ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 《ᠤᠮᠠᠷᠠᠲᠤ ᠵᠢᠨ ᠭᠤᠷᠪᠠᠨ ᠤᠷᠤᠨ》ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ 2026 ᠣᠨ ᠳ᠋ᠤ ᠥᠪᠥᠷ ᠮᠣᠩᠭᠣᠯ ᠰᠠᠢᠨ ᠡᠭᠦᠯᠳᠡᠷ ᠢ᠋ ᠰᠣᠩᠭᠣᠨ ᠪᠣᠢᠵᠢᠭᠤᠯᠬᠤ᠂ ᠰᠠᠭᠤᠷᠢᠨ ᠤ᠋ ᠭᠠᠷᠤᠯᠲᠠ ᠶ᠋ᠢ ᠥᠷᠭᠡᠳᠭᠡᠬᠦ᠌᠂ ᠶᠠᠰᠤ ᠴᠢᠨᠠᠷ ᠢ᠋ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠦᠷ᠎ᠡ ᠴᠢᠬᠢ ᠵᠢᠨ ᠦᠶ᠋ᠯᠡᠳᠪᠦᠷᠢᠯᠡᠯ ᠬᠠᠩᠭᠠᠯᠭ᠎ᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠶ᠋ᠢ ᠠᠬᠢᠭᠤᠯᠪᠠ᠃ ᠣᠳᠣᠬᠠᠨ ᠳ᠋ᠤ ᠥᠪᠥᠷ ᠮᠣᠩᠭᠣᠯ ᠨᠢᠭᠡᠨᠲᠡ 15.4 ᠳ᠋ᠦᠩᠱᠢᠭᠤᠷ ᠴᠢᠬᠢ ᠮᠣᠳᠣ᠂ 800 ᠲᠦᠮᠡᠨ ᠺᠢᠯᠣᠭ᠌ᠷᠠᠮ ᠡᠪᠡᠰᠦᠨ ᠦᠷ᠎ᠡ ᠨᠥᠭᠡᠴᠡᠯᠡᠪᠡ᠃
《ᠤᠮᠠᠷᠠᠲᠤ ᠵᠢᠨ ᠭᠤᠷᠪᠠᠨ ᠣᠷᠣᠨ 》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠬᠡᠷᠡᠭ᠌ᠵᠢᠭᠦᠯᠦᠭ᠌ᠰᠡᠨ ᠡᠴᠡ ᠨᠠᠭᠠᠰᠢ ᠂ ᠥᠪᠥᠷ ᠮᠣᠩᠭᠣᠯ ᠦᠷ᠎ᠡ ᠡᠳ᠋ ᠤ᠋ᠨ ᠡᠬᠢ ᠪᠠᠶᠠᠯᠢᠭ ᠢ᠋ ᠬᠢᠨᠠᠨ ᠲᠣᠭ᠍ᠲᠠᠭᠠᠵᠤ ᠦᠨᠡᠯᠡᠬᠦ᠌ ᠶ᠋ᠢ ᠲᠦᠷᠭᠡᠳᠭᠡᠵᠦ᠍᠂ ᠦᠷ᠎ᠡ ᠪᠣᠢᠵᠢᠭᠤᠯᠬᠤ ᠳ᠋ᠤ ᠨᠠᠩ ᠡᠯᠪᠡᠭ ᠪᠠᠶᠠᠯᠢᠭ ᠤᠳᠤᠮᠱᠢᠯ ᠤ᠋ᠨ ᠮᠠᠲ᠋ᠧᠷᠢᠶᠠᠯ ᠬᠠᠩᠭᠠᠵᠤ᠂ ᠦᠷ᠎ᠡ ᠡᠳ᠋ ᠤ᠋ᠨ ᠡᠬᠢ ᠪᠠᠶᠠᠯᠢᠭ ᠤ᠋ᠨ ᠲᠣᠮᠣ ᠣᠷᠣᠨ ᠡᠴᠡ ᠦᠷ᠎ᠡ ᠡᠳ᠋ ᠤ᠋ᠨ ᠡᠬᠢ ᠪᠠᠶᠠᠯᠢᠭ ᠤ᠋ᠨ ᠬᠦᠴᠦᠷᠬᠡᠭ ᠣᠷᠣᠨ ᠲᠡᠢᠰᠢ ᠤᠷᠤᠭ᠍ᠰᠢᠯᠠᠬᠤ ᠶ᠋ᠢ ᠠᠬᠢᠭᠤᠯᠪᠠ᠃ ᠡᠭᠦᠨᠦ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠦᠷ᠎ᠡ ᠪᠣᠢᠵᠢᠭᠤᠯᠬᠤ ᠪᠦᠯᠬᠦᠮ ᠱᠢᠯᠢᠳᠡᠭ ᠰᠠᠢᠨ ᠤᠷᠤᠨ ᠨᠤᠲᠤᠭ ᠤ᠋ᠨ ᠮᠣᠳᠣᠨ ᠤ᠋ ᠦᠷ᠎ᠡ ᠡᠪᠡᠰᠦᠨ ᠦᠷ᠎ᠡ ᠰᠣᠩᠭᠣᠨ ᠪᠣᠢᠵᠢᠭᠤᠯᠬᠤ ᠠᠯᠬᠤᠴᠠᠪᠠᠨ ᠲᠦᠷᠭᠡᠳᠭᠡᠵᠦ᠍᠂ ᠡᠪᠡᠰᠦᠨ ᠦᠷ᠎ᠡ ᠵᠢᠨ ᠦᠷ᠎ᠡ ᠪᠣᠢᠵᠢᠭᠤᠯᠬᠤ ᠬᠠᠮᠲᠤᠷᠠᠨ ᠪᠣᠭᠣᠮᠲᠠ ᠱᠢᠪᠲᠤᠯᠬᠤ ᠶ᠋ᠢ ᠭᠣᠣᠯᠳᠠᠯᠭᠠᠲᠠᠶ ᠥᠷᠨᠢᠭᠦᠯᠦᠨ᠂ ᠣᠶᠤᠨᠴᠢᠪᠠᠷ ᠦᠷ᠎ᠡ ᠪᠣᠢᠵᠢᠭᠤᠯᠬᠤ ᠮᠡᠷᠭᠡᠵᠢᠯ ᠤ᠋ᠨ ᠬᠡᠷᠡᠭ᠌ᠯᠡᠯᠲᠡ ᠶ᠋ᠢ ᠴᠢᠩᠭᠠᠳᠭᠠᠵᠤ᠂ ᠡᠪᠡᠰᠦᠨ ᠦᠷ᠎ᠡ ᠵᠢᠨ ᠦᠷ᠎ᠡ ᠪᠣᠢᠵᠢᠭᠤᠯᠬᠤ ᠠᠵᠢᠯ ᠤ᠋ᠨ ᠪᠦᠬᠦ᠌ ᠤᠯᠤᠰᠲᠠᠬᠢ ᠲᠦᠷᠦᠭᠦᠯᠡᠬᠦ᠌ ᠪᠠᠢᠷᠢ ᠰᠠᠭᠤᠷᠢ ᠶ᠋ᠢ ᠦᠷᠭᠦᠯᠵᠢᠯᠡᠨ ᠪᠠᠲᠤᠯᠠᠪᠠ᠃
ᠣᠳᠣᠬᠠᠨ ᠳ᠋ᠤ᠂ ᠥᠪᠥᠷ ᠮᠣᠩᠭᠣᠯ ᠤ᠋ᠨ ᠰᠣᠩᠭᠣᠨ ᠪᠣᠢᠵᠢᠭᠤᠯᠤᠭ᠍ᠰᠠᠨ ᠣᠶ ᠮᠣᠳᠣᠨ ᠤ᠋ ᠰᠠᠢᠨ ᠡᠭᠦᠯᠳᠡᠷ 215᠂ ᠡᠪᠡᠰᠦᠨ ᠡᠭᠦᠯᠳᠡᠷ 313 ᠪᠠᠢᠵᠤ᠂ ᠣᠶ ᠮᠣᠳᠣᠨ ᠤ᠋ ᠰᠠᠢᠨ ᠡᠭᠦᠯᠳᠡᠷ ᠨᠢ 《ᠤᠮᠠᠷᠠᠲᠤ ᠵᠢᠨ ᠭᠤᠷᠪᠠᠨ ᠤᠷᠤᠨ》ᠤ᠋ ᠢᠨᠵᠧᠨᠧᠷᠢᠩ ᠤ᠋ᠨ ᠭᠤᠤᠯ ᠪᠣᠯᠬᠤ ᠣᠢᠵᠢᠭᠤᠯᠤᠯᠲᠠ ᠵᠢᠨ ᠮᠣᠳᠣᠨ ᠤ᠋ ᠲᠥᠷᠥᠯ ᠢ᠋ ᠬᠠᠮᠤᠷᠴᠤ᠌᠂ ᠡᠪᠡᠰᠦᠨᠦ ᠲᠥᠷᠥᠯ ᠵᠦᠶ᠋ᠯ ᠤ᠋ᠨ ᠲᠣᠭ᠎ᠠ ᠬᠡᠮᠵᠢᠶ᠎ᠡ ᠨᠢ ᠪᠥᠬᠥ᠌ ᠤᠯᠤᠰ ᠲᠤ᠌ ᠲᠦᠷᠦᠭᠦᠯᠡᠵᠤ ᠪᠤᠢ᠃ ᠵᠤᠯᠵᠠᠭ᠎ᠠ ᠮᠣᠳᠣᠨ ᠤ᠋ ᠰᠠᠭᠤᠷᠢᠨ ᠢ᠋ ᠨᠢᠭᠡᠨᠲᠡ 30 ᠲᠦᠮᠡᠨ ᠮᠥ᠍ ᠪᠠᠢᠭᠤᠯᠵᠤ᠂ ᠡᠪᠡᠰᠦᠨ ᠦᠷ᠎ᠡ ᠵᠢᠨ ᠰᠠᠭᠤᠷᠢᠨ ᠢ᠋ 52 ᠲᠦᠮᠡᠨ ᠮᠥ᠍ ᠪᠠᠢᠭᠤᠯᠤᠨ᠂ ᠵᠤᠯᠵᠠᠭ᠎ᠠ ᠮᠣᠳᠣ ᠶ᠋ᠢ ᠥᠪᠡᠰᠦᠪᠡᠨ ᠬᠡᠷᠡᠭ᠌ᠯᠡᠬᠦ᠌ ᠶ᠋ᠢ ᠪᠠᠲᠤᠯᠠᠬᠤ ᠡᠴᠡ ᠭᠠᠳᠠᠨ᠎ᠠ ᠪᠠᠰᠠ ᠡᠷᠬᠢᠨ ᠲᠣᠭᠣᠷᠢᠨ ᠤ᠋ ᠮᠤᠵᠢ ᠣᠷᠣᠨ ᠢ᠋ ᠨᠥᠯᠥᠭᠡᠯᠡᠵᠦ᠍᠂ ᠡᠪᠡᠰᠦᠨ ᠦᠷ᠎ᠡ ᠵᠢᠨ ᠭᠠᠷᠤᠯᠲᠠ ᠶ᠋ᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠨᠦ ᠦᠶ᠎ᠡ ᠵᠢᠨᠬᠢ ᠡᠴᠡ ᠵᠢᠷᠭᠤᠭᠠᠨ ᠳᠠᠬᠢᠨ ᠨᠡᠮᠡᠭ᠌ᠳᠡᠭᠦᠯᠤᠨ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠤᠷᠤᠭ᠍ᠰᠢᠲᠠᠶ ᠶᠠᠪᠤᠭ᠍ᠳᠠᠬᠤ ᠶ᠋ᠢ ᠬᠦᠴᠦᠲᠡᠶ ᠪᠠᠲᠤᠯᠠᠪᠠ᠃