠴᠠᠭᠠᠵᠤ᠂ ᠪᠠᠷᠢᠨ ᠪᠠᠢᠴᠠᠭᠠᠵᠤ ᠪᠠᠷᠢᠨ ᠰᠠᠢᠵᠢᠷᠠᠭᠤᠯᠪᠠ᠃ ᠲᠢᠩᠬᠢᠮ ᠳᠠᠶᠠᠭᠠᠷ᠎ᠢᠶᠠᠨ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠳᠡ᠎ᠶ᠋ᠢ ᠨᠡᠭᠡᠭᠡᠯᠲᠡ᠎ᠶ᠋ᠢ ᠠᠬᠢᠭᠤᠯᠬᠤ᠂ ᠠᠷᠠᠯᠵᠢᠶᠠᠴᠢᠨ ᠤᠷᠢᠬᠤ᠎ᠶ᠋ᠢ ᠠᠳᠭᠤᠬᠤ᠂ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠬᠤ᠂ ᠭᠠᠳᠠᠭᠠᠳᠤ ᠪᠡᠯᠡ᠎ᠶ᠋ᠢ ᠲᠣᠭ᠍ᠲᠠᠪᠤᠷᠢᠵᠢᠭᠤᠯᠬᠤ᠂ ᠬᠡᠷᠡᠭ᠌ᠯᠡᠭᠡ᠎ᠶ᠋ᠢ ᠥᠷᠭᠡᠳᠭᠡᠬᠦ᠌᠂ ᠬᠢᠯᠢ᠎ᠶ᠋ᠢᠨ ᠪᠣᠭᠣᠮᠲᠠ᠎ᠶ᠋ᠢ ᠬᠦᠴᠦᠷᠬᠡᠭ᠌ᠵᠢᠭᠦᠯᠬᠦ᠌ ᠵᠡᠷᠭᠡ ᠭᠣᠣᠯ ᠬᠠᠷᠢᠭᠤᠴᠠᠯᠭ᠎ᠠ ᠭᠣᠣᠯ ᠠᠵᠢᠯ ᠲᠦᠷᠦᠯ᠎ᠳᠦ ᠠᠭᠤᠰᠤᠯᠴᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠠ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠪᠠᠷ ᠴᠢᠷᠮᠠᠢᠪᠠ᠃
ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠳᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠪᠥᠬᠥ᠌ ᠬᠣᠲᠠ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠭ᠎ᠠ ᠬᠢᠵᠦ᠍ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠱᠢᠨ᠎ᠡ ᠪᠠᠢᠳᠠᠯ᠎ᠢ ᠰᠤᠳᠤᠯᠬᠤ᠂ ᠱᠢᠨ᠎ᠡ ᠠᠰᠠᠭᠤᠳᠠᠯ᠎ᠢ ᠱᠢᠶ᠋ᠳᠪᠦᠷᠢᠯᠡᠬᠦ᠌ ᠰᠡᠳᠭᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ᠎ᠪᠠᠷ ᠴᠢᠷᠮᠠᠢᠪᠠ᠃ ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ᠎ᠡᠴᠡ ᠪᠥᠬᠥ᠌ ᠬᠣᠲᠠ᠎ᠶ᠋ᠢᠨ ᠲᠢᠩᠬᠢᠮ᠎ᠦᠨ ᠲᠠᠰ᠎ᠤᠨ ᠤᠳᠤᠷᠢᠳᠭᠤ ᠺᠠᠳ᠋ᠷ᠎ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠬᠤ ᠴᠡᠭ᠎ᠲᠡᠬᠡᠨ ᠲᠣᠬᠢᠷᠠᠭᠤᠯᠤᠯᠲᠠ ᠬᠢᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠬᠤ ᠴᠡᠭ᠎ᠦᠨ ᠰᠤᠷᠤᠯᠴᠠᠯᠭ᠎ᠠ ᠬᠥᠮᠦᠵᠢᠯ᠎ᠦᠨ ᠬᠣᠯᠪᠣᠭ᠍ᠳᠠᠯ ᠪᠥᠬᠥᠶ ᠠᠵᠢᠯ᠎ᠢ ᠨᠠᠷᠢᠨ ᠬᠢᠨᠠᠮᠠᠭᠠᠶ ᠰᠠᠢᠲᠤᠷ ᠠᠳᠭᠤᠵᠤ᠂ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠬᠦᠴᠢᠷᠳᠡᠵᠦ ᠵᠤᠪᠠᠨᠢᠵᠤ ᠪᠠᠢᠭ᠎ᠠ ᠠᠰᠠᠭᠤᠳᠠᠯ᠎ᠢ ᠰᠡᠳᠭᠢᠯ ᠳᠡᠯᠪᠢᠨ ᠱᠢᠶ᠋ᠳᠪᠦᠷᠢᠯᠡᠵᠦ᠍᠂ ᠡᠭᠦᠳᠡ᠎ᠪᠡᠨ ᠨᠡᠭᠡᠭᠡᠨ ᠬᠥᠮᠦᠵᠢᠯ ᠦᠷᠨᠢᠬᠦᠯᠬᠦ ᠵᠡᠷᠭᠡ ᠡᠯ᠎ᠡ ᠵᠦᠶ᠋ᠯ᠎ᠦᠨ ᠠᠵᠢᠯ᠎ᠤᠨ ᠱᠠᠭᠠᠷᠳᠠᠯᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠣᠳᠣᠬᠠᠨ ᠪᠣᠯᠲᠠᠯ᠎ᠠ᠂ ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ ᠨᠢᠭᠡᠨᠲᠡ 《ᠳᠥᠷᠪᠡᠨ ᠥᠬᠡᠶ ᠬᠣᠶᠠᠷ ᠱᠢᠭᠤᠳ》 ᠠᠷᠭ᠎ᠠ ᠬᠡᠯᠪᠡᠷᠢ᠎ᠪᠡᠷ ᠬᠣᠲᠠ᠎ᠶ᠋ᠢᠨ 8 ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 7 ᠬᠣᠱᠢᠭᠤ ᠱᠢᠶᠠᠨ ᠲᠣᠭᠣᠷᠢᠭ᠎ᠤᠨ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 2 ᠱᠢᠶᠠᠩ ᠪᠠᠯᠭᠠᠰᠤ (ᠵᠡᠭᠡᠯᠢ ᠭᠤᠳᠤᠮᠵᠢ)᠂ 10 ᠲᠣᠰᠭᠣᠨ (ᠨᠡᠢᠭᠡᠮ ᠲᠣᠭᠣᠷᠢᠭ) ᠳ᠋ᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍ ᠵᠢᠭᠠᠨ ᠵᠢᠯᠣᠭᠣᠳᠪᠠ᠃