ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠲᠦᠷᠦᠬᠡᠨ ᠮᠡᠳᠡᠭ᠌ᠳᠡᠯ ᠪᠠᠭᠤᠯᠭᠠᠵᠤ᠂ ᠡᠨᠡ ᠵᠢᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠦᠷᠢᠶᠡᠨ ᠳ᠋ᠡᠬᠢ ᠠᠵᠢᠯ ᠣᠯᠭᠣᠬᠤ ᠪᠠᠷ ᠲᠡᠳᠬᠦᠮᠵᠢ ᠢ᠋ᠢ ᠣᠷᠣᠯᠠᠭᠤᠯᠬᠤ ᠠᠵᠢᠯ ᠤ᠋ᠨ ᠲᠣᠬᠢᠷᠠᠭᠤᠯᠤᠯᠲᠠ ᠢ᠋ᠢ ᠨᠠᠷᠢᠯᠢᠬ᠍ᠵᠢᠭᠤᠯᠵᠤ᠂ ᠵᠠᠮ ᠬᠠᠷᠢᠯᠴᠠᠭᠠᠨ ᠤ᠋ ᠭᠤᠤᠯᠳᠠᠯᠭ᠎ᠠ ᠲᠠᠶ ᠲᠥᠷᠥᠯ ᠵᠦᠶ᠋ᠯ ᠪᠤᠯᠤᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢᠨ ᠬᠦᠷᠢᠶᠡᠨ ᠳ᠋ᠤ ᠠᠵᠢᠯ ᠣᠯᠭᠣᠬᠤ ᠪᠠᠷ ᠲᠡᠳᠬᠦᠮᠵᠢ ᠢ᠋ᠢ ᠣᠷᠣᠯᠠᠭᠤᠯᠬᠤ ᠢ᠋ᠢ ᠢᠳᠡᠪᠬᠢᠲᠡᠶ ᠳᠡᠯᠭᠡᠷᠡᠭᠦᠯᠵᠦ᠍᠂ ᠠᠵᠢᠯ ᠣᠯᠭᠣᠯᠲᠠ ᠪᠡᠷ ᠣᠷᠣᠯᠭ᠎ᠠ ᠢ᠋ᠢᠨ ᠨᠡᠮᠡᠭ᠌ᠳᠡᠯ ᠢ᠋ ᠠᠬᠢᠭᠤᠯᠤᠨ᠎ᠠ ᠭᠡᠵᠦ᠍ ᠳᠤᠷᠠᠳᠴᠠᠢ᠃
ᠤᠢᠯᠠᠭᠠᠭᠰᠠᠨ ᠵᠢᠡᠷ ᠂ ᠡᠨᠡ ᠵᠢᠯ ᠮᠠᠨ ᠤ᠋ ᠤᠷᠤᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠦᠷᠢᠶᠡᠨ ᠳ᠋ᠡᠬᠢ ᠪᠠᠷᠢᠯᠭ᠎ᠠ ᠢ᠋ᠢᠨ ᠶᠠᠰᠤ ᠴᠢᠨᠠᠷ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠬᠰᠠᠨ ᠤᠷᠢᠲᠠᠯ ᠳᠤᠤᠷ᠎ᠠ᠂ ᠭᠤᠤᠯ ᠴᠣᠭ᠍ᠴᠠ ᠢ᠋ᠢᠨ ᠪᠠᠷᠢᠯᠭ᠎ᠠ ᠢ᠋ᠢᠨ ᠪᠥᠲᠥᠭᠡᠨ ᠪᠠᠢᠭᠤᠯᠤᠯᠲᠠ ᠵᠢᠴᠢ ᠲᠦᠷ ᠴᠠᠭ ᠤ᠋ᠨ ᠪᠥᠲᠥᠭᠡᠨ ᠪᠠᠢᠭᠤᠯᠤᠯᠲᠠ᠂ ᠪᠠᠷᠢᠯᠭ᠎ᠠ ᠢ᠋ᠢᠨ ᠭᠠᠵᠠᠷ ᠤ᠋ᠨ ᠦᠶ᠋ᠯᠡᠴᠢᠯᠡᠭᠡᠨ ᠤ᠋ ᠪᠠᠲᠤᠯᠠᠭ᠎ᠠ᠂ ᠪᠠᠢᠭᠤᠯᠤᠭ᠍ᠰᠠᠨ ᠤ᠋ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠢ᠋ᠢᠨ ᠠᠵᠢᠯᠴᠢᠨ ᠬᠡᠷᠡᠭ᠌ᠯᠡᠬᠦ᠌ ᠳᠠᠯᠳᠠ ᠬᠦᠴᠦᠨ ᠢ᠋ ᠭᠦᠶ᠋ᠴᠡᠳ ᠠᠭᠤᠳᠠᠯᠵᠤ᠂ ᠨᠠᠩ ᠣᠯᠠᠨ ᠠᠵᠢᠯ ᠤ᠋ᠨ ᠪᠠᠢᠷᠢ ᠭᠠᠷᠭᠠᠬᠤ ᠪᠤᠯᠤᠨ᠎ᠠ᠃ ᠡᠬᠦᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠬᠠᠮᠢᠶᠠᠷᠴᠤ ᠬᠠᠮᠠᠭᠠᠯᠠᠬᠤ ᠬᠦᠷᠢᠶᠡᠨ ᠳ᠋ᠤ ᠨᠡᠢᠲᠡ ᠢ᠋ᠢᠨ ᠠᠰᠠᠷᠠᠮᠵᠢ ᠢ᠋ᠢᠨ ᠴᠢᠨᠠᠷᠲᠠᠶ ᠠᠵᠢᠯ ᠤ᠋ᠨ ᠪᠠᠢᠷᠢ ᠶ᠋ᠢ ᠨᠢᠭᠡᠳᠦᠯᠲᠡᠶ ᠲᠥᠯᠥᠪᠵᠢᠭᠦᠯᠦᠨ ᠭᠠᠷᠭᠠᠵᠤ᠂ ᠠᠵᠢᠯ ᠤ᠋ᠨ ᠪᠠᠢᠷᠢ ᠢ᠋ᠢᠨ ᠮᠡᠳᠡᠭᠡ ᠵᠠᠩᠭᠢ ᠢ᠋ᠢ ᠢᠯᠡ ᠪᠣᠯᠭᠠᠬᠤ ᠲᠦᠷᠢᠮ ᠪᠠ ᠬᠥᠳᠡᠯᠦᠩᠭᠦᠶ ᠪᠡᠷ ᠬᠢᠨᠠᠨ ᠱᠢᠯᠭᠠᠵᠤ ᠲᠣᠬᠢᠷᠠᠭᠤᠯᠬᠤ ᠲᠣᠭ᠍ᠲᠠᠴᠠ ᠢ᠋ᠢ ᠪᠠᠢᠭᠤᠯᠤᠨ ᠲᠡᠭᠦᠯᠳᠡᠷᠵᠢᠭᠦᠯᠵᠦ᠍᠂ ᠨᠦᠬᠦᠴᠡᠯ ᠳ᠋ᠤ ᠨᠡᠢᠴᠡᠬᠦ ᠬᠦᠴᠢᠷᠲᠡᠶ ᠬᠥᠮᠦᠰ ᠲᠤ᠌ ᠤᠷᠢᠳ ᠢ᠋ᠢᠡᠷ ᠠᠵᠢᠯ ᠣᠯᠭᠣᠨ᠂ ᠶᠠᠳᠠᠭᠤ ᠡᠴᠡ ᠠᠩᠭᠢᠵᠢᠷᠠᠭᠰᠠᠨ ᠬᠦᠮᠦᠰ ᠲᠦ᠍ ᠤᠯᠭᠤᠬᠤ ᠠᠵᠢᠯ ᠤ᠋ᠨ ᠪᠠᠢᠷᠢ ᠢ᠋ᠢᠨ ᠡᠵᠡᠯᠡᠬᠦ᠌ ᠬᠠᠷᠢᠴᠠᠯ ᠢ᠋ 40% ᠡᠴᠡ ᠳᠤᠤᠷ᠎ᠠ ᠪᠠᠢᠯᠭᠠᠬᠤ ᠥᠬᠡᠶ ᠪᠠᠢᠬᠤ ᠪᠠᠷ ᠴᠢᠷᠮᠠᠢᠨ᠎ᠠ᠃ ᠪᠠᠰᠠ ᠭᠠᠴᠠᠭ᠎ᠠ ᠲᠣᠰᠭᠣᠨ ᠤ᠋ ᠵᠠᠰᠠᠮᠠᠯ ᠵᠠᠮ ᠪᠤᠯᠤᠨ ᠠᠢᠯ ᠲᠣᠰᠭᠣᠨ ( ᠳᠤᠭᠤᠢᠯᠠᠩ ) ᠳ᠋ᠤ ᠨᠡᠪᠲᠡᠷᠡᠬᠦ᠌ ᠵᠠᠰᠠᠮᠠᠯ ᠵᠠᠮ ᠤ᠋ᠨ ᠡᠳᠦᠷ ᠲᠤᠲᠤᠮ ᠤ᠋ᠨ ᠠᠷᠠᠴᠢᠯᠠᠨ ᠬᠠᠮᠠᠭᠠᠯᠠᠯᠲᠠ ᠢ᠋ᠢ ᠬᠡᠰᠡᠭ ᠬᠤᠪᠢᠶᠠᠨ ᠳᠠᠭᠠᠭᠠᠴᠢᠯᠠᠭᠤᠯᠬᠤ᠂ ᠨᠣᠷᠮᠠᠲᠤᠭᠲᠠᠭᠠᠨ ᠳᠠᠭᠠᠭᠠᠴᠢᠯᠠᠭᠤᠯᠬᠤ ᠵᠡᠷᠭᠡ ᠠᠷᠭ᠎ᠠ ᠪᠡᠷ ᠵᠠᠮ ᠳᠠᠭᠠᠤ ᠢ᠋ᠢᠨ ᠮᠠᠯᠴᠢᠨ ᠲᠠᠷᠢᠶᠠᠴᠢᠨ ᠳ᠋ᠤ ᠳᠠᠭᠠᠭᠠᠴᠢᠯᠠᠭᠤᠯᠵᠤ ᠠᠷᠠᠴᠢᠯᠠᠨ ᠬᠠᠮᠠᠭᠠᠯᠠᠬᠤ ᠢ᠋ᠢ ᠵᠣᠷᠢᠭ᠍ᠵᠢᠭᠤᠯᠵᠤ᠂ ᠪᠦᠬᠦ᠌ ᠣᠷᠣᠨ ᠤ᠋ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠬᠠᠮᠢᠶᠠᠷᠴᠤ ᠬᠠᠮᠠᠭᠠᠯᠠᠬᠤ ᠬᠦᠷᠢᠶ᠎ᠡ ᠴᠠᠷᠠᠭ᠎ᠠ ᠳ᠋ᠤ ᠠᠵᠢᠯ ᠣᠯᠭᠣᠬᠤ ᠠᠵᠢᠯ ᠤ᠋ᠨ ᠪᠠᠢᠷᠢ ᠢ᠋ᠢ 2 ᠲᠦᠮᠡ ᠡᠴᠡ ᠳᠡᠭᠡᠭ᠌ᠰᠢ ᠨᠡᠭᠡᠭᠡᠨ ᠬᠥᠭ᠌ᠵᠢᠭᠦᠯᠵᠦ᠍᠂ ᠠᠵᠢᠯ ᠤ᠋ᠨ ᠪᠠᠢᠷᠢ ᠢ᠋ᠢ ᠨᠡᠭᠡᠭᠡᠨ ᠬᠥᠭ᠌ᠵᠢᠭᠦᠯᠬᠦ᠌ ᠢ᠋ᠢ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠠᠷᠠᠴᠢᠯᠠᠨ ᠬᠠᠮᠠᠭᠠᠯᠠᠬᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠣᠯᠠᠨ ᠲᠦᠮᠡᠨ ᠢ᠋ ᠣᠢᠷ᠎ᠠ ᠬᠠᠪᠢ ᠳ᠋ᠠᠭᠠᠨ ᠠᠵᠢᠯ ᠬᠢᠬᠦᠯᠤᠭᠡ ᠣᠷᠭᠠᠨᠢᠭ ᠢ᠋ᠢᠡᠷ ᠤᠶᠠᠯᠳᠤᠭᠤᠯᠬᠤ ᠪᠤᠯᠤᠨ᠎ᠠ᠃
ᠮᠡᠳᠡᠭ᠌ᠳᠡᠯ ᠳ᠋ᠤ᠂ ᠪᠥᠬᠥ᠌ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠱᠢᠰᠲ᠋ᠧᠮ ᠤ᠋ᠨ ᠬᠢᠨ ᠬᠠᠷᠢᠶ᠎ᠠ ᠭᠠᠵᠠᠷ ᠤ᠋ᠨ ᠵᠠᠰᠠᠭ ᠤ᠋ᠨ ᠣᠷᠳᠣᠨ ᠲᠠᠶ ᠬᠠᠮᠵᠢᠯᠴᠠᠵᠤ ᠪᠠᠢᠭᠠᠳ ᠣᠷᠣᠨ ᠪᠦᠰᠡ ᠢ᠋ᠢᠨ ᠳᠣᠲᠣᠷᠠᠬᠢ ᠪᠥᠲᠥᠭᠡᠨ ᠪᠠᠢᠭᠤᠯᠵᠤ ᠪᠠᠢᠭ᠎ᠠ ᠲᠥᠷᠥᠯ ᠵᠦᠶ᠋ᠯ ᠳ᠋ᠤ ᠤᠷᠤᠯᠴᠠᠬᠤ ᠬᠦᠯᠦᠰᠤᠨ ᠮᠠᠯᠴᠢᠨ ᠲᠠᠷᠢᠶᠠᠴᠢᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢ ᠴᠠᠭ ᠲᠠᠷᠤᠢ ᠳ᠋ᠤᠨᠢ ᠣᠢᠯᠠᠭᠠᠨ᠂ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠢ᠋ᠢᠨ ᠪᠣᠯᠪᠠᠰᠤᠷᠠᠯ ᠢ᠋ ᠢᠳᠡᠪᠬᠢᠲᠡᠶ ᠦᠷᠨᠢᠭᠦᠯᠵᠤ᠂ ᠤᠷ᠎ᠠ ᠴᠢᠳᠠᠪᠤᠷᠢ ᠬᠦᠷᠦᠯᠴᠡᠬᠦ᠌ ᠥᠬᠡᠶ ᠡᠴᠡ ᠪᠣᠯᠵᠣ ᠪᠠᠷᠢᠯᠭ᠎ᠠ ᠢ᠋ᠢᠨ ᠪᠥᠲᠥᠭᠡᠨ ᠪᠠᠢᠭᠤᠯᠤᠯᠲᠠ ᠳ᠋ᠤ ᠣᠷᠣᠯᠴᠠᠬᠤ ᠳ᠋ᠤ ᠬᠦᠴᠢᠷᠲᠡᠶ ᠪᠠᠢᠬᠤ᠂ ᠴᠠᠯᠢᠩ ᠬᠦᠯᠦᠰᠤ ᠳᠤᠤᠷ᠎ᠠ ᠪᠠᠢᠬᠤ ᠵᠡᠷᠭᠡ ᠠᠰᠠᠭᠤᠳᠠᠯ ᠢ᠋ ᠱᠢᠶ᠋ᠳᠪᠦᠷᠢᠯᠡᠬᠦ᠌ ᠬᠡᠷᠡᠭ᠌ᠲᠡᠶ; ᠬᠥᠮᠦᠨ ᠬᠡᠷᠡᠭ᠌ᠯᠡᠬᠦ᠌ ᠨᠢᠭᠡᠴᠢ ᠢ᠋ᠢᠨ ᠬᠠᠤᠯᠢ ᠶᠣᠰᠣᠭᠠᠷ ᠠᠵᠢᠯᠴᠢᠨ ᠬᠡᠷᠡᠭ᠌ᠯᠡᠬᠦ᠌ ᠢ᠋ᠢ ᠵᠢᠯᠣᠭᠣᠳᠤᠨ ᠱᠢᠪᠳᠠᠭᠤᠯᠵᠤ᠂ ᠠᠵᠢᠯ ᠤ᠋ᠨ ᠪᠠᠢᠷᠢ ᠳ᠋ᠤ ᠭᠠᠷᠬᠤ ᠡᠴᠡ ᠡᠮᠦᠨᠡᠬᠢ ᠮᠡᠷᠭᠡᠵᠢᠯ ᠴᠢᠳᠠᠪᠤᠷᠢ ᠢ᠋ᠢᠨ ᠪᠣᠯᠪᠠᠰᠤᠷᠠᠯ ᠢ᠋ ᠪᠣᠳᠠᠲᠠᠢᠵᠢᠭᠤᠯᠤᠭ᠍ᠰᠠᠨ ᠦᠭᠡᠶ᠂ ᠠᠶᠤᠯᠬᠦᠢ ᠦᠢᠯᠡᠳᠪᠦᠷᠢᠯᠡᠯ ᠤ᠋ᠨ ᠬᠥᠮᠦᠵᠢᠯ ᠢ᠋ ᠪᠣᠳᠠᠲᠠᠢᠵᠢᠭᠤᠯᠤᠭ᠍ᠰᠠᠨ ᠦᠭᠡᠶ᠂ ᠬᠥᠳᠡᠯᠮᠦᠷᠢ ᠦᠢᠯᠡᠴᠢᠯᠡᠭᠡᠨ ᠤ᠋ ᠴᠠᠯᠢᠡᠭ ᠬᠥᠯᠥᠰᠥ᠍ ᠢ᠋ᠢ ᠴᠠᠭ ᠲᠤᠬᠠᠶ ᠳ᠋ᠤᠨᠢ ᠭᠦᠢᠴᠡᠳ ᠲᠣᠭ᠎ᠠ ᠪᠠᠷ ᠣᠯᠭᠣᠬᠰᠠᠨ ᠦᠭᠡᠶ ᠵᠡᠷᠭᠡ ᠠᠰᠠᠭᠤᠳᠠᠯ ᠢ᠋ ᠪᠠᠢᠴᠠᠭᠠᠨ ᠵᠢᠯᠣᠭᠣᠳᠭᠤ ᠪᠠᠨ ᠴᠢᠩᠭᠠᠳᠭᠠᠬᠤ ᠬᠡᠷᠡᠭ᠌ᠲᠡᠶ ᠭᠡᠵᠤ ᠱᠠᠭᠠᠷᠳᠠᠵᠢ᠃