ᠠᠵᠢᠯᠲᠠᠨ ᠡᠴᠡ ᠡᠮᠤᠨ᠎ᠠ ᠤᠷᠤᠨ ᠳ᠋ᠤ ᠡᠬᠦᠯᠳᠡᠷ ᠪᠤᠢᠵᠢᠭᠤᠯᠬᠤ ᠰᠠᠭᠤᠷᠢᠨ᠎ᠡᠴᠡ ᠰᠣᠩᠭᠣᠵᠤ ᠭᠠᠷᠭᠠᠭ᠍ᠰᠠᠨ ᠱᠢᠯᠢᠳᠡᠭ ᠡᠷᠳᠡᠨᠢ ᠱᠢᠰᠢ᠎ᠶ᠋ᠢᠨ ᠦᠷ᠎ᠡ᠎ᠶ᠋ᠢ ᠬᠥᠬᠡᠬᠣᠲᠠ᠎ᠶ᠋ᠢᠨ ᠲᠤᠷᠱᠢᠯᠲᠠ᠎ᠶ᠋ᠢᠨ ᠰᠠᠭᠤᠷᠢᠨ ᠳ᠋ᠤ ᠳᠠᠷᠢᠵᠤ ᠪᠠᠢᠨ᠎ᠡ
2026-04-20 17:11:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ20260420-170031.png


ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠮᠤᠨ᠎ᠠ ᠤᠷᠤᠨ ᠳ᠋ᠤ ᠡᠬᠦᠯᠳᠡᠷ ᠪᠤᠢᠵᠢᠭᠤᠯᠬᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠬᠠᠢᠨᠠᠨ ᠮᠤᠵᠢ᠎ᠶ᠋ᠢᠨ ᠰᠠᠨᠶᠠ ᠬᠣᠲᠠ᠎ᠶ᠋ᠢᠨ ᠶᠠ ᠵᠸᠤ ᠲᠣᠭᠣᠷᠢᠭ᠎ᠲᠤ ᠪᠠᠢᠷᠢᠯᠠᠵᠤ᠂ ᠲᠠᠷᠢᠮᠠᠯ ᠤ᠋ᠨ ᠦᠷ᠎ᠡ ᠪᠣᠢᠵᠢᠭᠤᠯᠬᠤ ᠂ ᠦᠷ᠎ᠡ᠎ᠶ᠋ᠢ ᠦᠷᠡᠵᠢᠭᠦᠯᠬᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠣᠯᠢᠯᠴᠠᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠥᠨᠳᠥᠷ ᠲᠦᠪᠱᠢᠨ ᠪᠦᠬᠦᠢ ᠲᠠᠷᠢᠶᠠᠯᠠᠩ᠎ᠤᠨ ᠦᠷ᠎ᠡ ᠪᠣᠢᠵᠢᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ ᠪᠠᠢᠵᠤ᠂ ᠦᠷ᠎ᠡ᠎ᠶ᠋ᠢᠨ ᠦᠢᠯᠡᠰ᠎ᠦᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ 《ᠪᠣᠭᠣᠮᠢ》 ᠵᠢᠨ ᠠᠰᠠᠭᠤᠳᠠᠯ᠎ᠢ ᠱᠢᠶ᠋ᠳᠪᠦᠷᠢᠯᠡᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠭᠤᠤᠯᠯᠠᠬᠤ ᠦᠷ᠎ᠡ᠎ᠶ᠋ᠢᠨ ᠢᠷᠡᠯᠲᠡ᠎ᠶ᠋ᠢᠨ ᠲᠤᠯᠭᠠᠭᠤᠷᠢᠯᠠᠯ ᠬᠠᠩᠭᠠᠪᠠ᠃ ᠵᠢᠷᠤᠭ ᠪᠤᠯ 4 ᠰᠠᠷ᠎ᠠ᠎ᠶ᠋ᠢᠨ 18 ᠎ᠤ᠋ ᠡᠳᠦᠷ᠂ ᠰᠤᠳᠤᠯᠭᠠᠨ᠎ᠤ ᠲᠠᠰᠤᠭ᠎ᠤᠨ ᠠᠵᠢᠯᠲᠠᠨ ᠡᠴᠡ ᠡᠮᠤᠨ᠎ᠠ ᠤᠷᠤᠨ ᠳ᠋ᠤ ᠡᠬᠦᠯᠳᠡᠷ ᠪᠤᠢᠵᠢᠭᠤᠯᠬᠤ ᠰᠠᠭᠤᠷᠢᠨ᠎ᠡᠴᠡ ᠰᠣᠩᠭᠣᠵᠤ ᠭᠠᠷᠭᠠᠭ᠍ᠰᠠᠨ ᠱᠢᠯᠢᠳᠡᠭ ᠡᠷᠳᠡᠨᠢ ᠱᠢᠰᠢ᠎ᠶ᠋ᠢᠨ ᠦᠷ᠎ᠡ᠎ᠶ᠋ᠢ ᠬᠥᠬᠡᠬᠣᠲᠠ᠎ᠶ᠋ᠢᠨ ᠲᠤᠷᠱᠢᠯᠲᠠ᠎ᠶ᠋ᠢᠨ ᠰᠠᠭᠤᠷᠢᠨ ᠳ᠋ᠤ ᠳᠠᠷᠢᠵᠤ ᠪᠠᠢᠭ᠎ᠠ ᠨᠢ᠃

ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ   ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号