ᠣᠢᠷ᠎ᠠ᠎ᠳᠤ᠂ ᠥᠪᠥᠷ ᠮᠣᠩᠭᠣᠯ᠎ᠤᠨ ᠵᠢᠦ ᠲᠠᠢ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠭᠠᠯ ᠪᠠᠮᠪᠠᠷ ᠵᠢᠡᠷ ᠰᠢᠢᠳᠪᠦᠷᠢᠯᠡᠬᠦ ᠬᠡᠶ ᠪᠡᠶᠡᠳᠦ᠎ᠶ᠋ᠢ ᠶᠡᠷᠦᠩᠬᠡᠢᠯᠡᠨ ᠬᠤᠷᠢᠶᠠᠨ ᠠᠪᠴᠤ ᠠᠱᠢᠭ᠍ᠯᠠᠯᠳᠠ ᠳ᠋ᠤ ᠤᠷᠤᠭᠤᠯᠬᠤ ᠲᠥᠷᠥᠯ ᠵᠦᠶ᠋ᠯ ᠵᠢᠩᠬᠢᠨᠢ᠎ᠪᠡᠷ ᠠᠱᠢᠭ᠍ᠯᠠᠯᠲᠠ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠪᠠᠮᠪᠠᠷ᠎ᠳᠤ ᠬᠡᠶ᠎ᠶ᠋ᠢ ᠬᠤᠷᠢᠶᠠᠨ ᠠᠪᠴᠤ LNG ᠦᠶ᠋ᠯᠡᠳᠪᠦᠷᠢᠯᠡᠬᠦ᠌ ᠲᠥᠷᠥᠯ ᠵᠦᠶ᠋ᠯ》ᠪᠣᠯᠪᠠ᠃ ᠪᠠᠮᠪᠠᠷ᠎ᠳᠤ ᠬᠡᠢ ᠵᠢ ᠬᠤᠷᠢᠶᠠᠨ ᠠᠪᠴᠤ ᠱᠢᠶ᠋ᠳᠪᠦᠷᠢᠯᠡᠭ᠌ᠰᠡᠨᠦ ᠳᠠᠷᠠᠭ᠎ᠠ LNG (ᠱᠢᠩᠭᠡᠨᠵᠢᠮᠡᠯ ᠪᠠᠢᠭᠠᠯᠢ᠎ᠶ᠋ᠢᠨ ᠱᠢᠲᠠᠮᠠᠬᠠᠶ ᠬᠡᠢ) ᠪᠣᠯᠤᠨ LEG (ᠱᠢᠩᠭᠡᠨ ᠲᠥ᠋ᠯᠥᠪᠲᠦ ᠡᠲ᠋ᠡᠨ) ᠬᠣᠶᠠᠷ ᠵᠦᠶ᠋ᠯ᠎ᠦᠨ ᠦᠶ᠋ᠯᠡᠳᠬᠦᠨ᠎ᠢ ᠦᠶ᠋ᠯᠡᠳᠪᠦᠷᠢᠯᠡᠵᠦ᠍᠂ ᠵᠢᠯ ᠪᠦᠷᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ 10 ᠲᠦᠮᠡᠨ ᠲᠣᠨ ᠪᠠᠭᠠᠰᠭᠠᠵᠤ᠂ ᠠᠵᠤ ᠠᠬᠤᠶ᠎ᠶ᠋ᠢᠨ ᠦᠷ᠎ᠡ ᠠᠱᠢᠭ᠎ᠢ 7000 ᠲᠦᠮᠡᠨ ᠲᠥᠭᠥᠷᠢᠭ ᠲᠸ᠋ ᠬᠦᠷᠭᠡᠬᠦ ᠪᠤᠯᠤᠨ᠎ᠠ᠃
ᠪᠠᠮᠪᠠᠷ᠎ᠳᠤ ᠬᠡᠢ᠎ᠶ᠋ᠢ ᠪᠠᠰᠠ ᠬᠡᠢ ᠨᠡᠪᠳᠡᠷᠡᠬᠦᠯᠬᠦ ᠪᠠᠮᠪᠠᠷ᠎ᠳᠤ ᠬᠡᠢ᠂ ᠭᠠᠰ ᠬᠡᠢ ᠭᠡᠳᠡᠭ᠂ ᠲᠡᠷᠡ ᠨᠢ ᠲᠣᠰᠣ ᠪᠣᠯᠪᠠᠰᠤᠷᠠᠭᠤᠯᠬᠤ᠂ ᠬᠢᠮᠢ᠎ᠶ᠋ᠢᠨ ᠠᠵᠤ ᠦᠢᠯᠡᠳᠪᠦᠷᠢ᠂ ᠲᠣᠰᠣ ᠬᠡᠢᠠᠭᠤᠷᠬᠠᠢ ᠶ᠋ᠢᠨ ᠦᠢᠯᠡᠳᠪᠦᠷᠢᠯᠡᠯ ᠳᠤᠮᠳᠠ ᠡᠭᠦᠰᠦᠭ᠌ᠰᠡᠨ ᠱᠢᠲᠠᠮᠠᠬᠠᠶ ᠬᠠᠶᠠᠭᠳᠠᠮᠠᠯ ᠬᠡᠢ᠎ᠶ᠋ᠢᠨ ᠬᠣᠯᠢᠮᠠᠭ ᠪᠣᠳᠠᠰ ᠪᠤᠯᠤᠨ᠎ᠠ᠂ ᠭᠣᠣᠯᠳᠠᠭᠤ ᠥᠨᠳᠥᠷ ᠲᠸ᠋ ᠪᠤᠰᠬᠠᠭᠰᠠᠨ ᠭᠠᠯ ᠪᠠᠮᠪᠠᠷ ᠵᠢᠡᠷ ᠲᠠᠮᠵᠢᠨ ᠱᠢᠲᠠᠭᠠᠵᠤ ᠱᠢᠶ᠋ᠳᠪᠦᠷᠢᠯᠡᠳᠡᠭ᠃ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠳᠤᠮᠳᠠ ᠪᠠᠮᠪᠠᠷ᠎ᠳᠤ ᠬᠡᠶ᠎ᠶ᠋ᠢ ᠬᠤᠷᠢᠶᠠᠨ ᠠᠪᠴᠤ ᠲᠠᠬᠢᠨ ᠠᠱᠢᠭ᠍ᠯᠠᠬᠤ ᠪᠣᠯ ᠡᠨᠧᠷᠭᠢ ᠠᠷᠪᠢᠯᠠᠨ ᠨᠡᠭᠦᠷᠡᠰᠦᠲᠥ᠋ᠷᠥᠭ᠌ᠴᠢ᠎ᠶ᠋ᠢ ᠪᠠᠭᠤᠷᠠᠭᠤᠯᠬᠤ᠂ ᠡᠨᠧᠷᠭᠢ᠎ᠶ᠋ᠢᠨ ᠠᠱᠢᠭ᠍ᠯᠠᠯᠳᠠ ᠵᠢᠨ ᠨᠤᠷᠮ᠎ᠠ ᠶ᠋ᠢ ᠳᠡᠭᠡᠭ᠌ᠰᠢᠯᠡᠭᠦᠯᠬᠦ᠌᠂ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃
ᠥᠪᠥᠷ ᠮᠣᠩᠭᠣᠯ᠎ᠤᠨ ᠵᠢᠦ ᠲᠠᠢ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠪᠠᠮᠪᠠᠷ᠎ᠳᠤ ᠬᠡᠶ᠎ᠶ᠋ᠢ ᠶᠡᠷᠦᠩᠬᠡᠢᠯᠡᠨ ᠬᠤᠷᠢᠶᠠᠨ ᠠᠪᠴᠤ ᠲᠠᠬᠢᠨ ᠠᠱᠢᠭ᠍ᠯᠠᠬᠤ ᠲᠥᠷᠥᠯ ᠵᠦᠶ᠋ᠯ᠎ᠦᠨ ᠲᠤᠬᠠᠶ᠎ᠶ᠋ᠢᠨ ᠲᠠᠯᠠᠪᠠᠶ᠎ᠳᠤ᠂ ᠠᠵᠢᠯᠲᠠᠳ ᠶᠠᠭ ᠲᠦᠭᠦᠬᠡᠶ ᠮᠠᠲ᠋ᠧᠷᠢᠶᠠᠯ᠎ᠤᠨ ᠠᠪᠴᠢᠭᠤᠯᠬᠤ ᠮᠠᠱᠢᠨ ᠴᠣᠭ᠍ᠴᠠᠯᠠᠪᠤᠷᠢ᠎ᠳᠤ ᠪᠠᠢᠴᠠᠭᠠᠯᠲᠠ ᠬᠢᠵᠦ᠍ ᠪᠠᠢᠯ᠎ᠠ᠃ ᠪᠠᠮᠪᠠᠷ᠎ᠳᠤ ᠬᠡᠢ᠎ᠶ᠋ᠢ ᠰᠠᠯᠭᠠᠨ ᠴᠡᠪᠡᠷᠰᠢᠭᠦᠯᠵᠦ᠍ LNG ᠪᠣᠯᠭᠠᠭ᠍ᠰᠠᠨ᠎ᠤ ᠳᠠᠷᠠᠭ᠎ᠠ ᠲᠤᠰᠬᠠᠢ ᠮᠠᠰᠢᠨ ᠳ᠋ᠤ ᠲᠦᠬᠦᠷᠳᠡᠯ᠎ᠡ ᠰᠠᠪᠠᠯᠠᠵᠤ ᠡᠷᠭᠢᠨ ᠲᠣᠭᠣᠷᠢᠨ᠎ᠤ ᠭᠠᠵᠠᠷ ᠣᠷᠣᠨ᠎ᠳᠤ ᠲᠠᠰᠤᠷᠠᠯᠲᠠ ᠦᠭᠡᠢ ᠵᠥᠭᠡᠭᠡᠪᠦᠷᠢᠯᠡᠨ ᠠᠪᠠᠴᠢᠵᠤ ᠪᠤᠢ᠃
《 ᠺᠣᠮᠫᠠᠨᠢ ᠵᠢᠨ ᠬᠢᠨ ᠬᠦᠯ᠎ᠳᠡᠭᠡᠨ ᠰᠠᠯᠭᠠᠬᠤ ᠤᠷ᠎ᠠ ᠮᠡᠷᠭᠡᠵᠢᠯ᠎ᠢᠶᠡᠷ ᠤᠤᠯ᠎ᠤᠨ ᠭᠠᠯ ᠪᠠᠮᠪᠠᠷᠵᠢᠡᠷ ᠱᠢᠲᠠᠭᠠᠨ ᠱᠢᠢᠳᠪᠦᠷᠢᠯᠡᠬᠦ ᠬᠡᠢ ᠪᠡᠶᠡᠲᠦ᠍᠎ᠶ᠋ᠢ ᠬᠤᠷᠢᠶᠠᠨ ᠠᠪᠴᠤ᠌ ᠲᠠᠬᠢᠨ ᠠᠱᠢᠭ᠍ᠯᠠᠬᠤ ᠬᠡᠯᠪᠡᠷᠢ ᠪᠡᠷ ᠬᠢᠷᠢ ᠲᠡᠩᠴᠡᠭ᠌ᠰᠡᠨ LNG᠂ LEG ᠦᠢᠯᠡᠳᠬᠦᠨ᠎ᠢ ᠦᠢᠯᠡᠳᠪᠦᠷᠢᠯᠡᠨ ᠭᠠᠷᠭᠠᠵᠤ ᠭᠠᠳᠠᠭ᠍ᠰᠢ ᠪᠣᠷᠣᠯᠠᠭᠤᠯᠵᠤ᠂ ᠵᠢᠯ ᠪᠦᠷᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ ᠪᠠᠷᠤᠭ 10 ᠲᠦᠮᠡᠨ ᠲᠣᠨ ᠪᠠᠭᠠᠰᠭᠠᠵᠤ᠂ 7000 ᠭᠠᠷᠤᠢ ᠲᠦᠮᠡᠨ ᠲᠥᠭᠥᠷᠢᠭ᠎ᠦᠨ ᠠᠵᠤ ᠠᠬᠤᠢ᠎ᠶ᠋ᠢᠨ ᠦᠷ᠎ᠡ ᠠᠱᠢᠭ ᠣᠯᠵᠤ᠂ ᠠᠵᠢᠯ ᠲᠦᠷᠦᠯ᠎ᠦᠨ ᠳᠣᠲᠣᠷ᠎ᠠ᠎ᠪᠠᠨ ᠪᠠᠮᠪᠠᠷ᠎ᠳᠤ ᠬᠡᠢ᠎ᠶ᠋ᠢ ᠡᠬᠢ ᠪᠠᠶᠠᠯᠢᠭ᠍ᠵᠢᠭᠤᠯᠬᠤ᠂ ᠥᠨᠳᠥᠷ ᠦᠷᠳᠡᠭ᠎ᠢᠶᠡᠷ ᠠᠱᠢᠭ᠍ᠯᠠᠬᠤ ᠬᠡᠪ ᠳᠠᠭᠤᠷᠢᠶᠠᠯ ᠪᠤᠯᠵᠤ᠂ ᠠᠵᠤ ᠠᠬᠤᠢ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠢᠯᠡᠳᠲᠡ ᠦᠷ᠎ᠡ ᠠᠱᠢᠭ ᠪᠣᠯᠤᠨ ᠵᠢᠱ᠌ᠢᠢ᠎ᠡ ᠦᠵᠡᠭᠦᠯᠦᠨ ᠳᠡᠯᠭᠡᠷᠡᠭᠦᠯᠬᠦ᠌ ᠦᠨ᠎ᠡ ᠦᠷᠳᠡᠭ᠎ᠢ ᠪᠦᠷᠢᠯᠳᠦᠭᠦᠯᠦᠭ᠌ᠰᠡᠨ ᠪᠠᠢᠨ᠎ᠠ》 ᠭᠡᠵᠦ᠍ ᠥᠪᠥᠷ ᠮᠣᠩᠭᠣᠯ᠎ᠤᠨ ᠵᠢᠦ ᠲᠠᠢ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠯᠦ᠍ ᠵᠧᠨ ᠯᠢᠨ ᠲᠠᠨᠢᠯᠴᠠᠭᠤᠯᠪᠠ᠃
ᠪᠠᠮᠪᠠᠷ᠎ᠳᠤ ᠬᠡᠢ᠎ᠶ᠋ᠢᠨ 《ᠠᠷᠢᠯᠤᠨ ᠤᠰᠠᠳᠬᠤ》 ᠪᠣᠯ ᠠᠵᠤ ᠦᠶ᠋ᠯᠡᠳᠪᠦᠷᠢ᠎ᠶ᠋ᠢᠨ ᠪᠣᠬᠢᠷᠲᠤᠯ ᠦᠭᠡᠢ ᠬᠥᠭ᠌ᠵᠢᠯᠲᠡ ᠪᠠ ᠮᠡᠷᠭᠡᠵᠢᠯ᠎ᠦᠨ ᠱᠢᠨ᠎ᠡ᠎ᠡᠬᠦᠳᠦᠯᠳᠡ ᠶ᠋ᠢᠨ ᠢᠯᠡᠷᠡᠯ ᠮᠥᠨ᠃ ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠵᠢᠦ᠍ᠲᠠᠢ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠪᠠᠮᠪᠠᠷ᠎ᠳᠤ ᠬᠡᠶ᠎ᠶ᠋ᠢ ᠶᠡᠷᠦᠩᠬᠡᠢᠯᠡᠨ ᠬᠤᠷᠢᠶᠠᠵᠤ ᠠᠱᠢᠭ᠍ᠯᠠᠬᠤ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠨᠢ 6000 ᠲᠦᠮᠡᠨ ᠲᠥᠭᠥᠷᠢᠭ ᠲᠸ᠋ ᠬᠦᠷᠴᠦ᠂ ᠵᠢᠯ᠎ᠳᠦ 1.2 ᠲᠦᠮᠡᠨ ᠲᠣᠨ LNG᠂ 0.6 ᠲᠦᠮᠡᠨ ᠲᠣᠨ LEG ᠦᠶ᠋ᠯᠡᠳᠪᠦᠷᠢᠯᠡᠵᠦ᠍ ᠪᠠᠢᠨ᠎ᠠ᠂ ᠣᠳᠣᠬᠠᠨ᠎ᠤ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠨᠢ ᠲᠣᠨ ᠪᠦᠷᠢ᠎ᠳᠡᠭᠡᠨ ᠪᠠᠷᠤᠭ 4500 ᠲᠥᠭᠥᠷᠢᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠪᠠᠮᠪᠠᠷ᠎ᠳᠤ ᠬᠡᠶ᠎ᠶ᠋ᠢ ᠬᠤᠷᠢᠶᠠᠨ ᠠᠰᠢᠬᠯᠠᠵᠤ LNG ᠦᠢᠯᠡᠳᠪᠦᠷᠢᠯᠡᠬᠦ ᠲᠥᠷᠥᠯ ᠵᠦᠶ᠋ᠯ》 ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ᠎ᠢ ᠤᠷᠤᠭ᠍ᠰᠢᠲᠠᠶ᠎ᠪᠠᠷ ᠠᠱᠢᠭ᠍ᠯᠠᠯᠲᠠ᠎ᠳᠤ ᠣᠷᠣᠭᠤᠯᠤᠭ᠍ᠰᠠᠨ᠎ᠨᠢ ᠵᠡᠭᠦᠨᠭᠠᠷ ᠬᠣᠱᠢᠭᠤ ᠠᠵᠤ ᠦᠶ᠋ᠯᠡᠳᠪᠦᠷᠢ᠎ᠶ᠋ᠢᠨ ᠬᠠᠶᠠᠭ᠍ᠳᠠᠮᠠᠯ ᠬᠡᠶ᠎ᠶ᠋ᠢ 《ᠦᠵᠦᠭᠦᠷᠡᠴᠡᠨᠢ ᠱᠢᠲᠠᠭᠠᠬᠤ》 ᠡᠴᠠ 《ᠡᠬᠢ ᠡᠭᠦᠰᠦᠯ᠎ᠡᠴᠡ᠎ᠨᠢ ᠡᠭᠡᠭᠦᠯᠦᠨ ᠬᠤᠷᠢᠶᠠᠬᠤ》 ᠦᠨᠳᠦᠰᠦᠨ ᠴᠢᠨᠠᠷᠲᠠᠶ ᠬᠤᠪᠢᠷᠠᠯᠲᠠ᠎ᠶ᠋ᠢ ᠪᠡᠶᠡᠯᠡᠭᠦᠯᠵᠦ᠍᠂ ᠲᠡᠷᠢᠭᠦᠨ᠎ᠦ ᠮᠡᠷᠭᠡᠵᠢᠯ᠎ᠲᠡᠶ᠂ ᠠᠮᠤᠷ ᠲᠦᠪᠱᠢᠨ ᠥᠨᠳᠥᠷ ᠦᠷ᠎ᠡ ᠪᠦᠲᠦᠮᠵᠢᠲᠡᠶ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭ᠍ᠰᠠᠨ ᠠᠵᠤ ᠦᠶ᠋ᠯᠡᠳᠪᠦᠷᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠱᠢᠨ᠎ᠡ ᠠᠷᠭ᠎ᠠ ᠵᠠᠮ᠎ᠢ ᠨᠡᠭᠡᠭᠡᠨ ᠦᠭᠬᠦᠭᠰᠡᠨ ᠪᠠᠢᠨ᠎ᠠ᠃