ᠥᠪᠥᠷ ᠮᠣᠩᠭᠣᠯ ᠰᠦᠯᠵᠢᠶ᠎ᠡ ᠬᠢᠭᠡᠳ ᠳ᠋ᠠᠢᠲ᠋ᠠ᠎ᠶ᠋ᠢᠨ ᠠᠮᠤᠷ ᠲᠦᠪᠱᠢᠨ ᠵᠢᠴᠢ ᠮᠡᠬᠡᠯᠡᠯ᠎ᠢ ᠡᠰᠡᠷᠭᠦᠴᠡᠬᠦ᠌ ᠠᠵᠢᠯ᠎ᠢ ᠴᠢᠨᠭᠭᠠᠳᠬᠠᠵᠠᠢ
2026-04-20 11:06:03
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ 2026 ᠣᠨ᠎ᠤ ᠰᠦᠯᠵᠢᠶ᠎ᠡ ᠬᠢᠭᠡᠳ ᠳ᠋ᠠᠢᠲ᠋ᠠ᠎ᠶ᠋ᠢᠨ ᠠᠮᠤᠷ ᠲᠦᠪᠱᠢᠨ ᠵᠢᠴᠢ ᠮᠡᠬᠡᠯᠡᠯ᠎ᠢ ᠡᠰᠡᠷᠭᠦᠴᠡᠬᠦ᠌ ᠠᠵᠢᠯ᠎ᠤᠨ ᠬᠤᠷᠠᠯ ᠬᠤᠷᠠᠯᠳᠤᠭᠤᠯᠵᠤ᠂ ᠰᠦᠯᠵᠢᠶᠡᠨ᠎ᠦ ᠠᠮᠤᠷ ᠲᠦᠪᠱᠢᠨ᠎ᠦ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠭᠦᠨᠵᠡᠭᠡᠶ ᠨᠠᠢᠳᠠᠪᠤᠷᠢᠵᠢᠭᠤᠯᠵᠤ᠂ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠦᠯᠵᠢᠶ᠎ᠡ ᠬᠢᠭᠡᠳ ᠳ᠋ᠠᠢᠲ᠋ᠠ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠤᠯᠠᠮ ᠪᠡᠬᠢᠵᠢᠭᠦᠯᠵᠠᠢ᠃

ᠬᠤᠷᠠᠯ᠎ᠡᠴᠠ《ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠬᠤ》 ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠵᠤ᠂ ᠰᠦᠯᠵᠢᠶᠡᠨ᠎ᠦ ᠠᠮᠤᠷ ᠲᠦᠪᠱᠢᠨ᠂ ᠳ᠋ᠠᠢᠲ᠋ᠠ᠎ᠶ᠋ᠢᠨ ᠠᠮᠤᠷ ᠲᠦᠪᠱᠢᠨ ᠪᠠ ᠮᠡᠬᠡᠯᠡᠯ᠎ᠢ ᠡᠰᠡᠷᠭᠦᠴᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠠᠳᠭᠤᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠦᠬᠦ᠌ ᠬᠡᠯᠬᠢᠶᠡᠨ᠎ᠦ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠱᠠᠳᠤ ᠱᠠᠳᠤ᠎ᠪᠠᠷ ᠪᠣᠳᠠᠲᠠᠢᠵᠢᠭᠤᠯᠵᠤ᠂ ᠠᠮᠤᠷ ᠲᠦᠪᠱᠢᠨ᠎ᠦ ᠠᠵᠢᠯ᠎ᠤᠨ ᠦᠷ᠎ᠡ ᠪᠦᠲᠦᠮᠵᠢ ᠵᠢ ᠵᠠᠰᠠᠬ᠎ᠤᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠪᠠ ᠺᠠᠳ᠋ᠷ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠯᠡᠬᠦ᠌᠎ᠲᠡᠶ ᠨᠢᠭ᠍ᠲᠠ ᠬᠣᠯᠪᠣᠵᠤ᠂ ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠬᠤ ᠬᠡᠷᠡᠭ᠌ᠲᠡᠢ᠃ ᠨᠢᠭᠡᠳᠦᠯᠲᠡᠢ ᠲᠥᠯᠥᠪᠵᠢᠭᠦᠯᠬᠦ᠌᠎ᠪᠡᠨ ᠴᠢᠩᠭᠠᠳᠭᠠᠵᠤ᠂ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠠᠵᠢᠯ᠎ᠤᠨ ᠰᠠᠭᠤᠷᠢ᠎ᠶ᠋ᠢ ᠪᠡᠬᠢᠵᠢᠭᠦᠯᠵᠦ᠍᠂ ᠠᠮᠤᠷ ᠲᠦᠪᠱᠢᠨ᠎ᠦ ᠤᠢ᠍ᠢᠯᠠᠭᠠᠭ᠍ᠳᠠᠬᠤᠨ᠎ᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠦᠬᠦ᠌ ᠶᠠᠪᠤᠴᠠ ᠪᠠ ᠡᠯ᠎ᠡ ᠭᠣᠭ᠍ᠴᠣᠭ᠎ᠠ᠎ᠳᠤ ᠠᠭᠤᠰᠤᠯᠴᠠᠭᠤᠯᠵᠦ᠍᠂ ᠳᠣᠲᠣᠭᠠᠳᠤ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠶᠤᠯ ᠲᠦᠭ᠌ᠰᠢᠭᠦᠷᠢ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠪᠠᠢᠩᠭᠤ ᠥᠷᠨᠢᠭᠦᠯᠵᠦ᠍᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠢ᠃ ᠠᠮᠤᠷ ᠲᠦᠪᠱᠢᠨ᠎ᠦ ᠠᠵᠢᠯ᠎ᠤᠨ ᠪᠣᠳᠠᠳᠠᠢ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠭᠡᠨᠡᠳᠲᠡ ᠡᠭᠦᠰᠦᠭ᠌ᠰᠡᠨ ᠠᠮᠤᠷ ᠲᠦᠪᠱᠢᠨ᠎ᠦ ᠬᠡᠷᠡᠭ᠎ᠢ ᠲᠦᠷᠭᠡᠨ ᠠᠷᠭᠠᠴᠠᠭᠠᠬᠤ ᠪᠠ ᠬᠠᠮᠵᠢᠯᠴᠠᠨ ᠱᠢᠢᠳᠪᠦᠷᠢᠯᠡᠬᠦ᠌ ᠴᠢᠳᠠᠪᠤᠷᠢ᠎ᠶ᠋ᠢ ᠲᠡᠭᠡᠭᠰᠢᠯᠡᠬᠦᠯᠵᠦ᠂ ᠮᠡᠬᠡᠯᠡᠯ᠎ᠢ ᠡᠰᠡᠷᠭᠦᠴᠡᠬᠦ᠌ ᠶᠡᠷᠦᠩᠬᠡᠢᠯᠡᠭ᠌ᠰᠡᠨ ᠵᠠᠰᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ ᠮᠡᠷᠭᠡᠵᠢᠯ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠰᠤᠳᠤᠯᠭᠠᠨ᠎ᠢ ᠴᠢᠩᠭᠠᠳᠭᠠᠵᠤ᠂ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠠᠷᠭ᠎ᠠ ᠵᠠᠮ᠎ᠢ ᠰᠦᠪᠡᠭ᠌ᠴᠢᠯᠡᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠬᠡᠵᠦ ᠱᠠᠭᠠᠷᠳᠠᠵᠠᠢ᠃

ᠬᠤᠷᠠᠯ᠎ᠠᠴᠠ ᠪᠥᠬᠥ᠌ ᠤᠯᠤᠰ᠎ᠤᠨ ᠬᠣᠶᠠᠷ ᠬᠤᠷᠠᠯ ᠤ᠋ᠨ ᠬᠤᠭᠤᠴᠠᠭᠠᠨ᠎ᠳᠤ ᠡᠯ᠎ᠡ ᠠᠵᠤ ᠠᠬᠤᠢᠯᠠᠯ᠎ᠤᠨ᠎ᠬᠢᠨ ᠪᠠᠲᠤᠯᠠᠭ᠎ᠠ᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠎ᠪᠠᠨ ᠴᠢᠩᠭᠠᠳᠭᠠᠵᠤ᠂ ᠵᠢᠵᠢᠭᠦᠷᠯᠡᠨ ᠰᠠᠬᠢᠬᠤ᠎ᠪᠠᠨ ᠴᠢᠩᠭᠠᠳᠭᠠᠵᠤ᠂ ᠵᠠᠰᠠᠭ᠎ᠤᠨ ᠤᠷᠳᠤᠨ ᠠᠵᠤ ᠠᠬᠤᠢᠯᠠᠯ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠨᠢᠭ᠍ᠲᠠᠷᠠᠭᠤᠯᠵᠤ᠂ ᠭᠡᠨᠡᠳᠲᠡ᠎ᠶ᠋ᠢᠨ ᠬᠡᠷᠡᠭ᠎ᠢ ᠱᠢᠶ᠋ᠳᠪᠦᠷᠢᠯᠡᠬᠦ᠌ ᠪᠠ ᠬᠠᠮᠵᠢᠯᠴᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠢ ᠪᠠᠲᠤᠯᠠᠬᠤ ᠡᠭᠦᠷᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠬᠦ᠌ ᠬᠡᠷᠡᠭ᠌ᠲᠡᠶ ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号