ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠡᠴᠡ ᠣᠢᠯᠠᠭᠠᠭᠰᠠᠨ ᠵᠢᠡᠷ᠂ ᠡᠨᠡ ᠵᠢᠯ᠎ᠡᠴᠡ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠨᠣᠷᠮ᠎ᠠ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠎ᠶᠢ ᠲᠤᠬᠠᠢ᠎ᠶᠢᠨ ᠬᠥᠮᠥᠨ᠎ᠦ ᠬᠡᠷᠡᠭ ᠪᠣᠯᠭᠠᠨ ᠳᠠᠩᠰᠠᠯᠠᠬᠤ ᠤᠴᠢᠷ ᠶᠠᠪᠤᠳᠠᠯ᠎ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠪᠣᠯᠭᠠᠬᠤ᠎ᠶᠢᠨ ᠲᠥᠯᠥᠭᠡ ᠪᠥᠬᠥ ᠣᠷᠣᠨ᠎ᠤ ᠰᠢᠭᠦᠬᠦ ᠬᠣᠷᠢᠶ᠎ᠠ᠎ᠨᠤᠭᠤᠳ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ᠎ᠢ ᠳᠡᠯᠭᠡᠷᠡᠭᠦᠯᠬᠦ᠎ᠶᠢ ᠵᠠᠷᠭᠤ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠬᠦ᠂ ᠬᠠᠤᠯᠢ ᠪᠠᠷᠢᠬᠤ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠬᠠᠤᠯᠢ ᠴᠠᠭᠠᠵᠠ ᠢ᠋ᠢᠨ ᠦᠢᠯᠡᠴᠢᠯᠡᠭᠡ᠎ᠶᠢᠨ 《ᠡᠴᠦᠰ᠎ᠦᠨ ᠨᠢᠭᠡ ᠺᠢᠯᠣᠮᠧᠲᠷ》 ᠢ᠋ ᠦᠨᠡᠨ ᠬᠦ᠌ ᠨᠡᠪᠲᠡᠷᠡᠭᠦᠯᠦᠨ᠎ᠡ᠃
ᠤᠢᠯᠠᠭᠠᠬᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ 2026 ᠣᠨ᠎ᠤ ᠬᠡᠷᠡᠭ ᠪᠣᠯᠭᠠᠨ ᠳᠠᠩᠰᠠᠯᠠᠬᠤ ᠵᠠᠷᠭᠤ᠎ᠶᠢᠨ ᠦᠢᠯᠡᠴᠢᠯᠡᠭᠡᠨ᠎ᠦ ᠭᠣᠣᠯᠳᠠᠯᠭ᠎ᠠ᠎ᠲᠠᠢ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭᠠᠵᠤ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠡᠩᠰᠡᠯᠡᠬᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠮᠠᠲᠧᠷᠢᠶᠠᠯ᠎ᠢ ᠨᠥᠬᠥᠪᠦᠷᠢᠯᠡᠨ ᠵᠠᠯᠠᠷᠠᠭᠤᠯᠬᠤ ᠵᠢ ᠨᠠᠢᠲᠠᠪᠤᠷᠢᠵᠢᠭᠤᠯᠬᠤ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠴᠢᠩᠭᠠᠳᠬᠠᠬᠤ᠂ ᠠᠵᠢᠯᠲᠠᠨ᠎ᠤ ᠪᠣᠯᠪᠠᠰᠤᠷᠠᠯ᠎ᠢ ᠴᠢᠩᠭᠠᠳᠬᠠᠬᠤ᠂ ᠬᠦᠢᠴᠡᠳᠬᠡᠬᠦ ᠶᠠᠪᠤᠴᠠ᠎ᠶᠢ ᠴᠢᠩᠭ᠎ᠠ ᠵᠢᠷᠤᠮᠵᠢᠭᠤᠯᠬᠤ ᠵᠡᠷᠭᠡ ᠠᠵᠢᠯ᠎ᠤᠨ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃ ᠪᠥᠬᠥ ᠣᠷᠣᠨ᠎ᠤ ᠰᠢᠭᠦᠬᠦ ᠬᠣᠷᠢᠶ᠎ᠠ᠎ᠨᠤᠭᠤᠳ ᠵᠠᠷᠭᠤ᠎ᠶᠢᠨ ᠦᠢᠯᠡᠴᠢᠯᠡᠭᠡᠨ᠎ᠦ ᠶᠡᠬᠡ ᠲᠢᠩᠬᠢᠮ᠂ ᠰᠢᠭᠦᠬᠦ ᠬᠣᠷᠢᠶ᠎ᠠ᠎ᠶᠢᠨ ᠠᠯᠪᠠᠨ᠎ᠤ ᠵᠢᠷᠬᠢᠶ᠎ᠡ ᠵᠢᠨ ᠤᠯᠠᠨ ᠨᠡᠶ᠋ᠢᠲᠡ᠎ᠶᠢᠨ ᠲᠠᠪᠴᠠᠩ ᠵᠡᠷᠭᠡ ᠲᠤᠬᠠᠢ ᠢ᠋ᠢᠨ ᠲᠠᠯᠠᠪᠤᠷ ᠪᠠ ᠰᠦᠯᠵᠢᠶᠡᠨ ᠳᠡᠭᠡᠷᠡᠬᠢ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ ᠲᠤᠬᠠᠢ᠎ᠶᠢᠨ ᠲᠠᠯᠠᠪᠤᠷ᠎ᠲᠤ ᠵᠢᠭᠠᠨ ᠵᠢᠯᠤᠭᠣᠳᠬᠤ᠂ ᠤᠲᠠᠰᠤ᠎ᠪᠠᠷ ᠮᠡᠳᠡᠭᠳᠡᠬᠦ ᠵᠡᠷᠭᠡ ᠠᠷᠭ᠎ᠠ ᠮᠠᠶᠢᠭ᠋᠎ᠲᠠᠢ ᠤᠶᠠᠯᠳᠤᠭᠤᠯᠤᠨ ᠪᠠᠢᠩᠭᠤ᠎ᠶᠢᠨ ᠴᠢᠨᠠᠷᠲᠠᠢ ᠤᠬᠠᠭᠤᠯᠭ᠎ᠠ ᠥᠷᠨᠢᠭᠦᠯᠦᠨ᠎ᠡ᠃ ᠲᠣᠭᠣᠷᠢᠨ ᠰᠢᠭᠦᠨ ᠲᠠᠰᠤᠯᠬᠤ᠂ ᠬᠠᠤᠯᠢ᠎ᠶᠢ ᠬᠥᠳᠡᠭᠡ ᠲᠤᠰᠬᠤᠨ᠎ᠳᠦ ᠬᠦᠷᠭᠡᠬᠦ ᠵᠡᠷᠭᠡ ᠬᠡᠯᠪᠡᠷᠢ᠎ᠪᠡᠷ ᠰᠤᠷᠭᠠᠨ ᠬᠥᠮᠦᠵᠢᠯ᠎ᠢ ᠭᠡᠷ ᠲᠦ᠍ᠨᠢ ᠬᠦᠷᠭᠡᠵᠦ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯᠯᠠᠭᠠᠨ᠎ᠤ ᠶᠠᠪᠤᠴᠠ ᠪᠠ ᠲᠦᠬᠦᠮ ᠦᠵᠡᠭᠦᠯᠬᠦ ᠳᠠᠪᠠᠭᠤᠯᠢᠭ᠋᠎ᠢ ᠤᠯᠠᠨ ᠲᠦᠮᠡᠨ᠎ᠦ ᠳᠡᠷᠭᠡᠳᠡ ᠬᠦᠷᠭᠡᠨ᠎ᠡ᠃ ᠰᠦᠯᠵᠢᠶᠡᠨ ᠳᠡᠭᠡᠷ᠎ᠡ ᠬᠡᠷᠡᠭ ᠪᠣᠯᠭᠠᠨ ᠳᠡᠩᠰᠡᠯᠡᠬᠤ ᠬᠡᠷᠡᠭᠯᠡᠭᠡᠨ᠎ᠤ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢ ᠢᠳᠡᠪᠬᠢᠲᠡᠢ ᠥᠷᠨᠢᠭᠦᠯᠵᠦ᠂ ᠪᠣᠯᠪᠠᠰᠤᠷᠠᠯ᠎ᠳᠤ ᠣᠷᠣᠯᠴᠠᠭᠰᠠᠳ ᠨᠢ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ᠎ᠦᠨ ᠳᠠᠷᠤᠭ᠎ᠠ᠂ ᠮᠠᠯᠵᠢᠬᠤ ᠣᠷᠣᠨ ᠵᠢᠴᠢ ᠬᠢᠯᠢ ᠬᠢᠵᠠᠭᠠᠷ ᠣᠷᠣᠨ᠎ᠤ ᠨᠢᠭᠡᠳᠦᠭᠡᠷ ᠹᠷᠣᠨᠲ᠎ᠤᠨ ᠬᠡᠷᠡᠭ ᠪᠣᠯᠭᠠᠨ ᠳᠠᠩᠰᠠᠯᠠᠬᠤ ᠬᠥᠮᠥᠰ᠂ ᠵᠠᠷᠭᠤ᠎ᠶᠢᠨ ᠦᠢᠯᠡᠴᠢᠯᠡᠭᠡᠨ᠎ᠦ ᠬᠥᠲᠥᠯᠥᠨ ᠵᠢᠯᠤᠭᠣᠳᠬᠤ ᠬᠥᠮᠥᠰ ᠵᠡᠷᠭᠡ᠎ᠶᠢ ᠬᠠᠮᠤᠷᠴᠤ᠂ ᠺᠠᠳ᠋ᠷ ᠴᠠᠭᠳᠠᠭ᠎ᠠ᠎ᠶᠢᠨ ᠰᠦᠯᠵᠢᠶᠡᠨ ᠳᠡᠭᠡᠷ᠎ᠡ ᠠᠵᠢᠯᠯᠠᠬᠤ ᠴᠢᠳᠠᠪᠤᠷᠢ ᠪᠠ ᠬᠥᠲᠥᠯᠥᠨ ᠵᠢᠯᠤᠭᠣᠳᠬᠤ ᠲᠦᠪᠰᠢᠨ ᠢ᠋ ᠳᠡᠭᠡᠭᠰᠢᠯᠡᠭᠦᠯᠬᠦ ᠪᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号