ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠤᠢᠷ᠎ᠠ ᠳ᠋ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠵᠣᠬᠢᠶᠠᠮᠠᠯ ᠣᠶᠤᠨ ᠴᠢᠳᠠᠪᠤᠷᠢ +〉 ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠲᠥᠰᠦᠯ (2026 - 2028 ᠣᠨ)》 ᠢ᠋ ᠳᠠᠷᠤᠮᠠᠯᠯᠠᠨ ᠲᠠᠷᠬᠠᠭᠠᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠤ ᠪᠤᠳᠤᠯᠳᠠ ᠵᠢᠨ ᠴᠢᠳᠠᠪᠤᠷᠢ᠎ᠶᠢᠨ ᠬᠡᠪᠴᠢᠶ᠎ᠡ ᠵᠢᠨ ᠲᠠᠪᠠᠭᠤᠯᠢᠭ᠂ ᠠᠵᠤ ᠦᠶ᠋ᠯᠡᠰ ᠦᠨ ᠰᠠᠭᠤᠷᠢ ᠵᠤᠵᠠᠭᠠᠨ᠂ ᠬᠡᠷᠡᠭ᠌ᠯᠡᠭᠡᠨ ᠦ ᠲᠠᠯᠠᠪᠠᠶ ᠪᠠᠶᠠᠯᠢᠭ ᠵᠡᠷᠭᠡ ᠤᠨᠴᠠᠯᠢᠭ᠎ᠢ ᠭᠦᠶ᠋ᠴᠡᠳ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠵᠤ ᠦᠶ᠋ᠯᠡᠰ᠂ ᠬᠡᠷᠡᠭ᠌ᠯᠡᠭᠡ᠂ ᠠᠷᠠᠳ ᠤᠨ ᠠᠮᠢᠳᠤᠷᠠᠯ᠂ ᠨᠡᠢᠭᠡᠮ ᠤᠨ ᠵᠠᠰᠠᠯᠲᠠ᠂ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ᠎ᠪᠠᠷ ᠭᠤᠤᠯᠳᠠᠯᠭ᠎ᠠ ᠪᠣᠯᠭᠠᠵᠤ᠂ ᠵᠣᠬᠢᠶᠠᠮᠠᠯ ᠣᠶᠤᠨ ᠴᠢᠳᠠᠪᠤᠷᠢ ᠬᠢᠭᠡᠳ ᠠᠵᠤ ᠠᠬᠤᠶ ᠨᠡᠢᠭᠡᠮ ᠦᠨ ᠡᠯ᠎ᠡ ᠠᠵᠢᠯ ᠲᠥᠷᠥᠯ ᠦᠨ ᠥᠷᠭᠡᠨ ᠳᠡᠯᠭᠡᠷ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ ᠬᠡᠵᠡᠢ᠃
《ᠬᠡᠷᠡᠭ᠌ᠵᠢᠭᠦᠯᠬᠦ᠌ ᠲᠥᠰᠦᠯ》 ᠳ᠋ᠤ᠂ 2028 ᠣᠨ ᠪᠣᠯᠬᠤ᠎ᠳᠤ ᠵᠣᠬᠢᠶᠠᠮᠠᠯ ᠣᠶᠤᠨ ᠴᠢᠳᠠᠪᠤᠷᠢ ᠬᠢᠭᠡᠳ ᠡᠯ᠎ᠡ ᠬᠦᠷᠢᠶᠡᠨ᠎ᠦ ᠠᠭᠤᠰᠤᠯᠴᠠᠯ᠎ᠤᠨ ᠱᠢᠨ᠎ᠡ᠎ᠶ᠋ᠢ ᠡᠭᠦᠳᠬᠦ᠌ ᠲᠦᠪᠱᠢᠨ᠎ᠢ ᠶᠡᠬᠡᠪᠡᠷ ᠳᠡᠭᠡᠭ᠌ᠰᠢᠯᠡᠭᠦᠯᠵᠦ᠍᠂ ᠱᠢᠨ᠎ᠡ ᠨᠢᠭᠡ ᠦᠶ᠎ᠡ᠎ᠶ᠋ᠢᠨ ᠣᠶᠤᠨᠴᠢ ᠦᠵᠦᠭᠦᠷᠯᠢᠭ᠂ ᠣᠶᠤᠨᠴᠢ ᠴᠣᠭ᠍ᠴᠠ᠎ᠶ᠋ᠢᠨ ᠭᠤᠤᠯᠳᠠᠯᠭ᠎ᠠ ᠲᠠᠶ ᠠᠵᠢᠯ ᠲᠥᠷᠥᠯ ᠬᠢᠭᠡᠳ ᠠᠷᠠᠳ ᠤᠨ ᠠᠮᠢᠳᠤᠷᠠᠯ᠎ᠤᠨ ᠬᠦᠷᠢᠶᠡᠨ᠎ᠳᠡᠬᠢ ᠲᠦᠭᠡᠮᠡᠯᠵᠢᠯᠲᠡ᠎ᠶ᠋ᠢᠨ ᠨᠣᠷᠮ᠎ᠠ ᠶ᠋ᠢ ᠪᠥᠬᠥ᠌ ᠤᠯᠤᠰ ᠤᠨ ᠳᠤᠮᠳᠠᠴᠢ ᠲᠦᠪᠱᠢᠨ᠎ᠡᠴᠡ ᠳᠤᠤᠷ᠎ᠠ ᠥᠬᠡᠶ ᠪᠣᠯᠭᠠᠨ᠎ᠠ; ᠨᠢᠭᠡ ᠪᠦᠯᠦᠭ ᠠᠵᠢᠯ ᠲᠥᠷᠥᠯ᠎ᠦᠨ ᠲᠣᠮᠣ ᠵᠠᠭ᠍ᠪᠤᠷ᠎ᠢ ᠨᠡᠭᠡᠭᠡᠨ ᠬᠥᠭ᠌ᠵᠢᠭᠦᠯᠵᠦ᠍ ᠨᠠᠢᠳᠠᠪᠤᠷᠢᠵᠢᠭᠤᠯᠤᠨ᠂ 6 ᠡᠴᠡ ᠳᠡᠭᠡᠭ᠌ᠰᠢᠬᠢ ᠠᠵᠢᠯ ᠲᠥᠷᠥᠯ᠎ᠦᠨ ᠲᠣᠮᠣ ᠵᠠᠭ᠍ᠪᠤᠷ ᠢ ᠭᠤᠤᠯᠳᠠᠯᠭ᠎ᠠ᠎ᠲᠠᠶ ᠪᠣᠢᠵᠢᠭᠤᠯᠵᠤ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠬᠢᠷᠢ ᠬᠡᠮᠵᠢᠶ᠎ᠡ᠎ᠳᠦ ᠬᠦᠷᠦᠭᠦᠯᠵᠦ᠍᠂ ᠨᠢᠭᠡ ᠪᠦᠯᠦᠭ ᠨᠡᠢᠲᠡᠯᠢᠭ ᠬᠡᠷᠡᠭ᠌ᠯᠡᠭᠡᠨ᠎ᠦ ᠲᠠᠯᠠᠪᠤᠷ ᠬᠢᠭᠡᠳ ᠱᠢᠶ᠋ᠳᠪᠦᠷᠢᠯᠡᠬᠦ᠌ ᠲᠥᠰᠦᠯ ᠢ ᠪᠣᠶ ᠪᠣᠯᠭᠠᠨ᠎ᠠ; ᠪᠥᠬᠥ᠌ ᠣᠷᠣᠨ᠎ᠳᠤ ᠦᠶ᠋ᠯᠡᠴᠢᠯᠡᠬᠦ᠌ ᠵᠣᠬᠢᠶᠠᠮᠠᠯ ᠣᠶᠤᠨ ᠴᠢᠳᠠᠪᠤᠷᠢ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠳᠠᠪᠠᠭᠤᠯᠢᠭ ᠠᠵᠤ ᠦᠶ᠋ᠯᠡᠰ ᠦᠨ ᠤᠶᠤᠨᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠭᠤᠤᠯ ᠲᠤᠯᠭᠠᠭᠤᠷᠢᠯᠠᠯ ᠬᠠᠩᠭᠠᠨ᠎ᠠ ᠭᠡᠪᠡ᠃
《ᠬᠡᠷᠡᠭ᠌ᠵᠢᠭᠦᠯᠬᠦ᠌ ᠲᠥᠰᠦᠯ 》 ᠳ᠋ᠤ᠂ 《ᠵᠣᠬᠢᠶᠠᠮᠠᠯ ᠣᠶᠤᠨ ᠴᠢᠳᠠᠪᠤᠷᠢ +》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠭᠤᠤᠯᠳᠠᠯᠭ᠎ᠠ᠎ᠲᠠᠶ ᠡᠭᠦᠷᠭᠡ᠎ᠶ᠋ᠢᠨ ᠲᠡᠷᠢᠭᠦᠨ᠎ᠳᠦ ᠣᠷᠣᠭᠤᠯᠵᠤ᠂ ᠭᠤᠤᠯᠳᠠᠯᠭ᠎ᠠ᠎ᠲᠠᠶ ᠪᠣᠭᠣᠮᠲᠠ ᠱᠢᠪᠲᠤᠯᠤᠯᠳᠠ᠂ ᠲᠠᠪᠴᠠᠩ᠎ᠤᠨ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠭ᠍ᠪᠤᠷ ᠵᠡᠷᠭᠡ ᠭᠤᠷᠪᠠᠨ ᠲᠠᠯ᠎ᠠ᠎ᠠᠴᠠ ᠪᠣᠳᠠᠲᠠᠶ ᠠᠵᠢᠯ᠎ᠤᠨ ᠠᠭᠤᠯᠭ᠎ᠠ᠎ᠶ᠋ᠢ ᠪᠠᠢᠷᠢᠯᠠᠭᠤᠯᠪᠠ᠃ ᠨᠢᠭᠡ᠎ᠳᠦ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠠᠵᠢᠯ ᠲᠥᠷᠥᠯ᠎ᠦᠨ ᠲᠣᠮᠣ ᠵᠠᠭ᠍ᠪᠤᠷ ᠤᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠨ᠎ᠠ᠃ ᠡᠯ᠎ᠡ ᠠᠢᠮᠠᠭ ᠬᠣᠲᠠ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠡᠬᠢ ᠪᠠᠶᠠᠯᠢᠭ᠎ᠤᠨ ᠳᠠᠪᠠᠭᠤᠯᠢᠭ ᠪᠠ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ ᠲᠦ ᠰᠠᠭᠤᠷᠢᠯᠠᠨ᠂ ᠠᠵᠢᠯ ᠲᠥᠷᠥᠯ᠎ᠦᠨ ᠲᠣᠮᠣ ᠵᠠᠭ᠍ᠪᠤᠷ᠎ᠢ ᠨᠡᠭᠡᠭᠡᠨ ᠬᠥᠭ᠌ᠵᠢᠭᠦᠯᠵᠦ᠍ ᠪᠣᠳᠠᠲᠠᠢᠵᠢᠭᠤᠯᠤᠨ᠎ᠠ᠃ ᠬᠣᠶᠠᠷ᠎ᠲᠤ ᠣᠯᠠᠨ ᠲᠠᠰ ᠳᠠᠪᠬᠤᠷᠭ᠎ᠠ᠎ᠶ᠋ᠢᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠪᠠᠢᠭᠤᠯᠤᠨ᠎ᠠ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠬᠦᠷᠢᠶᠡᠨ᠎ᠳᠡᠬᠢ ᠢᠨᠵᠧᠨᠧᠷᠢᠩᠵᠢᠭᠦᠯᠦᠨ ᠱᠢᠨ᠎ᠡ᠎ᠶ᠋ᠢ ᠡᠭᠦᠳᠬᠦ᠌ ᠲᠥᠪ᠂ ᠦᠶ᠋ᠯᠡᠳᠬᠦ᠌ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠵᠡᠷᠭᠡ ᠱᠢᠨ᠎ᠡ᠎ᠶ᠋ᠢ ᠡᠭᠦᠳᠬᠦ᠌ ᠠᠴᠢᠶᠠᠯᠠᠪᠤᠷᠢ᠎ᠶ᠋ᠢ ᠢᠳᠡᠪᠬᠢᠲᠡᠶ᠎ᠪᠡᠷ ᠡᠭᠦᠳᠦᠨ ᠪᠠᠢᠭᠤᠯᠤᠨ᠎ᠠ᠃ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠣᠷᠢᠨ᠂ ᠲᠣᠨᠣᠭ ᠲᠥᠬᠥᠭᠡᠷᠦᠮᠵᠢ ᠦᠶ᠋ᠯᠡᠳᠬᠦ᠌ ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ ᠤ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨ᠎ᠡ ᠶ᠋ᠢ ᠡᠭᠦᠳᠬᠦ᠌ ᠲᠠᠪᠴᠠᠩ᠎ᠢ ᠪᠠᠢᠭᠤᠯᠤᠨ᠎ᠠ᠃ ᠭᠤᠷᠪᠠ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ᠃ ᠵᠣᠬᠢᠶᠠᠮᠠᠯ ᠣᠶᠤᠨ ᠴᠢᠳᠠᠪᠤᠷᠢ᠎ᠪᠠᠷ ᠬᠥᠳᠡᠯᠭᠡᠭᠦᠷ ᠪᠣᠯᠭᠠᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠭ᠍ᠪᠤᠷ᠎ᠢ ᠬᠥᠮᠦᠨ ᠮᠠᠱᠢᠨ ᠬᠠᠮᠵᠢᠯᠴᠠᠭ᠍ᠰᠠᠨ ᠴᠢᠭ᠌ᠯᠡᠯ ᠲᠡᠢᠰᠢ ᠬᠤᠪᠢᠷᠠᠭᠤᠯᠬᠤ ᠵᠢ ᠬᠦᠳᠦᠯᠦᠨ ᠵᠢᠯᠤᠭᠤᠳᠤᠨ᠎ᠠ ᠭᠡᠵᠦ ᠲᠤᠷᠠᠳᠴᠠᠢ᠃