《ᠲᠠ ᠰᠠᠢᠨ ᠤᠤ? ᠮᠧᠩ ᠨᠦᠩ ᠴᠤᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠦᠢᠯᠡᠴᠢᠯᠡᠭᠡᠨ ᠤ ᠬᠠᠯᠠᠮᠰᠢᠯ ᠤᠳᠠᠰᠤ ᠪᠠᠢᠨ᠎ᠠ᠂ ᠲᠠᠨ ᠳ᠋ᠤ ᠶᠠᠮᠠᠷ ᠮᠡᠷᠭᠡᠵᠢᠯ ᠤᠨ ᠲᠠᠯ᠎ᠠ ᠵᠢᠨ ᠬᠠᠪᠰᠤᠷᠤᠭᠤᠯᠵᠦ ᠲᠡᠮᠵᠢᠬᠦᠯᠬᠦ ᠤᠴᠢᠷ ᠪᠠᠢᠨ᠎ᠠ ᠤᠤ?》4 ᠰᠠᠷ᠎ᠠ ᠵᠢᠨ 15 ᠪ ᠡᠳᠦᠷ ᠤᠨ 11 ᠴᠠᠭ ᠤᠨ ᠦᠶ᠎ᠡ ᠪᠡᠷ ᠪᠤᠭᠤᠲᠤ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠤᠪᠴᠢᠶ᠎ᠠ ᠵᠢᠨ 《96326》 ᠬᠠᠯᠠᠮᠰᠢᠯ ᠤᠳᠠᠰᠤ ᠵᠢᠨ ᠲᠤᠰᠬᠠᠢ ᠤᠳᠠᠰᠤ ᠬᠦᠭᠵᠢᠯᠳᠠᠢᠬᠡᠨ ᠲᠤᠤᠭᠠᠷᠴᠦ᠂ ᠠᠵᠢᠯᠳᠠᠨ ᠡᠴᠡ ᠲᠠᠷᠤᠢᠠᠬᠨ ᠲᠤᠰᠴᠦ᠂ ᠤᠳᠠᠰᠤ ᠢᠷᠡᠭᠦᠯᠦᠭᠰᠡᠨ ᠲᠠᠷᠢᠶᠠᠴᠢᠨ ᠡᠴᠡ ᠢᠩᠬᠢᠵᠦ ᠠᠰᠠᠭᠤᠵᠦ ᠪᠠᠢᠯ᠎ᠠ᠃
ᠪᠤᠭᠤᠲᠤ ᠬᠤᠳᠠ ᠵᠢᠨ 117 ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠮᠡᠷᠭᠡᠵᠢᠯᠳᠡᠨ ᠵᠢᠡᠷ ᠪᠦᠷᠢᠯᠳᠦᠭᠰᠡᠨ《ᠮᠧᠩ ᠨᠦᠩ ᠴᠤᠸᠠᠩ》 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠤ᠋ᠨ ᠦᠢᠯᠡᠴᠢᠯᠡᠭᠡᠨ ᠤ ᠠᠩᠬᠢ ᠭᠠᠪᠰᠢᠭᠠᠢᠯᠠᠨ ᠠᠵᠢᠯᠯᠠᠵᠦ ᠂ ᠲᠡᠳᠡ ᠪᠦᠬᠦ ᠬᠤᠳᠠ ᠵᠢᠨ ᠨᠢᠭᠡᠳᠦᠯᠳᠠᠢ 《96326》 ᠦᠢᠯᠡᠴᠢᠯᠡᠭᠡᠨ ᠤ ᠬᠠᠯᠠᠮᠰᠢᠯ ᠤᠳᠠᠰᠤ ᠪᠡᠷ ᠬᠤᠯᠪᠤᠭᠠᠰᠤ ᠰᠢᠵᠢᠮ ᠪᠤᠯᠭᠠᠨ᠂ ᠲᠤᠰᠬᠠᠢ ᠮᠡᠷᠭᠡᠵᠢᠯ ᠤᠨ ᠤᠨᠤᠪᠴᠢᠳᠠᠢ ᠦᠢᠯᠡᠴᠢᠯᠡᠭᠡ ᠵᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ ᠡᠮᠦᠨ᠎ᠠ ᠹᠷᠤᠨᠲ ᠲᠤ᠌ ᠬᠦᠷᠭᠡᠵᠦ᠂ ᠰᠢᠨᠵᠢᠯᠡᠬᠦ ᠤᠠᠬᠭᠠᠨ ᠲᠧᠭᠨᠢᠭ ᠮᠡᠷᠭᠡᠵᠢᠯ ᠤᠨ ᠬᠦᠴᠦᠨ ᠴᠢᠳᠠᠯ ᠵᠢᠡᠷ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠪᠤᠯᠤᠨ ᠲᠡᠷᠢᠶᠡᠯᠠᠩ ᠮᠠᠯ ᠠᠵᠤ ᠠᠬᠤᠢ ᠵᠢᠨ ᠴᠢᠨᠠᠷ ᠰᠠᠢᠳᠠᠢ ᠭᠦᠭᠵᠢᠯᠳᠡ ᠳ᠋ᠤ ᠪᠠᠳᠤᠯᠠᠭ᠎ᠠ ᠬᠠᠩᠭᠠᠵᠦ ᠪᠠᠢᠨ᠎ᠠ᠃
ᠵᠢᠤᠶᠤᠸᠠᠨ ᠲᠤᠭᠤᠷᠢᠭ ᠤᠨ ᠲᠠᠷᠢᠵᠦ ᠤᠷᠭᠤᠭᠤᠯᠬᠤ ᠲᠤᠮᠤ ᠡᠷᠦᠭᠡ ᠯᠢ ᠸᠠᠩ ᠷᠦᠩ ᠡᠨᠡ ᠵᠢᠯ ᠦᠨᠳᠤᠷ ᠤᠨᠠᠯᠳᠠ ᠲᠠᠢ ᠠᠮᠳᠠᠳᠤ ᠬᠡᠮᠬᠡ ᠲᠠᠷᠢᠬᠤ ᠪᠡᠷ ᠲᠦᠯᠦᠪᠯᠡᠵᠦ ᠪᠠᠢᠯ᠎ᠠ᠃ ᠬᠡᠪᠡᠴᠦ ᠲᠠᠷᠢᠬᠤ ᠨᠢᠬᠳᠠᠴᠠ᠂ ᠤᠰᠤ ᠪᠤᠷᠳᠤᠭᠤᠷ ᠢ ᠲᠡᠩᠴᠡᠭᠦᠯᠬᠦ ᠮᠡᠷᠭᠡᠵᠢᠯ ᠤᠨ ᠲᠠᠯ᠎ᠠ ᠪᠡᠷ ᠲᠤᠳᠤᠷ᠎ᠠ ᠪᠡᠨ ᠲᠤᠭ᠎ᠠ ᠦᠭᠡᠢ ᠡᠴᠡ ᠪᠤᠯᠵᠦ᠂ ᠤᠷᠴᠢᠮ ᠡᠴᠡ ᠮᠠᠰᠢ ᠰᠠᠨᠠᠭ᠎ᠠ ᠪᠤᠯᠵᠦ ᠪᠠᠢᠯ᠎ᠠ᠃ ᠢᠩᠬᠢᠭᠡᠳ ᠲᠤᠷᠰᠢᠵᠦ ᠦᠵᠡᠬᠦ ᠰᠠᠨᠠᠭ᠎ᠠ ᠪᠡᠷ 《96326》 ᠬᠠᠯᠠᠮᠰᠢᠯ ᠤᠳᠠᠰᠤ ᠳ᠋ᠤ ᠤᠳᠠᠰᠤᠳᠠᠬᠰᠠᠨ ᠳ᠋ᠤ᠂ ᠰᠠᠨᠠᠭᠠᠨ ᠡᠴᠡ ᠭᠠᠳᠠᠭᠤᠷ ᠬᠤᠶᠠᠷ ᠴᠠᠭ ᠪᠤᠯᠤᠬᠰᠠᠨ ᠦᠭᠡᠢ ᠪᠤᠭᠤᠲᠤ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠠᠬᠭᠠᠨ ᠤ ᠰᠤᠳᠤᠯᠭᠠᠨ ᠤ ᠬᠦᠷᠢᠶᠡᠯᠡᠩ ᠤᠨ ᠲᠦᠭᠦᠭᠡᠷᠤᠮᠵᠢᠳᠤ ᠲᠠᠷᠢᠶᠠᠯᠠᠩ ᠤᠨ ᠲᠤᠰᠬᠠᠢ ᠮᠡᠷᠭᠡᠵᠢᠯᠳᠡᠨ ᠲᠡᠭᠦᠨ ᠤ ᠲᠠᠷᠢᠶᠠᠨ ᠭᠠᠵᠠᠷ ᠲᠤ᠌ ᠬᠦᠷᠴᠦ ᠢᠷᠡᠭᠰᠡᠨ ᠪᠠᠢᠯ᠎ᠠ᠃ ᠢᠩᠬᠢᠭᠡᠳ ᠬᠦᠷᠦᠰᠤᠨ ᠤ ᠴᠢᠬᠢᠭ ᠤᠨ ᠪᠠᠢᠳᠠᠯ ᠢ ᠤᠢᠯᠠᠭᠠᠨ᠂ ᠲᠠᠷᠢᠬᠤ ᠮᠦᠷ ᠤᠨ ᠵᠠᠢ ᠵᠢ ᠬᠡᠮᠵᠢᠨ ᠪᠤᠳᠤᠵᠦ᠂ ᠲᠡᠭᠦᠨ ᠳ᠋ᠤ ᠲᠠᠷᠢᠬᠤ ᠬᠦᠨ ᠤ ᠬᠡᠮᠵᠢᠶ᠎ᠠ᠂ ᠬᠤᠷᠤᠬᠠᠢ ᠰᠢᠪᠡᠵᠢ ᠵᠢ ᠪᠤᠬᠢᠷᠳᠤᠯ ᠦᠭᠡᠢ ᠰᠠᠷᠭᠡᠢᠯᠡᠨ ᠬᠠᠮᠢᠶᠠᠷᠬᠤ ᠵᠡᠷᠭᠡ ᠲᠠᠯ᠎ᠠ ᠪᠡᠷ ᠭᠤᠤᠯᠳᠠᠯᠭ᠎ᠠ ᠲᠠᠢ ᠮᠡᠷᠭᠡᠵᠢᠯ ᠤᠨ ᠵᠢᠯᠤᠭᠤᠳᠤᠯᠭ᠎ᠠ ᠬᠢᠵᠦ ᠦᠭᠭᠦᠨ᠂ ᠶᠤᠰᠤᠳᠠᠢ ᠯᠡ ᠲᠠᠭᠠᠷᠠᠬᠰᠠᠨ ᠬᠦᠮᠦᠨ ᠳ᠋ᠤ ᠲᠠᠬᠤ ᠬᠦᠷᠭᠡᠭᠰᠡᠨ ᠰᠠᠢᠨ ᠤᠴᠢᠷ ᠪᠤᠯᠵᠠᠢ᠃ 《ᠦᠩᠬᠡᠷᠡᠭᠰᠡᠨ ᠳ᠋ᠤ ᠡᠢᠮᠦ ᠤᠴᠢᠷ ᠲᠤᠬᠢᠶᠠᠯᠳᠤᠪᠠᠯ ᠬᠡᠨ ᠡᠴᠡ ᠠᠰᠠᠭᠤᠬᠤ ᠪᠡᠨ ᠮᠡᠳᠡᠬᠦ ᠦᠬᠡᠢ ᠭᠠᠷ ᠨᠤᠬᠤᠯᠠᠨ ᠭᠠᠴᠢᠬᠳᠠᠳᠠᠭ ᠪᠠᠢᠯ᠎ᠠ᠂ ᠤᠳᠤ ᠨᠢᠭᠡᠯᠡ ᠤᠳᠠᠰᠤ ᠪᠡᠷ ᠲᠤᠰᠬᠠᠢ ᠮᠡᠷᠭᠡᠵᠢᠯᠳᠡᠨ ᠡᠭᠦᠳᠡᠨ ᠲᠡᠭᠡᠷ᠎ᠠ ᠢᠷᠡᠭᠰᠡᠨ ᠢᠶᠡᠷ ᠮᠠᠨᠤᠰ ᠤᠨ ᠰᠢᠨᠵᠢᠯᠡᠬᠦ ᠤᠬᠠᠭᠠᠨᠴᠢ ᠪᠡᠷ ᠲᠠᠷᠢᠵᠦ ᠤᠷᠭᠤᠭᠤᠯᠬᠤ ᠦᠢᠯᠡᠰ ᠡᠷᠬᠢᠯᠡᠬᠦ ᠡᠷᠴᠢ ᠵᠤᠷᠢᠭ ᠢ ᠬᠦᠪᠴᠢᠯᠡᠯᠠ》 ᠬᠡᠵᠦ ᠲᠡᠷᠨ ᠰᠤᠷᠪᠤᠯᠵᠢᠯᠠᠭ᠎ᠠ ᠳ᠋ᠤ ᠶᠠᠷᠢᠵᠦ ᠪᠠᠢᠯ᠎ᠠ᠃
ᠮᠠᠯᠴᠢᠨ ᠲᠠᠷᠢᠶᠠᠴᠢᠨ ᠤ ᠮᠡᠷᠭᠡᠵᠢᠯ ᠤᠨ ᠲᠤᠰᠠᠯᠠᠮᠵᠢ ᠭᠤᠶᠤᠯᠳᠠ ᠳ᠋ᠤ《ᠠᠰᠠᠭᠤᠯᠳᠠ ᠪᠠᠢᠪᠠᠯ ᠵᠠᠪᠠᠯ ᠬᠠᠷᠢᠭᠤᠯᠬᠤ᠂ ᠤᠴᠢᠷ ᠶᠠᠪᠤᠳᠠᠯ ᠪᠠᠴᠢᠮ ᠪᠠᠢᠪᠠᠯ ᠵᠠᠪᠠᠯ ᠠᠪᠤᠷᠠᠬᠤ᠂ ᠲᠤᠬᠳᠠᠬᠰᠠᠨ ᠴᠠᠭ ᠤᠨ ᠲᠤᠳᠤᠷ᠎ᠠ ᠬᠦᠢᠴᠡᠳᠬᠡᠵᠦ ᠲᠠᠭᠤᠰᠬᠠᠬᠤ》ᠵᠢ ᠪᠠᠳᠤᠯᠠᠬᠤ ᠵᠢᠨ ᠲᠦᠯᠦᠭᠡ ᠂ ᠪᠤᠭᠤᠲᠤ ᠬᠤᠳᠠ 《ᠤᠳᠠᠰᠤ ᠪᠡᠷ ᠰᠤᠷᠠᠬᠤ + ᠠᠯᠤᠰ ᠡᠴᠡ ᠡᠮᠴᠢᠯᠡᠬᠦ + ᠪᠤᠳᠠᠳᠠᠢ ᠭᠠᠵᠠᠷ ᠲᠤ᠌ ᠵᠢᠯᠤᠭᠤᠳᠤᠯᠭ᠎ᠠ ᠬᠢᠬᠦ 》 ᠭᠤᠷᠪᠠᠨ ᠱᠠᠳᠤ ᠵᠢᠨ ᠦᠢᠯᠡᠴᠢᠯᠡᠭᠡᠨ ᠤ ᠠᠯᠬᠤᠮ ᠶᠠᠪᠤᠴᠠ ᠵᠢ ᠲᠤᠬᠳᠠᠭᠠᠵᠦ᠂ ᠲᠦᠭᠦᠮ ᠠᠰᠠᠭᠤᠳᠠᠯ ᠳᠤ ᠤᠳᠠᠰᠤᠨ ᠲᠡᠭᠡᠷ᠎ᠠ ᠨᠢ ᠲᠠᠷᠤᠢᠬᠠᠨ ᠬᠠᠷᠢᠭᠤᠯᠳᠠ ᠦᠭᠴᠦ᠂ ᠬᠦᠴᠢᠷᠳᠠᠯᠳᠠᠢ ᠠᠰᠠᠭᠤᠳᠠᠯ ᠳᠦ 24 ᠴᠠᠭ ᠤᠨ ᠲᠤᠳᠤᠷ᠎ᠠ ᠲᠤᠰᠬᠠᠢ ᠮᠡᠷᠭᠡᠵᠢᠯ ᠤᠨ ᠨᠢᠮᠪᠠᠢ ᠬᠠᠷᠢᠭᠤᠯᠳᠠ ᠦᠭᠴᠦ᠂ ᠲᠤᠬᠠᠢ ᠵᠢᠨ ᠭᠠᠵᠠᠷ ᠲᠤ᠌ ᠬᠦᠷᠴᠦ ᠰᠢᠢᠳᠪᠦᠷᠢᠯᠡᠬᠦ ᠴᠢᠬᠤᠯᠠᠳᠠᠢ ᠮᠡᠷᠭᠡᠵᠢᠯ ᠤᠨ ᠬᠦᠴᠢᠷᠳᠠᠯᠳᠤ ᠠᠰᠠᠭᠤᠳᠠᠯ ᠳ᠋ᠤ 48 ᠴᠠᠭ ᠤᠨ ᠲᠤᠳᠤᠷ᠎ᠠ ᠲᠤᠰᠬᠠᠢ ᠮᠡᠷᠭᠡᠵᠢᠯᠳᠡᠨ ᠤ ᠲᠤᠭᠤᠢᠯᠠᠩ ᠲᠤᠮᠢᠯᠠᠨ ᠲᠤᠬᠠᠢ ᠵᠢᠨ ᠲᠠᠯᠠᠪᠤᠷ ᠲᠤᠨᠢ ᠬᠦᠷᠴᠦ ᠰᠢᠢᠳᠪᠤᠷᠢᠯᠡᠭᠦᠯᠦᠨ᠂ ᠰᠢᠢᠳᠪᠦᠷᠢᠯᠡᠵᠦ ᠲᠠᠭᠤᠰᠬᠠᠬᠰᠠᠨ ᠤ ᠲᠠᠷᠠᠭ᠎ᠠ 48 ᠴᠠᠭ ᠤᠨ ᠲᠤᠳᠤᠷ᠎ᠠ ᠬᠠᠷᠢᠭᠤ ᠤᠳᠠᠰᠤᠳᠠᠨ ᠰᠢᠢᠳᠪᠦᠷᠢᠯᠡᠭᠰᠡᠨ ᠪᠠᠢᠳᠠᠯ ᠢ ᠤᠢᠯᠠᠭᠠᠵᠦ᠂ ᠪᠦᠬᠦ ᠶᠠᠪᠤᠴᠠ ᠵᠢᠨ ᠲᠠᠭᠠᠨ ᠦᠢᠯᠡᠴᠢᠯᠡᠭᠡ ᠪᠡᠷ ᠮᠡᠷᠭᠡᠵᠢᠯ ᠤᠨ ᠦᠢᠯᠡᠴᠢᠯᠡᠭᠡ ᠵᠢᠨ ᠨᠤᠳᠤᠬᠰᠢᠵᠦ ᠦᠷ᠎ᠠ ᠪᠦᠳᠦᠮᠵᠢ ᠭᠠᠷᠭᠠᠬᠤ ᠵᠢ ᠪᠠᠳᠤᠯᠠᠬᠰᠠᠨ ᠪᠠᠢᠨ᠎ᠠ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠢ ᠦᠪ ᠦᠨᠡᠨ ᠬᠦ ᠦᠨᠳᠤᠰᠤᠨ ᠱᠠᠳᠤᠨ ᠳ᠋ᠤ ᠬᠦᠷᠭᠡᠬᠦ ᠵᠢ ᠪᠠᠳᠤᠯᠠᠬᠤ ᠵᠢᠨ ᠲᠦᠯᠦᠭᠡ ᠪᠤᠭᠤᠲᠤ ᠬᠤᠳᠠ ᠲᠠᠷᠢᠶᠠᠯᠠᠩ ᠤᠨ ᠮᠡᠷᠭᠡᠵᠢᠯᠳᠡᠳ ᠢ 《 ᠰᠢᠶᠠᠨ ᠡᠴᠡ ᠬᠠᠮᠢᠶᠠᠷᠴᠦ ᠰᠢᠶᠠᠩ ᠳᠤ ᠬᠡᠷᠡᠭᠯᠡᠬᠦ᠂ ᠲᠤᠰᠬᠤᠨ ᠳ᠋ᠤ ᠪᠠᠭᠤᠯᠭᠠᠬᠤ 》 ᠠᠵᠢᠯ ᠤᠨ ᠵᠠᠬᠪᠤᠷ ᠢ ᠬᠡᠷᠡᠭᠵᠢᠬᠦᠯᠵᠦ᠂ 《1+10》 ᠲᠠᠭᠠᠭᠠᠴᠢᠯᠠᠬᠤ ᠲᠤᠬᠳᠠᠴᠠ ᠵᠢ ᠪᠠᠢᠭᠤᠯᠤᠨ᠂ ᠨᠢᠭᠡ ᠲᠤᠰᠬᠠᠢ ᠮᠡᠷᠭᠡᠵᠢᠯᠳᠡᠨ ᠨᠢᠭᠡ ᠵᠠᠰᠠᠭ ᠵᠠᠬᠢᠷᠭᠠᠨ ᠤ ᠲᠤᠰᠬᠤᠨ ᠢ ᠲᠠᠭᠠᠭᠠᠴᠢᠯᠠᠨ ᠬᠠᠮᠢᠶᠠᠷᠴᠦ᠂ 10 ᠡᠷᠦᠭᠡ ᠡᠴᠡ ᠲᠡᠭᠡᠭᠰᠢ ᠮᠠᠯᠴᠢᠨ ᠲᠠᠷᠢᠶᠠᠴᠢᠨ ᠡᠷᠦᠭᠡ ᠲᠠᠢ ᠬᠤᠯᠪᠤᠯᠳᠤᠨ᠂ ᠲᠤᠰᠬᠠᠢ ᠲᠠᠭᠠᠭᠠᠴᠢᠯᠠᠨ ᠦᠢᠯᠡᠴᠢᠯᠡᠬᠦ ᠲᠠᠩᠰᠠ ᠡᠪᠬᠡᠮᠡᠯ ᠪᠠᠢᠭᠤᠯᠤᠨ᠂ 《ᠮᠠᠯᠴᠢᠨ ᠲᠠᠷᠢᠶᠠᠴᠢᠨ ᠲᠡᠭᠡᠭᠰᠢ ᠡᠷᠢᠬᠦ》 ᠵᠢ《ᠲᠤᠰᠬᠠᠢ ᠮᠡᠷᠭᠡᠵᠢᠯᠳᠡᠨ ᠦᠪᠡᠷ ᠵᠢᠡᠨ ᠡᠭᠦᠳᠡᠨ ᠲᠡᠭᠡᠷ᠎ᠠ ᠨᠢ ᠬᠦᠷᠭᠡᠬᠦ》 ᠪᠤᠯᠭᠠᠨ ᠬᠤᠪᠢᠷᠠᠭᠤᠯᠵᠦ᠂ ᠮᠡᠷᠭᠡᠵᠢᠯ ᠤᠨ ᠦᠢᠯᠡᠴᠢᠯᠡᠭᠡ ᠵᠢ ᠦᠪ ᠦᠨᠡᠨ ᠬᠦ ᠲᠠᠷᠢᠶᠠᠨ ᠵᠠᠬ᠎ᠠ ᠳ᠋ᠤ ᠬᠦᠷᠭᠡᠭᠰᠡᠨ ᠪᠠᠢᠨ᠎ᠠ᠃ ᠡᠭᠦᠨᠴᠢᠯᠡᠨ ᠪᠠᠰᠠ 2026 ᠤᠨ ᠤ 6 ᠰᠠᠷ᠎ᠠ ᠳ᠋ᠤ ᠲᠤᠰ ᠬᠤᠳᠠ 《ᠮᠧᠩ ᠨᠦᠩ ᠴᠤᠸᠠᠩ》 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠤ᠋ᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠦᠷᠨᠢᠬᠦᠯᠬᠦ ᠪᠡᠷ ᠪᠠᠢᠨ᠎ᠠ᠃