ᠣᠢᠷ᠎ᠠ᠎ᠳᠤ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠠᠩᠬᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠰᠢᠭᠦᠬᠦ ᠬᠣᠷᠢᠶ᠎ᠠ᠎ᠶᠢᠨ ᠰᠢᠯᠢᠳᠡᠭ ᠰᠢᠭᠦᠨ ᠲᠠᠰᠤᠯᠤᠯᠲᠠ᠎ᠶᠢᠨ ᠲᠣᠭ᠎ᠠ ᠪᠠᠷᠢᠮᠲᠠ᠎ᠶᠢ ᠵᠠᠳᠠᠯᠤᠨ ᠬᠡᠷᠡᠭᠯᠡᠭᠰᠡᠨ ᠦᠷ᠎ᠡ ᠪᠦᠲᠦᠭᠡᠯ᠎ᠢ ᠰᠢᠯᠭᠠᠷᠠᠭᠤᠯᠤᠭᠰᠠᠨ ᠦᠷ᠎ᠡ ᠳ᠋ᠦᠩ᠎ᠢ ᠵᠠᠷᠯᠠᠵᠤ᠂ ᠥᠪᠥᠷ ᠮᠣᠩᠭᠣᠯ᠎ᠤᠨ ᠠᠷᠠᠳ᠎ᠤᠨ ᠦᠨᠳᠦᠷ ᠵᠡᠷᠭᠡ ᠵᠢᠨ ᠰᠢᠬᠦᠬᠦ ᠬᠤᠷᠢᠶ᠎ᠠ ᠵᠢᠨ《ᠣᠷᠴᠢᠨ ᠲᠤᠭᠤᠷᠢᠨ᠎ᠤ ᠡᠬᠢ ᠪᠠᠶᠠᠯᠢᠭ᠋᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠴᠢᠳᠠᠮᠵᠢ᠎ᠶᠢ ᠪᠠᠳᠠᠷᠠᠭᠤᠯᠬᠤ ᠪᠠ ᠲᠡᠭᠦᠯᠳᠡᠷᠵᠢᠭᠦᠯᠬᠦ ᠠᠷᠭ᠎ᠠ ᠵᠠᠮ᠎ᠤᠨ ᠰᠤᠳᠤᠯᠤᠯ ︱ ᠬᠠᠲᠤᠨ ᠭᠣᠣᠯ᠎ᠤᠨ ᠰᠠᠪᠠ ᠭᠠᠵᠠᠷ᠎ᠤᠨ ᠣᠷᠴᠢᠨ ᠲᠤᠭᠤᠷᠢᠨ᠎ᠤ ᠡᠬᠢ ᠪᠠᠶᠠᠯᠢᠭ᠋᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠎ᠢᠶᠡᠷ ᠥᠯᠢᠭᠡᠷ ᠬᠡᠪ ᠪᠣᠯᠭᠠᠪᠠ》 ᠬᠡᠬᠦ ᠰᠤᠳᠤᠯᠭᠠᠨ᠎ᠤ ᠦᠷ᠎ᠡ ᠪᠦᠲᠦᠭᠡᠯ ᠲᠤᠰ ᠱᠠᠩᠨᠠᠯ᠎ᠢ ᠭᠥᠷᠳᠡᠪᠡ᠃
ᠲᠤᠰ ᠰᠤᠳᠤᠯᠭᠠᠨ᠎ᠤ ᠦᠷ᠎ᠡ ᠪᠦᠲᠦᠭᠡᠯ ᠨᠢ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠠ ᠬᠠᠲᠤᠨ ᠭᠣᠣᠯ᠎ᠤᠨ ᠰᠠᠪᠠ ᠭᠠᠵᠠᠷ᠎ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠤᠬᠲᠠᠭᠠᠯᠲᠠ᠎ᠳᠤ ᠰᠠᠭᠤᠷᠢᠯᠠᠨ᠂ ᠣᠢᠷ᠎ᠠ᠎ᠶᠢᠨ ᠵᠢᠯ᠎ᠦᠨ ᠲᠤᠷᠰᠢᠬᠢ ᠬᠠᠲᠤᠨ ᠭᠣᠣᠯ᠎ᠤᠨ ᠰᠠᠪᠠ ᠭᠠᠵᠠᠷ᠎ᠤᠨ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠎ᠦᠨ ᠲᠣᠭ᠎ᠠ ᠪᠠᠷᠢᠮᠲᠠ᠎ᠶᠢ ᠭᠦᠨᠵᠡᠭᠡᠢ ᠠᠭᠤᠳᠠᠯᠬᠤ ᠪᠠ ᠪᠣᠳᠠᠲᠤ ᠭᠡᠷᠡᠴᠢ ᠪᠠᠷᠢᠮᠳᠠ᠎ᠶᠢᠨ ᠵᠠᠳᠠᠯᠤᠯᠲᠠ ᠪᠡᠷ ᠲᠠᠮᠵᠢᠨ᠂ ᠬᠡᠷᠡᠭ᠎ᠦᠨ ᠣᠨᠴᠠᠯᠢᠭ᠋᠂ ᠰᠢᠭᠦᠯᠲᠡ᠎ᠶᠢᠨ ᠬᠦᠴᠢᠷᠳᠡᠯ ᠪᠠ ᠦᠷ᠎ᠡ ᠪᠦᠲᠦᠮᠵᠢ᠎ᠶᠢ ᠰᠢᠰᠲᠧᠮ᠎ᠲᠠᠢ ᠡᠮᠬᠢᠯᠡᠨ ᠲᠢᠭᠯᠡᠬᠦ᠎ᠶᠢᠨ ᠬᠠᠮᠲᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠬᠤ᠎ᠳᠤ ᠦᠢᠯᠡᠴᠢᠯᠡᠬᠦ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠲᠣᠭᠣᠷᠢᠨ᠎ᠳᠤ᠂ ᠤᠷᠴᠢᠨ ᠲᠤᠭᠤᠷᠢᠨ᠎ᠤ ᠡᠬᠢ ᠪᠠᠶᠠᠯᠢᠭ᠋᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠴᠢᠳᠠᠮᠵᠢ᠎ᠶᠢ ᠲᠡᠭᠦᠯᠳᠡᠷᠵᠢᠭᠦᠯᠬᠦ᠂ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢᠨ ᠬᠦᠴᠦᠨ᠎ᠢ ᠳᠡᠭᠡᠭᠰᠢᠯᠡᠭᠦᠯᠬᠦ ᠬᠠᠨᠳᠤᠯᠭᠠᠲᠤ ᠴᠢᠨᠠᠷᠲᠠᠢ ᠠᠷᠭ᠎ᠠ ᠵᠠᠮ᠎ᠤᠨ ᠲᠤᠬᠠᠢ ᠰᠠᠨᠠᠭᠤᠯᠭ᠎ᠠ᠎ᠶᠢ ᠳᠤᠷᠠᠳᠤᠨ ᠭᠠᠷᠭᠠᠵᠠᠢ᠃
ᠤᠢᠯᠠᠭᠠᠬᠰᠠᠨ ᠢ᠋ᠢᠡᠷ᠂ ᠠᠷᠠᠳ᠎ᠤᠨ ᠳᠡᠭᠡᠳᠦ ᠰᠢᠭᠦᠬᠦ ᠬᠣᠷᠢᠶ᠎ᠡ 《ᠲᠣᠭ᠎ᠠ ᠪᠠᠷᠢᠮᠲᠠ ᠪᠡᠷ ᠰᠢᠭᠦᠨ ᠲᠠᠰᠤᠯᠤᠯᠲᠠ᠎ᠶᠢᠨ ᠬᠠᠮᠢᠶᠠᠷᠤᠯᠲᠠ᠎ᠳᠤ ᠬᠦᠴᠦᠨ ᠤᠯᠭᠤᠵᠦ᠂ ᠰᠢᠭᠦᠨ ᠲᠠᠰᠤᠯᠤᠯᠲᠠ᠎ᠶᠢᠨ ᠠᠵᠢᠯ᠎ᠤᠨ ᠣᠳᠣᠬᠢᠴᠢᠯᠠᠯᠲᠠ᠎ᠶᠢ ᠠᠬᠢᠭᠤᠯᠬᠤ》 ᠪᠡᠷ ᠭᠣᠣᠯ ᠰᠡᠳᠦᠪ ᠪᠣᠯᠭᠠᠨ᠂ ᠠᠩᠬᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠰᠢᠭᠦᠬᠦ ᠬᠣᠷᠢᠶ᠎ᠠ᠎ᠶᠢᠨ ᠰᠢᠯᠢᠳᠡᠭ ᠰᠢᠭᠦᠨ ᠲᠠᠰᠤᠯᠤᠯᠲᠠ᠎ᠶᠢᠨ ᠲᠣᠭ᠎ᠠ ᠪᠠᠷᠢᠮᠲᠠ᠎ᠶᠢ ᠵᠠᠳᠠᠯᠤᠨ ᠬᠡᠷᠡᠭᠯᠡᠬᠰᠡᠨ ᠦᠷ᠎ᠡ ᠪᠦᠲᠦᠭᠡᠯ᠎ᠢ ᠰᠢᠯᠭᠠᠷᠠᠭᠤᠯᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠰᠢᠯᠭᠠᠷᠠᠭᠤᠯᠤᠯᠲᠠ᠎ᠳᠤ ᠣᠷᠣᠯᠴᠠᠭᠰᠠᠨ ᠦᠷ᠎ᠡ ᠪᠦᠲᠦᠭᠡᠯ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠡᠯ᠎ᠡ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢ ᠵᠣᠬᠢᠶᠠᠨ ᠪᠠᠢᠭᠤᠯᠤᠨ ᠰᠣᠯᠪᠢᠴᠠᠭᠤᠯᠤᠨ ᠦᠨᠡᠯᠡᠬᠦ ᠠᠷᠭ᠎ᠠ ᠮᠠᠶᠢᠭ᠋᠎ᠢᠶᠠᠷ ᠠᠩᠬᠠᠨ᠎ᠤ ᠰᠢᠯᠭᠠᠷᠠᠭᠤᠯᠤᠯᠲᠠᠬᠢᠭᠰᠡᠨ ᠪᠥᠭᠡᠳ ᠡᠯ᠎ᠡ ᠰᠢᠭᠦᠨ ᠲᠠᠰᠤᠯᠬᠤ ᠬᠦᠷᠢᠶᠡᠨ᠎ᠳᠡᠬᠢ ᠲᠤᠬᠠᠢᠯᠠᠭᠰᠠᠨ ᠠᠵᠢᠯ᠎ᠤᠨ ᠲᠤᠰᠬᠠᠢ ᠮᠡᠷᠭᠡᠵᠢᠯᠲᠡᠨ ᠪᠠ ᠬᠠᠤᠯᠢ᠎ᠶᠢᠨ ᠤᠬᠠᠭᠠᠨ᠎ᠤ ᠲᠤᠰᠬᠠᠢ ᠮᠡᠷᠭᠡᠵᠢᠯᠲᠡᠨ᠎ᠢ ᠤᠷᠢᠵᠤ ᠲᠠᠬᠢᠨ ᠰᠢᠯᠭᠠᠷᠠᠭᠤᠯᠵᠦ᠂ ᠡᠴᠦᠰ᠎ᠦᠨ ᠰᠢᠯᠭᠠᠷᠠᠭᠤᠯᠤᠯᠲᠠ᠎ᠪᠠᠷ ᠳᠡᠮᠵᠢᠨ᠂ ᠨᠡᠶ᠋ᠢᠲᠡ 60 ᠰᠢᠯᠢᠳᠡᠭ ᠦᠷ᠎ᠡ ᠪᠦᠲᠦᠭᠡᠯ᠎ᠢ ᠰᠢᠯᠭᠠᠷᠠᠭᠤᠯᠪᠠ᠃