ᠮᠠᠨ ᠤ ᠤᠯᠤᠰ ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠮᠵᠢᠶ᠎ᠡ ᠤᠯᠠᠨ ᠵᠢᠯ᠎ᠦᠨ ᠲᠤᠷᠰᠢ ᠪᠦᠬᠦ ᠳᠡᠯᠡᠬᠡᠢ᠎ᠳᠦ ᠲᠦᠷᠦᠬᠦᠯᠡᠪᠡ᠃ ᠪᠠᠢ ᠾᠧ ᠲᠠᠨ ᠤᠰᠤᠨ ᠴᠠᠬᠢᠯᠭᠠᠨ ᠦᠷᠳᠡᠭᠡ᠂ ᠪᠡᠶ᠎ᠡ᠎ᠪᠡᠨ ᠳᠠᠭᠠᠭᠠᠭᠰᠠᠨ ᠭᠤᠷᠪᠠᠳᠤᠭᠠᠷ ᠦᠶ᠎ᠡ᠎ᠶᠢᠨ ᠴᠥᠮ᠎ᠡ᠎ᠶᠢᠨ ᠴᠠᠬᠢᠯᠭᠠᠨ《ᠬᠤᠸᠠ ᠯᠦᠩ ᠨᠢᠭᠡᠳᠦᠭᠡᠷ ᠨᠡᠷᠡᠮᠵᠢᠳᠤ》 ᠵᠡᠷᠭᠡ ᠳᠡᠯᠡᠬᠡᠢ᠎ᠶᠢᠨ ᠲᠡᠰ᠎ᠤᠨ ᠢᠨᠵᠧᠨᠧᠷᠢᠩ ᠢ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠪᠠ ᠁ ᠡᠳᠡᠭᠡᠷ ᠪᠣᠬᠢᠷᠲᠤᠯ ᠦᠭᠡᠢ ᠰᠢᠨ᠎ᠡ᠎ᠡᠬᠦᠳᠦᠯᠳᠡ ᠪᠠ ᠠᠵᠤ ᠦᠢᠯᠡᠰ᠎ᠦᠨ ᠰᠢᠨ᠎ᠡ᠎ᠡᠬᠦᠳᠦᠯᠳᠡ ᠵᠢ ᠠᠭᠤᠰᠤᠯᠴᠠᠭᠣᠯᠣᠭᠰᠠᠨ ᠦᠢᠯᠡᠳᠦᠯᠭᠡ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠣᠬᠢᠷᠲᠤᠯ ᠦᠭᠡᠢ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ ᠪᠠᠢᠨ᠎ᠠ᠃
ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠦᠳᠦᠯᠪᠦᠷᠢ᠎ᠳᠤ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠲᠤᠬᠠᠢ ᠪᠠᠢᠷᠢᠯᠠᠭᠤᠯᠤᠯᠲᠠ ᠬᠢᠵᠦ᠂ 《ᠣᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠭᠤᠯᠬᠤ ᠴᠢᠭᠯᠡᠯ᠎ᠢ ᠪᠠᠷᠢᠮᠲᠠᠯᠠᠨ᠎ᠠ》 ᠭᠡᠵᠦ ᠲᠣᠳᠣᠷᠬᠠᠢ ᠳᠤᠷᠠᠳᠤᠨ ᠭᠠᠷᠭᠠᠪᠠ᠃ ᠣᠳᠣᠬᠠᠨ᠎ᠠ᠂ ᠭᠠᠳᠠᠭᠠᠳᠤ ᠬᠥᠭᠵᠢᠯᠲᠡ᠎ᠶᠢᠨ ᠣᠷᠴᠢᠨ ᠨᠦᠬᠦᠴᠡᠯ ᠡᠭᠡᠳᠡᠷᠡᠭᠡᠨ ᠪᠤᠳᠤᠯᠢᠶᠠᠨᠲᠠᠢ ᠪᠠᠢᠵᠤ᠂ ᠪᠥᠬᠥ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠠᠵᠤ ᠦᠢᠯᠡᠰ᠎ᠦᠨ ᠥᠷᠢᠰᠦᠯᠳᠦᠭᠡᠨ ᠶᠠᠪᠤᠬᠤ ᠲᠤᠲᠤᠮ ᠰᠢᠷᠦᠭᠦᠰᠴᠦ᠂ ᠪᠣᠬᠢᠷᠲᠤᠯ ᠦᠭᠡᠢ ᠠᠵᠤ ᠦᠢᠯᠡᠰ᠎ᠦᠨ ᠪᠡᠶ᠎ᠡ᠎ᠪᠡᠨ ᠳᠠᠭᠠᠭᠠᠵᠤ ᠠᠮᠤᠷ ᠲᠦᠪᠰᠢᠨ᠎ᠢᠶᠡᠷ ᠬᠥᠭᠵᠢᠬᠦ ᠲᠤᠯᠭᠠᠮ ᠴᠢᠨᠠᠷ ᠡᠳᠦᠷ ᠢᠷᠡᠬᠦᠶ᠎ᠡ ᠲᠣᠪᠣᠢᠮ᠎ᠠ ᠪᠣᠯᠵᠤ ᠪᠠᠢᠨ᠎ᠠ᠃ ᠤᠯᠤᠰ᠎ᠤᠨ ᠳᠣᠲᠣᠭᠠᠳᠤ᠎ᠶᠢᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠪᠥᠬᠥ ᠲᠠᠯ᠎ᠠ᠎ᠪᠠᠷ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠮᠥᠨ ᠬᠦ᠌ ᠵᠣᠬᠢᠬᠤ ᠳᠡᠭᠡᠭᠰᠢᠯᠡᠭᠦᠯᠬᠦ ᠣᠷᠣᠨ ᠵᠠᠢ ᠪᠠᠢᠨ᠎ᠠ᠃ ᠪᠣᠬᠢᠷᠲᠤᠯ ᠦᠭᠡᠢ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠦᠨ ᠪᠦᠲᠦᠴᠡ᠎ᠶᠢᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠬᠦ ᠪᠣᠯ ᠮᠠᠨ᠎ᠤ ᠤᠯᠤᠰ᠎ᠤᠨ ᠡᠬᠢ ᠪᠠᠶᠠᠯᠢᠭ᠋ ᠣᠷᠴᠢᠨ ᠲᠣᠭᠣᠷᠢᠨ᠎ᠤ ᠬᠢᠵᠠᠭᠠᠷᠯᠠᠯ᠎ᠢ ᠰᠢᠪᠲᠤᠯᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠪᠠᠰᠠ ᠴᠤ᠌ ᠪᠦᠬᠦ ᠪᠥᠮᠪᠥᠷᠴᠡᠭ᠎ᠦᠨ ᠪᠣᠬᠢᠷᠲᠤᠯ ᠦᠭᠡᠢ ᠮᠡᠷᠭᠡᠵᠢᠯ ᠪᠣᠯᠣᠨ ᠠᠵᠤ ᠦᠢᠯᠡᠰ᠎ᠦᠨ ᠥᠷᠢᠰᠦᠯᠳᠦᠭᠡᠨ᠎ᠦ ᠳᠤᠮᠳᠠ ᠠᠰᠢᠭ᠍ᠲᠠᠢ ᠪᠠᠢᠷᠢ᠎ᠶᠢ ᠵᠠᠪᠳᠤᠨ ᠡᠵᠡᠯᠡᠬᠦ ᠵᠠᠢᠯᠠᠰᠢ ᠦᠭᠡᠢ ᠵᠠᠮ ᠮᠥᠨ᠃
ᠪᠣᠬᠢᠷᠲᠤᠯ ᠦᠭᠡᠢ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠡᠩ ᠲᠡᠷᠢᠭᠦᠨ᠎ᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠡᠨᠧᠷᠭᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠂ ᠠᠭᠤᠷ ᠠᠮᠢᠰᠬᠤᠯ᠎ᠤᠨ ᠵᠠᠰᠠᠯᠲᠠ ᠵᠡᠷᠭᠡ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠂ ᠣᠣᠭᠠᠯ ᠡᠬᠦᠳᠦᠯᠳᠡ ᠵᠢᠨ ᠴᠢᠳᠠᠪᠤᠷᠢ᠎ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠳᠠᠭᠠᠭᠤᠯᠤᠬᠴᠢ ᠠᠵᠤ ᠠᠬᠤᠢᠯᠠᠯ ᠵᠢᠡᠷ ᠬᠦᠳᠦᠯᠦᠨ ᠳᠠᠭᠠᠭᠤᠯᠵᠥ᠂ ᠠᠵᠤ ᠦᠢᠯᠡᠰ᠎ᠦᠨ ᠬᠡᠯᠬᠢᠶ᠎ᠡ᠎ᠡᠴᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠯᠤᠭ᠎ᠠ ᠬᠠᠮᠵᠢᠯᠴᠠᠨ ᠪᠣᠭᠣᠮᠲᠠ ᠰᠢᠪᠲᠤᠯᠵᠤ᠂ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ ᠪᠠ ᠠᠵᠤ ᠦᠢᠯᠡᠰ᠎ᠦᠨ ᠢᠵᠢ ᠪᠦᠷᠢᠳᠦᠬᠦᠯᠦᠭᠰᠡᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠮᠡᠷᠭᠡᠵᠢᠯ᠎ᠦᠨ ᠬᠦᠷᠢᠶᠡᠨ᠎ᠳᠡᠬᠢ ᠬᠠᠮᠢᠶ᠎ᠠ ᠪᠦᠬᠦᠢ ᠠᠰᠠᠭᠤᠳᠠᠯ ᠢ ᠪᠥᠬᠥ ᠬᠦᠴᠦᠨ᠎ᠢᠶᠡᠷ᠎ᠢᠶᠡᠨ ᠰᠢᠪᠲᠤᠯᠵᠤ ᠪᠣᠯᠣᠨ᠎ᠠ᠃ ᠡᠭᠦᠨ ᠦ ᠬᠠᠮᠲᠤ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ᠂ ᠪᠤᠳᠤᠯᠳᠠ ᠵᠢᠨ ᠠᠷᠭ᠎ᠠ᠎ᠶᠢ ᠰᠢᠯᠢᠳᠡᠭᠵᠢᠭᠦᠯᠬᠦ ᠵᠡᠷᠭᠡ ᠲᠣᠭᠠᠴᠢᠯᠠᠯᠳᠠ ᠣᠶᠣᠨᠴᠢᠯᠠᠯᠳᠠ ᠵᠢᠨ ᠠᠷᠭ᠎ᠠ ᠪᠠᠷᠢᠯ᠎ᠳᠤ ᠲᠦᠰᠢᠭᠯᠡᠨ᠂ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠬᠣᠭᠣᠷᠣᠨᠳᠣᠬᠢ ᠡᠬᠢ ᠪᠠᠶᠠᠯᠢᠭ᠋᠎ᠤᠨ ᠪᠡᠬᠢᠯᠡᠯᠲᠡ᠎ᠶᠢ ᠡᠪᠳᠡᠵᠦ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠪᠠ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶᠢ ᠲᠦᠷᠭᠡᠳᠬᠡᠨ᠂ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲᠧᠮ᠎ᠦᠨ ᠪᠦᠬᠦᠯᠢ ᠴᠣᠭᠴᠠ᠎ᠶᠢᠨ ᠬᠦᠴᠦᠨ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠂ ᠳᠡᠭᠡᠳᠦ ᠴᠢᠳᠠᠮᠵᠢᠲᠤ ᠠᠵᠤ ᠦᠢᠯᠡᠰ᠎ᠦᠨ ᠰᠢᠨ᠎ᠡ᠎ᠶᠢ ᠡᠭᠦᠳᠬᠦ ᠲᠠᠪᠴᠠᠩ᠎ᠢ ᠪᠠᠢᠭᠤᠯᠤᠨ᠂ ᠵᠣᠬᠢᠶᠠᠨ ᠪᠠᠢᠭᠤᠯᠤᠯᠲᠠ᠎ᠲᠠᠢ ᠠᠵᠤ ᠦᠢᠯᠡᠰ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠪᠣᠬᠢᠷᠲᠤᠯ ᠦᠭᠡᠢ ᠮᠡᠷᠭᠡᠵᠢᠯ᠎ᠦᠨ ᠰᠤᠳᠤᠯᠤᠨ ᠨᠡᠭᠡᠭᠡᠯᠳᠡ ᠵᠢ ᠠᠵᠤ ᠦᠢᠯᠡᠰ᠎ᠦᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠯᠤᠭ᠎ᠠ ᠣᠨᠣᠪᠴᠢᠲᠠᠶ᠎ᠪᠠᠷ ᠵᠣᠯᠭᠠᠭᠤᠯᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠦᠷ᠎ᠡ ᠪᠦᠲᠦᠭᠡᠯ᠎ᠢ ᠦᠨᠡᠨ ᠬᠦ᠌ ᠠᠵᠤ ᠦᠢᠯᠡᠰ᠎ᠦᠨ ᠬᠥᠭᠵᠢᠯᠲᠡ᠎ᠶᠢᠨ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ᠃
ᠠᠵᠤ ᠠᠬᠤᠢᠯᠠᠯ᠎ᠤᠨ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠪᠠᠳᠠᠷᠠᠭᠤᠯᠵᠤ᠂ ᠪᠣᠬᠢᠷᠲᠤᠯ ᠦᠭᠡᠢ ᠠᠵᠤ ᠦᠢᠯᠡᠰ᠎ᠦᠨ ᠪᠦᠯᠦᠭᠵᠢᠯ᠎ᠢ ᠪᠣᠢᠵᠢᠭᠤᠯᠤᠨ ᠪᠤᠵᠠᠭᠠᠢᠷᠠᠭᠤᠯᠬᠤ ᠪᠣᠯ ᠠᠭᠤᠰᠤᠯᠴᠠᠨ ᠬᠥᠭᠵᠢᠬᠦ᠎ᠶᠢᠨ ᠵᠠᠩᠭᠢᠯᠠᠭ᠎ᠠ᠎ᠶᠢᠨ ᠭᠠᠷᠳᠠᠴᠠ ᠪᠣᠯᠣᠨ᠎ᠠ᠃ ᠠᠵᠤ ᠦᠢᠯᠡᠰ᠎ᠦᠨ ᠬᠡᠯᠬᠢᠶ᠎ᠡ᠎ᠶᠢᠨ ᠭᠣᠣᠯᠯᠠᠬᠤ ᠠᠵᠤ ᠠᠬᠤᠢᠯᠠᠯ ᠨᠢ ᠡᠬᠢ ᠪᠠᠶᠠᠯᠢᠭ᠋᠎ᠢ ᠡᠮᠬᠢᠯᠡᠨ ᠨᠡᠢᠳᠬᠡᠬᠦ ᠴᠢᠳᠠᠪᠤᠷᠢ᠎ᠪᠠᠨ ᠴᠢᠩᠭᠠᠷᠠᠭᠤᠯᠵᠤ᠂ ᠮᠡᠷᠭᠡᠵᠢᠯ᠎ᠢᠶᠡᠷ ᠬᠤᠪᠢ ᠣᠷᠣᠭᠤᠯᠬᠤ ᠵᠡᠷᠭᠡ ᠣᠯᠠᠨ ᠡᠰᠢᠵᠢᠭᠰᠡᠨ ᠠᠷᠭ᠎ᠠ ᠮᠠᠶᠢᠭ᠋᠎ᠢᠶᠠᠷ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠵᠢᠵᠢᠭ ᠠᠵᠤ ᠠᠬᠤᠢᠯᠠᠯ᠎ᠢ ᠰᠢᠩᠭᠡᠬᠡᠨ ᠠᠪᠴᠤ ᠠᠵᠤ ᠦᠢᠯᠡᠰ᠎ᠦᠨ ᠬᠡᠯᠬᠢᠶ᠎ᠡ᠎ᠳᠦ ᠠᠭᠤᠰᠤᠯᠴᠠᠭᠤᠯᠵᠤ᠂ ᠳᠡᠭᠡᠳᠦ ᠳᠣᠣᠷᠠᠳᠤ ᠬᠡᠯᠬᠢᠶ᠎ᠡ᠎ᠶᠢᠨ ᠲᠤᠰᠬᠠᠢᠵᠢᠭ᠍ᠰᠠᠨ ᠠᠵᠢᠯ᠎ᠤᠨ ᠬᠤᠪᠢᠶᠠᠷᠢᠯᠠᠯ ᠬᠢᠭᠡᠳ ᠵᠣᠬᠢᠴᠠᠯᠳᠤᠨ ᠬᠥᠭᠵᠢᠬᠦ᠎ᠶᠢ ᠪᠡᠶᠡᠯᠡᠭᠦᠯᠵᠦ᠂ ᠠᠵᠤ ᠦᠢᠯᠡᠰ᠎ᠦᠨ ᠪᠦᠬᠦᠯᠢ ᠴᠣᠭᠴᠠ᠎ᠶᠢᠨ ᠪᠣᠬᠢᠷᠲᠤᠯ ᠦᠭᠡᠢ ᠬᠥᠭᠵᠢᠯᠲᠡ᠎ᠶᠢᠨ ᠴᠢᠳᠠᠪᠤᠷᠢ ᠲᠠᠰ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠢᠯᠠᠯ᠎ᠢ ᠪᠣᠢᠵᠢᠭᠤᠯᠬᠤ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠱᠠᠲᠤᠯᠢᠭ᠋ ᠪᠣᠢᠵᠢᠭᠤᠯᠬᠤ ᠲᠣᠭᠲᠠᠴᠠ᠎ᠶᠢ ᠰᠠᠢᠲᠤᠷ ᠬᠡᠷᠡᠭᠯᠡᠨ᠂ ᠳᠠᠭᠠᠭᠤᠯᠤᠭ᠍ᠴᠢ ᠠᠵᠤ ᠠᠬᠤᠢᠯᠠᠯ᠎ᠤᠨ ᠲᠦᠷᠦᠭᠦᠴᠢ ᠭᠠᠯᠠᠭᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠣᠮᠣ᠌ ᠳᠤᠮᠳᠠ ᠵᠢᠵᠢᠭ ᠠᠵᠤ ᠠᠬᠤᠢᠯᠠᠯ᠎ᠤᠨ ᠨᠡᠪᠳᠡᠷᠡᠯᠴᠡᠨ ᠬᠥᠭᠵᠢᠬᠦ᠎ᠶᠢ ᠠᠬᠢᠭᠤᠯᠤᠨ᠂ ᠪᠣᠬᠢᠷᠲᠤᠯ ᠦᠭᠡᠢ ᠮᠡᠷᠭᠡᠵᠢᠯ᠎ᠦᠨ ᠬᠦᠷᠢᠶ᠎ᠡ ᠴᠠᠷᠠᠭ᠎ᠠ᠎ᠶᠢ ᠨᠠᠷᠢᠯᠢᠭ᠋ ᠬᠤᠪᠢᠶᠠᠨ ᠬᠠᠮᠢᠶ᠎ᠠ ᠪᠦᠬᠦᠢ ᠠᠵᠤ ᠠᠬᠤᠢᠯᠠᠯ᠎ᠢ ᠪᠣᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠡᠰᠢᠵᠢᠭᠰᠡᠨ᠂ ᠣᠯᠠᠨ ᠲᠠᠰ ᠳᠠᠪᠬᠤᠷᠭᠠᠲᠤ ᠪᠣᠬᠢᠷᠲᠤᠯ ᠦᠭᠡᠢ ᠠᠵᠤ ᠠᠬᠤᠢᠯᠠᠯ᠎ᠤᠨ ᠬᠥᠭᠵᠢᠯᠲᠡ᠎ᠶᠢᠨ ᠱᠠᠲᠤᠯᠢᠭ᠋ ᠡᠩᠨᠡᠭᠡ᠎ᠶᠢ ᠪᠠᠢᠭᠤᠯᠤᠨ᠎ᠠ᠃ ᠦᠢᠯᠡᠳᠦᠯᠭᠡ ᠳᠤᠮᠳᠠ᠂ ᠪᠣᠬᠢᠷᠲᠤᠯ ᠦᠭᠡᠢ ᠠᠵᠤ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠢᠯᠡᠷᠡᠪᠡ᠃ ᠤᠰᠤᠲᠥ᠋ᠷᠥᠭᠴᠢ ᠡᠨᠧᠷᠭᠢ᠎ᠶᠢᠨ ᠡᠨᠧᠷᠭᠢ ᠬᠠᠩᠭᠠᠬᠤ ᠲᠥᠷᠥᠯ ᠵᠦᠢᠯ᠂ ᠤᠰᠤᠲᠥ᠋ᠷᠥᠭᠴᠢ ᠡᠨ᠋ᠸᠷᠬᠢ ᠪᠠ ᠴᠠᠬᠢᠯᠭᠠᠨ ᠬᠦᠴᠦᠨ᠎ᠦ ᠰᠢᠰᠲ᠋ᠸᠮ ᠠᠭᠤᠰᠤᠯᠴᠠᠬᠰᠠᠨ ᠬᠦᠷᠢᠶᠡᠯᠡᠩ ᠲᠣᠭᠣᠷᠢᠭ᠋ ᠵᠡᠷᠭᠡ ᠬᠡᠷᠡᠭᠯᠡᠭᠡᠨ᠎ᠦ ᠠᠬᠤᠢ ᠲᠠᠯᠠᠪᠤᠷ ᠦᠷᠭᠦᠯᠵᠢᠯᠡᠨ ᠥᠷᠭᠡᠵᠢᠵᠦ᠂ ᠤᠯᠤᠰ᠎ᠤᠨ ᠲᠠᠰ᠎ᠤᠨ ᠪᠣᠬᠢᠷᠲᠤᠯ ᠦᠭᠡᠢ ᠦᠢᠯᠡᠳᠪᠦᠷᠢ ᠪᠠ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠲᠠᠰᠤᠷᠠᠯᠲᠠ ᠦᠭᠡᠢ ᠴᠣᠯᠭᠣᠷᠠᠨ ᠭᠠᠷᠴᠤ᠂ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠰᠢᠰᠲᠧᠮ᠎ᠢ ᠲᠦᠷᠭᠡᠳᠬᠡᠨ ᠪᠠᠢᠭᠤᠯᠪᠠ ᠁ ᠢᠷᠡᠭᠡᠳᠦᠢ᠎ᠳᠦ᠂ ᠪᠣᠬᠢᠷᠲᠤᠯ ᠦᠭᠡᠢ ᠠᠵᠤ ᠦᠢᠯᠡᠰ᠎ᠦᠨ ᠪᠦᠯᠦᠭᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ᠎ᠦᠨ ᠪᠦᠯᠦᠭᠵᠢᠯ᠎ᠦᠨ ᠪᠣᠬᠢᠷᠲᠤᠯ ᠦᠭᠡᠢ ᠰᠢᠨ᠎ᠡ᠎ᠡᠬᠦᠳᠦᠯᠳᠡ ᠪᠠ ᠠᠵᠤ ᠦᠢᠯᠡᠰ᠎ᠦᠨ ᠰᠢᠨ᠎ᠡ᠎ᠡᠬᠦᠳᠦᠯᠳᠡ ᠠᠭᠤᠰᠤᠯᠴᠠᠨ ᠬᠥᠭᠵᠢᠬᠦ᠎ᠶᠢᠨ ᠴᠢᠬᠤᠯᠠ ᠠᠴᠢᠶᠠᠯᠠᠪᠤᠷᠢ ᠪᠣᠯᠭᠠᠬᠤ ᠬᠡᠷᠡᠭᠲᠡᠢ᠃
ᠪᠤᠬᠢᠷᠳᠦᠯ ᠦᠬᠡᠢ ᠮᠥᠩᠭᠥᠨ ᠭᠦᠢᠯᠭᠡᠭᠡᠨ᠎ᠢᠶᠡᠷ ᠬᠥᠲᠥᠯᠥᠮᠵᠢ ᠪᠣᠯᠭᠠᠨ᠂ ᠪᠡᠯᠡ ᠮᠥᠩᠭᠥ᠎ᠶᠢᠨ ᠪᠣᠭᠣᠮᠢ᠎ᠶᠢ ᠡᠪᠳᠡᠵᠦ᠂ ᠨᠡᠢᠭᠡᠮ ᠦᠨ ᠬᠥᠷᠥᠩᠭᠡ᠎ᠶᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠤᠭᠣᠳᠴᠤ ᠪᠠᠢᠭᠠᠳ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠥᠭᠡᠷᠡᠴᠢᠯᠡᠯᠲᠡ᠂ ᠡᠷᠬᠢᠯᠳᠡᠳᠦ ᠠᠵᠤ ᠠᠬᠤᠢ᠂ ᠰᠢᠨ᠎ᠡ ᠡᠨᠧᠷᠭᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠣᠷᠣᠭᠤᠯᠵᠤ᠂ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠡᠬᠦᠳᠦᠯᠳᠡ ᠵᠢᠨ ᠪᠡᠯᠡ ᠲᠣᠬᠢᠷᠠᠭᠤᠯᠬᠤ᠎ᠳᠤ ᠬᠦᠴᠢᠷᠲᠡᠢ᠂ ᠪᠡᠯᠡ ᠲᠣᠬᠢᠷᠠᠭᠤᠯᠬᠤ᠎ᠳᠤ ᠦᠨᠡᠲᠡᠢ ᠬᠥᠭᠵᠢᠯᠲᠡ᠎ᠶᠢᠨ ᠡᠮᠵᠡᠭ ᠭᠠᠵᠠᠷ᠎ᠢ ᠦᠨᠡᠨᠬᠦ ᠰᠢᠢᠳᠪᠦᠷᠢᠯᠡᠬᠦ ᠬᠡᠷᠡᠭᠳᠡᠢ᠃ ᠡᠭᠦᠨ᠎ᠦ ᠬᠠᠮᠲᠤ ᠮᠡᠷᠭᠡᠵᠢᠯ᠎ᠢ ᠤᠯᠠᠷᠢᠭᠤᠯᠬᠤ ᠠᠷᠭ᠎ᠠ ᠵᠠᠮ᠎ᠢ ᠰᠢᠯᠤᠭᠤᠳᠬᠠᠵᠤ᠂ ᠪᠣᠬᠢᠷᠲᠤᠯ ᠦᠭᠡᠢ ᠮᠡᠷᠭᠡᠵᠢᠯ᠎ᠦᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠦᠷᠭᠡᠳᠬᠡᠨ ᠪᠣᠢᠵᠢᠭᠤᠯᠵᠤ᠂ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠵᠣᠯᠭᠠᠭᠤᠯᠬᠤ ᠶᠢ ᠠᠬᠢᠭᠤᠯᠵᠤ᠂ ᠮᠡᠷᠭᠡᠵᠢᠯ᠎ᠦᠨ ᠬᠠᠩᠭᠠᠯᠭ᠎ᠠ ᠬᠡᠷᠡᠭᠴᠡᠭᠡ᠎ᠶᠢ ᠣᠨᠣᠪᠴᠢᠲᠠᠶ᠎ᠪᠠᠷ ᠢᠵᠢᠯᠢᠰᠢᠭᠦᠯᠬᠦ ᠶᠢ ᠪᠡᠶᠡᠯᠡᠭᠦᠯᠵᠦ᠂ ᠴᠢᠨᠠᠷ ᠰᠠᠢᠲᠠᠢ ᠪᠣᠬᠢᠷᠲᠤᠯ ᠦᠭᠡᠢ ᠮᠡᠷᠭᠡᠵᠢᠯ᠎ᠦᠨ ᠬᠠᠩᠭᠠᠯᠭ᠎ᠠ᠎ᠪᠠᠷ ᠠᠵᠤ ᠦᠢᠯᠡᠰ ᠦᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ᠃ ᠣᠢᠷ᠎ᠠ᠎ᠶᠢᠨ ᠵᠢᠯ᠎ᠦᠳ᠎ᠲᠦ ᠪᠡᠭᠡᠵᠢᠩ᠎ᠦᠨ ᠲᠤᠷᠰᠢᠯᠲᠠ᠎ᠶᠢᠨ ᠴᠡᠭ ᠤ᠋ᠨ ᠨᠡᠭᠦᠷᠡᠰᠦᠲᠥ᠋ᠷᠥᠭᠴᠢ᠎ᠶᠢᠨ ᠬᠢᠵᠠᠭᠠᠷᠲᠤ ᠲᠣᠭ᠎ᠠ᠎ᠶᠢᠨ ᠠᠷᠠᠯᠵᠢᠶ᠎ᠠ ᠪᠦᠲᠦᠭᠰᠡᠨ ᠳᠤᠮᠳᠠᠴᠢ ᠦᠨ᠎ᠡ ᠨᠢ ᠪᠥᠬᠥ ᠤᠯᠤᠰ᠎ᠲᠤ ᠲᠦᠷᠦᠬᠦᠯᠡᠵᠥ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠦᠢᠯᠡᠳᠬᠦᠨ᠎ᠦ ᠠᠷᠠᠯᠵᠢᠶ᠎ᠠ ᠪᠦᠲᠦᠭᠰᠡᠨ ᠬᠡᠮᠵᠢᠶ᠎ᠡ ᠨᠢ ᠨᠡᠶ᠋ᠢᠲᠡ 1.1 ᠳ᠋ᠦᠩᠰᠢᠭᠤᠷ ᠲᠣᠨ᠎ᠢ ᠳᠠᠪᠠᠵᠤ᠂ ᠪᠣᠬᠢᠷᠲᠤᠯ ᠦᠭᠡᠢ ᠮᠡᠷᠭᠡᠵᠢᠯ᠎ᠦᠨ ᠠᠷᠠᠯᠵᠢᠶᠠᠨ᠎ᠤ ᠪᠦᠲᠦᠮᠵᠢᠲᠡᠶ ᠥᠯᠢᠭᠡᠷ ᠵᠢᠱ᠌ᠢᠶ᠎ᠡ ᠪᠣᠯᠵᠠᠢ᠃ ᠡᠭᠦᠨ᠎ᠡᠴᠡ ᠭᠠᠳᠠᠨ᠎ᠠ ᠪᠠᠰᠠ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠴᠤ ᠬᠠᠮᠠᠭᠠᠯᠠᠬᠤ᠎ᠶᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠥᠷᠥ ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠪᠦᠷᠢᠨ ᠲᠡᠭᠦᠯᠳᠡᠷ ᠲᠣᠭᠲᠠᠴᠠ᠎ᠶᠢ ᠪᠠᠢᠭᠤᠯᠵᠤ᠂ ᠴᠢᠭᠯᠡᠭᠦᠯᠦᠯᠲᠦ ᠴᠢᠨᠠᠷᠲᠠᠢ ᠡᠳ᠋᠎ᠦᠨ ᠵᠠᠰᠠᠭ᠂ ᠭᠠᠢᠯᠢ ᠲᠠᠲᠠᠪᠤᠷᠢ᠎ᠶᠢᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠤᠯᠠᠮᠵᠢᠯᠠᠯᠲᠤ ᠠᠵᠤ ᠦᠢᠯᠡᠰ᠎ᠦᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠣᠨᠣᠪᠴᠢᠲᠠᠶ᠎ᠪᠠᠷ ᠲᠡᠳᠬᠦᠨ ᠳᠡᠮᠵᠢᠵᠦ᠂ ᠲᠥᠷᠥ᠎ᠶᠢᠨ ᠪᠣᠳᠣᠯᠭ᠎ᠠ᠎ᠶᠢᠨ ᠨᠡᠢᠯᠡᠮᠡᠯ ᠬᠦᠴᠦᠨ᠎ᠢᠶᠡᠷ ᠠᠭᠤᠰᠤᠯᠴᠠᠨ ᠬᠥᠭᠵᠢᠬᠦ᠎ᠶᠢ ᠪᠠᠲᠤᠯᠠᠬᠤ ᠬᠡᠷᠡᠭᠲᠡᠢ᠃
ᠴᠢᠳᠠᠪᠤᠷᠢᠲᠠᠨ ᠪᠣᠯ ᠰᠢᠨ᠎ᠡ᠎ᠶᠢ ᠡᠭᠦᠳᠬᠦ ᠬᠥᠭᠵᠢᠯᠲᠡ᠎ᠶᠢᠨ ᠨᠢᠭᠡᠳᠦᠭᠡᠷ ᠡᠬᠢ ᠪᠠᠶᠠᠯᠢᠭ᠋ ᠮᠥᠨ᠂ ᠤᠶᠤᠨ᠎ᠤ ᠲᠤᠯᠭᠠᠭᠤᠷᠢᠯᠠᠯ᠎ᠢ ᠪᠡᠬᠢᠵᠢᠭᠦᠯᠬᠦ ᠪᠣᠯ ᠠᠭᠤᠰᠤᠯᠴᠠᠨ ᠬᠥᠭᠵᠢᠬᠦ᠎ᠶᠢᠨ ᠦᠨᠳᠦᠰᠦᠨ ᠪᠠᠲᠤᠯᠠᠭ᠎ᠠ ᠮᠥᠨ᠃ ᠳᠡᠭᠡᠳᠦ ᠵᠡᠷᠭᠡ ᠶᠢᠨ ᠰᠤᠷᠭᠠᠭᠤᠯᠢ ᠨᠢ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠴᠢᠳᠠᠪᠤᠷᠢᠲᠠᠨ ᠬᠥᠮᠥᠵᠢᠭᠦᠯᠬᠦ ᠦᠨᠳᠦᠰᠦ ᠰᠠᠭᠤᠷᠢ᠎ᠶᠢ ᠪᠡᠬᠢᠵᠢᠭᠦᠯᠵᠦ᠂ ᠠᠵᠤ ᠦᠢᠯᠡᠰ᠎ᠦᠨ ᠬᠥᠭᠵᠢᠯᠲᠡ ᠬᠢᠭᠡᠳ ᠪᠣᠬᠢᠷᠲᠤᠯ ᠦᠭᠡᠢ ᠠᠵᠤ ᠠᠬᠤᠢ᠎ᠶᠢᠨ ᠠᠭᠤᠰᠤᠯᠴᠠᠯ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠪᠣᠬᠢᠷᠲᠤᠯ ᠦᠭᠡᠢ ᠡᠨᠧᠷᠭᠢ᠂ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠵᠡᠷᠭᠡ ᠰᠣᠯᠪᠢᠴᠠᠭᠰᠠᠨ ᠰᠢᠨᠵᠢᠯᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠠᠵᠤ ᠦᠢᠯᠡᠰ ᠬᠢᠭᠡᠳ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠤᠨ᠂ ᠬᠠᠮᠵᠢᠯᠴᠠᠨ ᠬᠥᠮᠥᠨ ᠬᠥᠮᠥᠵᠢᠭᠦᠯᠬᠦ᠂ ᠬᠠᠮᠲᠤᠷᠠᠭᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ ᠨᠢ ᠴᠢᠳᠠᠪᠤᠷᠢᠲᠠᠨ ᠬᠥᠮᠥᠵᠢᠭᠦᠯᠬᠦ᠎ᠶᠢ ᠪᠣᠬᠢᠷᠲᠤᠯ ᠦᠭᠡᠢ ᠣᠶᠤᠨᠴᠢ ᠦᠢᠯᠡᠳᠬᠡᠯ ᠤ᠋ᠨ ᠪᠥᠬᠥ ᠶᠠᠪᠤᠴᠠ᠎ᠳᠤ ᠲᠤᠭᠣᠰᠢᠯᠠᠭᠣᠯᠵᠦ᠂ ᠬᠠᠮ ᠬᠡᠯᠪᠡᠷᠢ ᠶᠢᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠦᠨ᠎ᠡ᠃ ᠠᠵᠢᠯ ᠮᠡᠷᠭᠡᠵᠢᠯ᠎ᠦᠨ ᠪᠠᠷᠢᠮᠵᠢᠶ᠎ᠠ ᠬᠢᠭᠡᠳ ᠦᠨᠡᠯᠡᠬᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠠᠵᠢᠯ ᠮᠡᠷᠭᠡᠵᠢᠯ᠎ᠦᠨ ᠪᠠᠷᠢᠮᠵᠢᠶ᠎ᠠ ᠬᠢᠭᠡᠳ ᠦᠨᠡᠯᠡᠬᠦ ᠵᠢᠷᠤᠮᠵᠢᠯ᠎ᠢ ᠪᠦᠷᠢᠨᠰᠢᠭᠦᠯᠦᠨ᠂ ᠪᠣᠬᠢᠷᠲᠤᠯ ᠦᠭᠡᠢ ᠠᠵᠢᠯ ᠮᠡᠷᠭᠡᠵᠢᠯ᠎ᠦᠨ ᠬᠢᠷᠢ ᠬᠡᠮ᠎ᠢ ᠭᠡᠷᠡᠴᠢᠯᠡᠬᠦ ᠰᠢᠰᠲᠧᠮ᠎ᠢ ᠲᠡᠭᠦᠯᠳᠡᠷᠵᠢᠭᠦᠯᠵᠦ᠂ ᠡᠯ᠎ᠡ ᠠᠵᠢᠯ᠎ᠤᠨ ᠪᠠᠢᠷᠢ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠡᠷᠭᠡ ᠳᠡᠰ ᠬᠢᠭᠡᠳ ᠵᠣᠬᠢᠬᠤ ᠮᠡᠳᠡᠯᠭᠡ ᠤᠷ᠎ᠠ ᠴᠢᠳᠠᠪᠤᠷᠢ᠎ᠶᠢᠨ ᠱᠠᠭᠠᠷᠳᠠᠯᠭ᠎ᠠ᠎ᠶᠢ ᠲᠣᠳᠣᠷᠬᠠᠢᠯᠠᠨ᠎ᠠ᠃ ᠡᠭᠦᠨ᠎ᠡᠴᠡ ᠭᠠᠳᠠᠨ᠎ᠠ ᠣᠯᠠᠨ ᠲᠠᠯ᠎ᠠ᠎ᠶᠢᠨ ᠬᠠᠮᠵᠢᠯᠴᠠᠬᠤ ᠪᠣᠯᠪᠠᠰᠤᠷᠠᠭᠤᠯᠤᠯ᠎ᠤᠨ ᠬᠠᠩᠭᠠᠯᠭ᠎ᠠ᠎ᠶᠢ ᠴᠢᠩᠭᠠᠳᠬᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠂ ᠠᠵᠢᠯ ᠲᠥᠷᠥᠯ᠎ᠦᠨ ᠨᠡᠢᠭᠡᠮᠯᠢᠭ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠭᠤᠯᠤᠯ᠎ᠤᠨ ᠪᠠᠢᠭᠤᠯᠤᠮᠵᠢ᠎ᠶᠢᠨ ᠣᠯᠠᠨ ᠲᠠᠯ᠎ᠠ᠎ᠪᠠᠷ ᠬᠣᠯᠪᠤᠭᠠᠯᠠᠨ ᠬᠥᠳᠡᠯᠦᠯᠴᠡᠭᠰᠡᠨ ᠪᠣᠯᠪᠠᠰᠤᠷᠠᠭᠤᠯᠤᠯ᠎ᠤᠨ ᠰᠢᠰᠲᠧᠮ᠎ᠢ ᠪᠠᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠳᠡᠯᠭᠡ᠎ᠶᠢ ᠬᠥᠳᠡᠯᠮᠦᠷᠢᠴᠢᠳ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠭᠤᠯᠤᠯ᠎ᠤᠨ ᠠᠭᠤᠯᠭ᠎ᠠ᠎ᠳᠤ ᠪᠥᠬᠥ ᠲᠠᠯ᠎ᠠ ᠪᠠᠷ ᠣᠷᠣᠭᠤᠯᠵᠤ᠂ ᠠᠭᠤᠰᠤᠯᠴᠠᠨ ᠬᠥᠭᠵᠢᠬᠦ᠎ᠳᠦ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠲᠠᠰᠤᠷᠠᠯᠲᠠ ᠦᠭᠡᠢ ᠬᠥᠮᠥᠵᠢᠭᠦᠯᠵᠦ ᠥᠭᠭᠦᠨ᠎ᠡ᠃
ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠢᠯᠡ ᠲᠣᠳᠣ᠌ ᠳᠡᠪᠢᠰᠬᠡᠷ ᠥᠩᠭᠡ ᠮᠥᠨ ᠂ ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠪᠣᠬᠢᠷᠲᠤᠯ ᠦᠭᠡᠢ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠪᠣᠯ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠶᠡᠬᠡ ᠬᠠᠨᠳᠤᠰᠢ᠎ᠳᠤ ᠵᠣᠬᠢᠴᠠᠵᠤ᠂ ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢᠨ ᠬᠡᠷᠡᠭᠴᠡᠭᠡ᠎ᠶᠢ ᠬᠠᠩᠭᠠᠬᠤ᠎ᠶᠢᠨ ᠵᠠᠢᠯᠠᠰᠢ ᠦᠭᠡᠢ ᠰᠣᠩᠭᠣᠯᠲᠠ ᠮᠦᠨ᠃ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠭᠣᠣᠯ ᠪᠣᠯᠭᠠᠵᠤ᠂ ᠠᠵᠤ ᠠᠬᠤᠢᠯᠠᠯ᠎ᠤᠨ ᠭᠣᠣᠯ ᠴᠣᠭᠴᠠ᠎ᠪᠠᠷ ᠲᠦᠰᠢᠭ ᠪᠣᠯᠭᠠᠵᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠪᠠᠷ ᠲᠤᠯᠭᠠᠭᠤᠷᠢᠯᠠᠯ ᠪᠣᠯᠭᠠᠵᠤ᠂ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠰᠠᠭᠤᠷᠢ ᠪᠣᠯᠭᠠᠵᠤ᠂ ᠪᠣᠬᠢᠷᠲᠤᠯ ᠦᠭᠡᠢ ᠰᠢᠨ᠎ᠡ᠎ᠶᠢ ᠡᠭᠦᠳᠬᠦ ᠪᠣᠯᠣᠨ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠵᠡᠷᠭᠡ᠎ᠪᠡᠷ ᠠᠬᠢᠭᠤᠯᠵᠤ᠂ ᠬᠣᠣᠰ ᠴᠢᠭᠯᠡᠯ᠎ᠢᠶᠡᠷ ᠬᠦᠴᠦᠨ ᠣᠯᠭᠣᠵᠤ᠂ ᠠᠵᠤ ᠦᠢᠯᠡᠰ᠎ᠦᠨ ᠪᠦᠲᠦᠴᠡ᠎ᠶᠢᠨ ᠪᠣᠬᠢᠷᠲᠤᠯ ᠦᠭᠡᠢᠳᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠦᠷᠭᠦᠯᠵᠢᠯᠡᠨ ᠲᠦᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠦᠨ ᠰᠢᠰᠲᠧᠮ᠎ᠢ ᠯᠠᠪᠳᠠᠭᠤᠨ᠎ᠢᠶᠠᠷ ᠪᠠᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠥᠨᠢᠳᠡ᠎ᠶᠢᠨ ᠬᠥᠳᠡᠯᠭᠡᠬᠦ ᠬᠦᠴᠦᠨ ᠨᠡᠮᠡᠷᠢᠯᠡᠨ᠎ᠡ᠃
(ᠶᠧ ᠲᠠᠩ ᠯᠢᠨ᠄ ᠨᠡᠢᠰᠯᠡᠯ᠎ᠦᠨ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ᠎ᠶᠢᠨ ᠣᠨᠴᠠ ᠶᠡᠬᠡ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠭᠦᠢᠴᠡᠳᠭᠡᠭᠴᠢ ᠵᠠᠬᠢᠷᠤᠯ᠂ ᠫᠷᠤᠹᠸᠰᠰᠤᠷ; ᠴᠠᠩ ᠶᠢᠩ ᠸᠧᠢ ᠄ ᠨᠡᠢᠰᠯᠡᠯ᠎ᠦᠨ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ᠎ᠶᠢᠨ ᠣᠨᠴᠠ ᠶᠡᠬᠡ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ)