ᠰᠥᠨᠢᠳ ᠪᠠᠷᠠᠭᠤᠨ ᠬᠣᠱᠢᠭᠤ ᠄ ᠭᠡᠷᠡᠯ ᠰᠠᠯᠬᠢᠨ᠎ᠤ ᠡᠨ᠋ᠸᠷᠬᠢ ᠵᠢᠨ ᠦᠢᠯᠡᠳᠪᠦᠷᠢᠯᠡᠯ᠎ᠢ ᠠᠬᠢᠭᠤᠯᠵᠦ ᠰᠢᠨ᠎ᠡ ᠡᠨ᠋ᠸᠷᠬᠢ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠤᠨ᠎ᠠ
2026-04-20 16:42:01
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ ᠰᠦᠨᠢᠳ ᠪᠠᠷᠠᠭᠤᠨ ᠬᠤᠰᠢᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶ᠎ᠠ  ᠵᠢᠨ 《1571》 ᠠᠵᠢᠯ᠎ᠤᠨ ᠪᠠᠢᠷᠢᠯᠠᠭᠤᠯᠤᠯᠲᠠ ᠪᠠ 《ᠲᠣᠭ᠎ᠠ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ ᠎ᠢ ᠳᠡᠭᠡᠭ᠌ᠰᠢᠯᠡᠭᠦᠯᠵᠦ᠍᠂ ᠨᠠᠢᠳᠠᠪᠤᠷᠢᠲᠠᠶ᠎ᠪᠠᠷ ᠣᠷᠣᠯᠠᠭᠤᠯᠬᠤ》 ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠵᠠᠮ ᠵᠢᠠᠷ ᠵᠠᠮᠨᠠᠬᠤ᠎ᠳᠤ ᠬᠦᠴᠦᠯᠡᠵᠦ᠂ ᠭᠠᠵᠠᠷ ᠤᠷᠤᠨ᠎ᠤ ᠲᠠᠪᠠᠭᠤᠯᠢᠭ ᠪᠤᠯᠬᠤ ᠭᠡᠷᠡᠯ ᠰᠠᠯᠬᠢᠨ᠎ᠤ ᠡᠨ᠋ᠸᠷᠭᠢ ᠵᠢᠨ ᠡᠬᠢ ᠪᠠᠶᠠᠯᠢᠭ᠎ᠲᠠᠭᠠᠨ ᠰᠠᠭᠤᠷᠢᠯᠠᠵᠤ᠂ ᠡᠨᠧᠷᠭᠢ ᠬᠠᠳᠠᠭᠠᠯᠠᠬᠤ᠂ ᠰᠠᠯᠬᠢᠨ ᠬᠦᠴᠦᠨ᠎ᠦ ᠴᠠᠬᠢᠯᠭᠠᠨ ᠵᠡᠷᠭᠡ ᠲᠠᠯ᠎ᠠ ᠪᠡᠷ ᠠᠷᠭ᠎ᠠ ᠰᠦᠪᠡᠭ᠌ᠴᠢᠯᠡᠵᠦ᠍᠂ ᠨᠢᠭᠡ ᠪᠦᠯᠦᠭ ᠭᠤᠤᠯᠳᠠᠯᠭ᠎ᠠ ᠲᠠᠶ ᠲᠥᠷᠥᠯ ᠵᠦᠶ᠋ᠯ᠎ᠢ ᠲᠦᠷᠭᠡᠪᠴᠢᠯᠡᠨ ᠬᠡᠷᠡᠭ᠌ᠵᠢᠭᠦᠯᠵᠦ᠍ ᠪᠥᠲᠥᠭᠡᠨ ᠪᠠᠢᠭᠤᠯᠵᠦ ᠡᠬᠢᠯᠡᠪᠡ᠃

ᠰᠥᠨᠢᠳ ᠪᠠᠷᠠᠭᠤᠨ ᠬᠣᠱᠢᠭᠤᠨ᠎ᠤ ᠪᠠᠷᠠᠭᠤᠨ ᠬᠣᠶᠠᠳᠤᠭᠠᠷ ᠥᠷᠲᠡᠭᠡ᠎ᠳᠦ ᠶᠡᠷᠦᠩᠬᠡᠶ ᠪᠠᠯᠠ ᠣᠷᠣᠭᠤᠯᠤᠯᠲᠠ᠎ᠨᠢ 52 ᠳ᠋ᠦᠩᠱᠢᠭᠤᠷ ᠲᠥᠭᠥᠷᠢᠭ᠎ᠦᠨ 100 ᠲᠦᠮᠡᠨ ᠺᠢᠯᠦᠸᠠᠲ /400 ᠲᠦᠮᠡᠨ ᠺᠢᠯᠦᠸᠠᠲ ᠴᠠᠭ᠎ᠤᠨ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠲᠤᠰᠭᠠᠶ ᠠᠵᠢᠯᠯᠠᠭ᠎ᠠ᠎ᠶ᠋ᠢᠨ ᠲᠥᠷᠥᠯ ᠵᠦᠶ᠋ᠯ ᠎ᠢ ᠡᠳᠦᠭᠡ ᠶᠠᠭ ᠰᠠᠢᠬᠠᠨ ᠢᠳᠡ ᠬᠦᠭ ᠳᠡᠢ ᠪᠠᠢᠭᠤᠯᠵᠦ ᠪᠤᠢ᠃ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠲᠡᠭᠡᠭᠡᠪᠦᠷᠢ᠎ᠶ᠋ᠢᠨ ᠲᠡᠷᠭᠡ ᠲᠠᠰᠤᠷᠠᠯᠲᠠ ᠥᠬᠡᠶ ᠴᠤᠪᠤᠷᠠᠵᠤ᠂ ᠲᠣᠮᠣ ᠬᠡᠯᠪᠡᠷᠢ᠎ᠶ᠋ᠢᠨ ᠡᠷᠭᠦᠭᠦᠷ  ᠮᠠᠱᠢᠨ ᠡᠮᠬᠢ ᠵᠢᠷᠤᠮ᠎ᠲᠠᠶ ᠠᠵᠢᠯᠯᠠᠵᠤ᠂ ᠠᠵᠢᠯᠴᠢᠳ  ᠡᠨᠧᠷᠭᠢ  ᠬᠠᠳᠠᠭᠠᠯᠠᠬᠤ ᠳ᠋ᠢᠶᠠᠨ ᡂᠢ᠎ᠶ᠋ᠢᠨ ᠬᠥᠮᠥᠷᠭᠡ᠎ᠶ᠋ᠢ ᠪᠠᠴᠢᠮ ᠤᠭ᠍ᠰᠠᠷᠠᠵᠤ᠂ ᠡᠳᠦᠷ ᠪᠦᠷᠢ᠎ᠶ᠋ᠢᠨ ᠳᠤᠮᠳᠠᠴᠢ ᠤᠭ᠍ᠰᠠᠷᠠᠬᠤ ᠬᠡᠮᠵᠢᠶ᠎ᠡ ᠨᠢ 40 ᠣᠷᠴᠢᠮ᠎ᠳᠤ ᠬᠦᠷᠪᠠ᠃

《ᠪᠢᠳᠡ ᠥᠪᠡᠷᠲᠡᠭᠡᠨ ᠵᠠᠰᠠᠬᠤ ᠣᠷᠣᠨ᠎ᠤ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠰᠠᠢᠨ ᠬᠠᠨᠳᠤᠰᠢ᠎ᠶ᠋ᠢ ᠠᠱᠢᠭ᠍ᠯᠠᠨ᠂ ᠡᠨᠡ ᠵᠢᠯ ᠠᠵᠢᠯ᠎ᠢᠶᠠᠨ ᠤᠷᠢᠳᠴᠢᠯᠠᠨ ᠰᠡᠷᠭᠦᠭᠡᠵᠦ᠍ ᠪᠥᠲᠥᠭᠡᠨ ᠪᠠᠢᠭᠤᠯᠪᠠ》 ᠬᠡᠵᠦ ᠲᠥᠷᠥᠯ ᠵᠦᠶ᠋ᠯ᠎ᠦᠨ ᠳᠠᠭᠠᠭᠠᠮᠠᠯ ᠨᠢᠩ ᠬᠣᠩ ᠪᠥᠸᠧ ᠲᠠᠨᠢᠯᠴᠠᠭᠤᠯᠬᠤ᠎ᠳᠠᠭᠠᠨ᠂ ᠲᠣᠰ ᠲᠥᠷᠥᠯ ᠵᠦᠶ᠋ᠯ᠎ᠨᠢ 3 ᠰᠠᠷ᠎ᠠ᠎ᠶ᠋ᠢᠨ 10᠎ᠤ  ᠡᠳᠦᠷ᠎ᠡᠴᠡ  ᠡᠬᠢᠯᠡᠨ  ᠪᠥᠬᠥ᠌  ᠲᠠᠯ᠎ᠠ ᠎ᠪᠠᠷ  ᠠᠵᠢᠯ ᠎ᠢᠶᠠᠨ  ᠰᠡᠷᠭᠦᠭᠡᠭ᠌ᠰᠡᠨ᠎ᠡᠴᠡ ᠨᠠᠭᠠᠰᠢ᠂ ᠪᠠᠷᠤᠭ 80 ᠠᠵᠢᠯᠴᠢᠨ ᠣᠷᠣᠯᠴᠠᠵᠤ᠂ ᠡᠳᠦᠷ ᠪᠦᠷᠢ 100 ᠭᠠᠷᠤᠶ ᠲᠡᠷᠭᠡ ᠣᠷᠣᠵᠤ᠂ 6 ᠰᠠᠷ᠎ᠠ᠎ᠶ᠋ᠢᠨ ᠰᠡᠭᠦᠯᠴᠢ᠎ᠪᠡᠷ ᠠᠵᠢᠯ᠎ᠢᠶᠠᠨ ᠳᠠᠭᠤᠰᠭᠠᠵᠤ᠂ 7 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠦᠬᠦᠨ᠎ᠢ ᠲᠤᠤᠷ᠎ᠲᠤ  ᠨᠡᠢᠯᠡᠭᠦᠯᠬᠦ᠌  ᠪᠡᠷ ᠬᠠᠷᠠᠯᠲᠠ ᠲᠠᠯᠪᠢᠵᠦ  ᠴᠢᠷᠮᠠᠢᠨ ᠠᠵᠢᠯᠯᠠᠵᠦ ᠪᠠᠢᠨ᠎ᠠ ᠭᠡᠯ᠎ᠠ᠃

ᠲᠦᠷᠦᠯ ᠵᠦᠢᠯ ᠎ᠢ ᠲᠦᠷᠭᠡᠨ ᠠᠬᠢᠭᠤᠯᠤᠭ᠍ᠰᠠᠨ ᠨᠢ ᠣᠷᠣᠨ ᠨᠤᠲᠤᠭ᠎ᠤᠨ ᠬᠢᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠠᠵᠤ ᠦᠢᠯᠡᠰ ᠪᠣᠯᠭᠠᠨ ᠬᠤᠪᠢᠷᠠᠭᠤᠯᠤᠭ᠍ᠰᠠᠨ᠎ᠤ ᠬᠤᠷᠢᠶᠠᠩᠭᠤᠢ ᠳᠦᠷᠰᠦ ᠪᠣᠯᠤᠨ᠎ᠠ᠃ ᠨᠢᠩ ᠬᠣᠩ ᠪᠥᠸᠧ᠄《ᠥᠪᠡᠷᠲᠡᠭᠡᠨ ᠵᠠᠰᠠᠬᠤ ᠣᠷᠣᠨ ᠱᠢᠨ᠎ᠡ ᠡᠨᠧᠷᠭᠢ᠎ᠶ᠋ᠢᠨ ᠠᠵᠤ ᠠᠬᠤᠢᠯᠠᠯ ᠎ᠢ ᠲᠠᠳᠠᠨ ᠠᠪᠴᠢᠷᠠᠬᠤ᠎ᠳᠤ ᠬᠦᠴᠦᠯᠡᠵᠦ᠂ ᠳᠡᠮᠵᠢᠯᠭᠡ᠎ᠶ᠋ᠢᠨ ᠡᠷᠴᠢᠮ ᠶᠡᠬᠡ ᠪᠠᠢᠬᠤ᠎ᠪᠠᠷ ᠪᠠᠷᠠᠬᠤ ᠥᠬᠡᠶ ᠴᠠᠬᠢᠯᠭᠠᠨ᠎ᠤ ᠦᠨ᠎ᠡ᠎ᠶ᠋ᠢᠨ ᠨᠥᠬᠥᠪᠥᠷᠢ ᠵᠡᠷᠭᠡ ᠲᠥᠷᠥ᠎ᠶ᠋ᠢᠨ ᠪᠣᠳᠣᠯᠭ᠎ᠠ ᠨᠢ ᠮᠠᠨ᠎ᠤ ᠪᠠᠯᠠ ᠣᠷᠣᠭᠤᠯᠤᠯᠲᠠ᠎ᠶ᠋ᠢᠨ ᠢᠲᠡᠭᠡᠯ ᠵᠣᠷᠢᠭ᠎ᠢ ᠨᠠᠩ ᠬᠥᠪᠴᠢᠯᠡᠵᠡᠶ》 ᠭᠡᠪᠡ᠃

ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ᠎ᠢ 2025 ᠣᠨ᠎ᠤ 6 ᠰᠠᠷ᠎ᠠ᠎ᠳᠤ ᠡᠬᠢᠯᠡᠨ ᠪᠥᠲᠥᠭᠡᠨ ᠪᠠᠢᠭᠤᠯᠵᠤ᠂ ᠣᠳᠣᠬᠠᠨ᠎ᠳᠤ ᠨᠢᠭᠡᠨᠲᠡ 25 ᠲᠦᠮᠡᠨ ᠺᠢᠯᠦᠸᠠᠲ ᠲᠤᠤᠷ ᠨᠡᠢᠯᠡᠭᠦᠯᠦᠭ᠌ᠰᠡᠨ ᠪᠠᠢᠨ᠎ᠠ᠃ ᠪᠦᠬᠦᠨ ᠎ᠢ ᠪᠠᠢᠭᠤᠯᠤᠭ᠍ᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ ᠪᠠᠷᠤᠭ 3.2 ᠳ᠋ᠦᠩᠱᠢᠭᠤᠷ ᠲᠥᠭᠥᠷᠢᠭ᠎ᠲᠦ ᠬᠦᠷᠴᠦ᠍᠂ 4160 ᠲᠦᠮᠡᠨ ᠲᠥᠭᠥᠷᠢᠭ᠎ᠦᠨ ᠭᠠᠢᠯᠢ᠎ᠶ᠋ᠢᠨ ᠣᠷᠣᠯᠭ᠎ᠠ ᠡᠭᠦᠳᠴᠦ᠍᠂ ᠪᠥᠲᠥᠭᠡᠨ ᠪᠠᠢᠭᠤᠯᠤᠯᠲᠠ᠎ᠶ᠋ᠢᠨ ᠬᠤᠭᠤᠴᠠᠭᠠᠨ᠎ᠳᠤ ᠲᠤᠬᠠᠶ᠎ᠶ᠋ᠢᠨ ᠭᠠᠵᠠᠷ᠎ᠤᠨ 500 ᠱᠢᠬᠠᠮ ᠬᠥᠮᠦᠨ᠎ᠳᠦ ᠠᠵᠢᠯ ᠣᠯᠭᠣᠵᠤ ᠴᠢᠳᠠᠨ᠎ᠠ᠃ ᠡᠨᠡ ᠨᠢ  ᠳᠠᠩ ᠭᠠᠭ᠍ᠴᠠ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ᠎ᠪᠠᠷ ᠪᠠᠷᠠᠬᠤ ᠦᠭᠡᠢ ᠪᠠᠰᠠ ᠰᠥᠨᠢᠳ ᠪᠠᠷᠠᠭᠤᠨ ᠬᠣᠱᠢᠭᠤᠨ᠎ᠤ ᠪᠦᠬᠦ᠌ ᠣᠷᠣᠨ ᠎ᠤ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ ᠎ᠶ᠋ᠢ ᠴᠣᠭ᠍ᠴᠠᠯᠠᠬᠤ ᠵᠠᠩᠭᠢᠯᠠᠭ᠎ᠠ᠎ᠶ᠋ᠢᠨ ᠠᠵᠢᠯ ᠪᠣᠯᠤᠨ᠎ᠠ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ 〈1571〉 ᠠᠵᠢᠯ᠎ᠤᠨ ᠪᠠᠢᠷᠢᠯᠠᠭᠤᠯᠤᠯᠲᠠ ᠮᠠᠨ᠎ᠤ ᠠᠵᠢᠯᠯᠠᠭᠠᠨ᠎ᠤ ᠴᠢᠭᠯᠡᠯ᠎ᠢ ᠲᠣᠳᠣᠷᠬᠠᠢᠯᠠᠪᠠ》᠃ ᠰᠥᠨᠢᠳ ᠪᠠᠷᠠᠭᠤᠨ ᠬᠣᠱᠢᠭᠤᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠰᠥᠩ ᠳ᠋ᠦᠩ ᠢᠯᠡᠷᠬᠡᠢᠯᠡᠬᠦ᠌᠎ᠳᠡᠭᠡᠨ᠂ ᠲᠣᠰ ᠬᠣᠱᠢᠭᠤ ᠨᠢ 《ᠭᠡᠷᠡᠯ ᠰᠠᠯᠬᠢᠨ》 ᠎ᠤ  ᠡᠬᠢ ᠪᠠᠶᠠᠯᠢᠭ᠎ᠤᠨ ᠳᠠᠪᠠᠭᠤᠯᠢᠭ᠎ᠢᠶᠠᠨ ᠠᠵᠤ ᠠᠬᠤᠶ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠲᠠᠪᠠᠭᠤᠯᠢᠭ ᠪᠣᠯᠭᠠᠨ ᠬᠤᠪᠢᠷᠠᠭᠤᠯᠬᠤ ᠪᠣᠯᠤᠨ᠎ᠠ ᠭᠡᠵᠡᠶ᠃ ᠲᠥᠯᠥᠪᠵᠢᠭᠦᠯᠭᠡ ᠶᠣᠰᠣᠭᠠᠷ᠂ 2026 ᠣᠨ᠎ᠳᠤ ᠪᠥᠬᠥ᠌ ᠬᠣᠱᠢᠭᠤᠨ᠎ᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ 400 ᠲᠦᠮᠡᠨ ᠺᠢᠯᠦᠸᠠᠲ ᠎ᠢ ᠳᠠᠪᠠᠵᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ᠎ᠶ᠋ᠢ 255ᠲᠦᠮᠡᠨ ᠺᠢᠯᠦᠸᠠᠲ / 890 ᠲᠦᠮᠡᠨ ᠺᠢᠯᠦᠸᠠᠲ ᠴᠠᠭ᠎ᠠᠴᠠ ᠳᠡᠭᠡᠭ᠌ᠰᠢ ᠪᠣᠯᠭᠠᠬᠤ᠎ᠪᠠᠷ ᠴᠢᠷᠮᠠᠢᠨ᠎ᠠ᠃ ᠡᠭᠦᠨ ᠎ᠦ ᠬᠠᠮᠲᠤ ᠵᠢᠷᠦᠬᠡ ᠵᠢᠨ ᠨᠡᠭᠦᠷᠡᠰᠦᠳᠦ᠋ᠷᠦᠭ᠌ᠴᠢ ᠥᠬᠡᠶ ᠬᠦᠷᠢᠶᠡᠯᠡᠩ ᠲᠣᠭᠣᠷᠢᠭ᠎ᠢ ᠶᠠᠭ ᠰᠠᠢᠬᠠᠨ ᠬᠦᠴᠦᠯᠡᠨ ᠪᠠᠢᠭᠤᠯᠵᠤ᠂ ᠨᠣᠭᠣᠭᠠᠨ ᠴᠠᠬᠢᠯᠭᠠᠨ᠎ᠢ ᠱᠢᠭᠤᠳ ᠬᠣᠯᠪᠣᠬᠤ ᠵᠡᠷᠭᠡ ᠱᠢᠩᠭᠡᠭᠡᠬᠦ᠌ ᠵᠠᠭ᠍ᠪᠤᠷ ᠎ᠢ ᠳᠡᠯᠭᠡᠷᠡᠭᠦᠯᠵᠦ᠍᠂ ᠡᠨᠧᠷᠭᠢ᠎ᠶ᠋ᠢᠨ ᠠᠵᠤ ᠦᠶ᠋ᠯᠡᠰ ᠪᠣᠯᠤᠨ ᠱᠢᠨ᠎ᠡ ᠡᠨᠧᠷᠭᠢ᠎ᠶ᠋ᠢᠨ ᠭᠦᠨᠵᠡᠭᠡᠶ  ᠠᠭᠤᠰᠤᠯᠴᠠᠯ ᠎ᠢ  ᠠᠬᠢᠭᠤᠯᠤᠨ᠂ ᠨᠣᠭᠣᠭᠠᠨ ᠴᠠᠬᠢᠯᠭᠠᠨ ᠎ᠢ ᠣᠢᠷ᠎ᠠ ᠬᠠᠪᠢ ᠎ᠳᠤᠨᠢ  ᠥᠨᠳᠥᠷ  ᠪᠦᠲᠦᠮᠵᠢᠲᠡᠶ  ᠠᠱᠢᠭ᠍ᠯᠠᠬᠤ  ᠪᠡᠷ  ᠮᠡᠷᠡᠢᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号