ᠱᠠᠩᠬᠠᠢ᠎ᠶᠢᠨ ᠰᠦᠩᠵᠢᠶᠠᠩ 6G ᠢᠷᠡᠭᠡᠳᠦᠢ᠎ᠶᠢᠨ ᠠᠵᠤ ᠦᠢᠯᠡᠰ᠎ᠦᠨ ᠰᠢᠨ᠎ᠡ ᠥᠨᠳᠥᠷᠯᠢᠭ᠎ᠢ ᠪᠠᠢᠭᠤᠯᠪᠠ᠂ ᠬᠠᠩᠵᠧᠦ ᠬᠣᠲᠠ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠢᠷᠡᠭᠡᠳᠦᠢ᠎ᠶᠢᠨ ᠠᠵᠤ ᠦᠢᠯᠡᠰ᠎ᠦᠨ ᠬᠣᠰᠢᠭᠤᠴᠢ ᠣᠷᠣᠨ᠎ᠢ ᠪᠠᠢᠭᠤᠯᠪᠠ ᠁ ᠬᠡᠰᠡᠭ ᠬᠤᠭᠤᠴᠠᠭᠠᠨ᠎ᠦ ᠲᠣᠷᠰᠢ᠂ ᠴᠥᠭᠡᠨ ᠪᠤᠰᠤ ᠭᠠᠵᠠᠷ ᠣᠷᠣᠨ ᠢᠷᠡᠭᠡᠳᠦᠢ᠎ᠶᠢᠨ ᠠᠵᠤ ᠦᠢᠯᠡᠰ᠎ᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠪᠣᠢᠵᠢᠭᠤᠯᠬᠤ᠂ ᠰᠢᠨ᠎ᠡ ᠨᠡᠮᠡᠭᠳᠡᠯ᠎ᠦᠨ ᠲᠤᠢᠯ᠎ᠢ ᠪᠣᠶ ᠪᠣᠯᠭᠠᠬᠤ ᠴᠢᠬᠤᠯᠠ ᠭᠠᠷᠳᠠᠴᠠ ᠪᠣᠯᠭᠠᠪᠠ᠃
ᠢᠷᠡᠭᠡᠳᠦᠢ᠎ᠶᠢᠨ ᠠᠵᠤ ᠦᠢᠯᠡᠰ ᠭᠡᠳᠡᠭ ᠨᠢ ᠬᠣᠰᠢᠭᠤᠷᠠᠯ ᠮᠡᠷᠭᠡᠵᠢᠯ᠎ᠢᠶᠡᠷ ᠬᠥᠳᠡᠯᠭᠡᠭᠦᠷ ᠪᠣᠯᠭᠠᠵᠤ᠂ ᠣᠳᠣᠬᠠᠨ᠎ᠳᠠᠭᠠᠨ ᠪᠤᠢᠵᠢᠯᠳᠡ ᠵᠢᠨ ᠱᠠᠲᠤ ᠦᠶ᠎ᠡ ᠪᠤᠶᠤ ᠠᠵᠤ ᠦᠢᠯᠡᠰᠵᠢᠯᠲᠡ᠎ᠶᠢᠨ ᠡᠬᠢᠨ᠎ᠦ ᠬᠤᠭᠤᠴᠠᠭᠠᠨ ᠳᠤ ᠣᠷᠣᠰᠢᠵᠤ ᠪᠦᠬᠦᠢ ᠢᠯᠡᠳᠳᠡ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠨᠤᠷᠠᠭᠠᠯᠲᠠ᠎ᠶᠢᠨ ᠴᠢᠨᠠᠷᠲᠠᠢ ᠪᠠ ᠲᠣᠭᠲᠠᠭᠠᠯᠲᠤ ᠪᠤᠰᠤ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ᠎ᠠ᠃ ᠡᠭᠦᠨ᠎ᠳᠦ ᠢᠷᠡᠭᠡᠳᠦᠢ᠎ᠶᠢᠨ ᠦᠢᠯᠡᠳᠬᠦ ᠦᠢᠯᠡᠰ᠂ ᠢᠷᠡᠭᠡᠳᠦᠢ᠎ᠶᠢᠨ ᠮᠡᠳᠡᠭᠡ ᠵᠠᠩᠭᠢ᠂ ᠢᠷᠡᠭᠡᠳᠦᠢ᠎ᠶᠢᠨ ᠮᠠᠲᠧᠷᠢᠶᠠᠯ᠂ ᠢᠷᠡᠭᠡᠳᠦᠢ᠎ᠶᠢᠨ ᠡᠨᠧᠷᠭᠢ᠂ ᠢᠷᠡᠭᠡᠳᠦᠢ᠎ᠶᠢᠨ ᠣᠷᠣᠨ ᠵᠠᠢ ᠪᠣᠯᠣᠨ ᠢᠷᠡᠭᠡᠳᠦᠢ᠎ᠶᠢᠨ ᠡᠷᠡᠭᠦᠯ ᠮᠡᠨᠳᠦ ᠵᠡᠷᠭᠡ ᠪᠠᠭᠲᠠᠨ᠎ᠠ᠃ ᠠᠮᠧᠷᠢᠺᠠ ᠵᠢᠨ ᠬᠢᠨ ᠰᠠᠭᠤᠷᠢ ᠰᠤᠳᠤᠯᠭᠠᠨ ᠪᠠ ᠵᠠᠬ᠎ᠠ ᠳᠡᠯᠭᠡᠭᠦᠷ᠎ᠦᠨ ᠳᠠᠪᠠᠭᠤᠯᠢᠭ᠋᠎ᠲᠠᠭᠠᠨ ᠲᠦᠰᠢᠭᠯᠡᠨ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲᠪᠣᠳᠣᠯᠳᠠ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠦ ᠬᠤᠰᠢᠭᠤᠷᠠᠵᠦ ᠪᠠᠢᠨ᠎ᠠ; ᠡᠸᠦ᠋ᠷᠦᠫᠡ ᠳᠢᠪ ᠤ᠋ᠨ ᠤᠯᠤᠰ ᠤ᠋ᠳ ᠤ᠋ᠨ ᠬᠣᠯᠪᠣᠭᠠᠨ᠎ᠤ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ ᠨᠢ ᠭᠣᠣᠯᠳᠠᠭᠤ《ᠲᠣᠭᠠᠴᠢᠯᠠᠭᠰᠠᠨ ᠵᠦᠭᠯᠡᠭᠦᠷ》᠂ 《ᠪᠣᠬᠢᠷᠲᠤᠯ ᠦᠭᠡᠢ ᠰᠢᠨ᠎ᠡ ᠲᠥᠷᠥ᠎ᠶᠢᠨ ᠪᠣᠳᠣᠯᠭ᠎ᠠ》 ᠵᠢᠴᠢ ᠦᠷᠭᠦᠯᠵᠢᠯᠡᠬᠦ ᠬᠥᠭᠵᠢᠯᠲᠡ᠎ᠶᠢᠨ ᠵᠠᠭᠪᠤᠷ᠎ᠤᠨ ᠭᠣᠣᠯ ᠲᠥᠯᠦᠪᠵᠢᠭᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ ᠪᠠᠢᠨ᠎ᠠ᠃
ᠮᠠᠨ᠎ᠤ ᠤᠯᠤᠰ ᠲᠤ᠌᠂ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ 《ᠳᠠᠭᠠᠭᠤᠯᠤᠨ ᠭᠦᠶᠦᠬᠦ᠂ ᠵᠡᠷᠭᠡᠴᠡᠨ ᠭᠦᠶᠦᠬᠦ᠂ ᠳᠠᠭᠠᠵᠤ ᠭᠦᠶᠦᠬᠦ》 ᠵᠡᠷᠭᠡ᠎ᠪᠡᠷ ᠣᠷᠣᠰᠢᠬᠤ ᠪᠠᠢᠷᠢᠰᠢᠯ ᠢᠯᠡᠷᠡᠵᠦ᠂ ᠮᠡᠷᠭᠡᠵᠢᠯ᠎ᠦᠨ ᠲᠦᠭᠡᠮᠡᠯ ᠬᠠᠷᠠᠭᠠᠯᠵᠠᠯᠲᠤ ᠬᠡᠷᠡᠭᠯᠡᠭᠡ ᠪᠠ ᠰᠢᠰᠲᠧᠮ᠎ᠦᠨ ᠪᠠᠢᠭᠤᠯᠤᠯᠲᠠ᠎ᠶᠢ ᠨᠠᠩ ᠴᠢᠬᠤᠯᠠᠴᠢᠯᠠᠵᠤ᠂ ᠮᠠᠰᠢ ᠣᠯᠠᠨ ᠬᠦᠷᠢᠶᠡᠨ᠎ᠳᠦ ᠮᠡᠷᠭᠡᠵᠢᠯ᠎ᠦᠨ ᠰᠢᠪᠲᠤᠯᠤᠯᠲᠠ᠎ᠠᠴᠠ ᠠᠵᠤ ᠦᠢᠯᠡᠰ ᠦᠨ ᠠᠮᠢ ᠠᠬᠤᠢ᠎ᠶᠢᠨ ᠬᠥᠭᠵᠢᠯ ᠴᠡᠴᠡᠭᠯᠡᠯ᠎ᠳᠦ ᠬᠦᠷᠬᠦ ᠰᠢᠰᠲᠧᠮᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠵᠦ ᠪᠠᠢᠨ᠎ᠠ᠃ ᠵᠢᠱ᠌ᠢᠶᠡᠯᠡᠪᠡᠯ ᠠᠨᠾᠦ᠋ᠢ ᠵᠢᠨ ᠾᠸᠹᠸᠢ《ᠺᠸᠠᠨ᠋ᠲ᠎ᠤᠨ ᠳᠠᠷᠳᠠᠩ ᠵᠠᠮ》 ᠵᠢᠡᠷ ᠭᠣᠣᠯ ᠪᠣᠯᠭᠠᠵᠤ᠂ ᠺᠸᠠᠨ᠋ᠲ ᠪᠣᠳᠣᠯᠲᠠ᠂ ᠴᠢᠮᠡᠭᠡ ᠬᠣᠯᠪᠣᠭ᠎ᠠ᠂ ᠬᠡᠮᠵᠢᠯᠲᠡ᠎ᠶᠢ ᠪᠦᠷᠬᠦᠭᠰᠡᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠵᠦ᠂ ᠭᠤᠷᠪᠠᠳᠤᠭᠠᠷ ᠦᠶ᠎ᠡ᠎ᠶᠢᠨ ᠪᠡᠶ᠎ᠡ᠎ᠪᠡᠨ ᠳᠠᠭᠠᠭᠠᠭᠰᠠᠨ ᠬᠡᠳᠦ ᠳᠠᠮᠵᠢᠭᠤᠯᠭ᠎ᠠ᠎ᠶᠢᠨ ᠺᠸᠠᠨ᠋ᠲ ᠺᠣᠮᠫᠢᠦ᠋ᠲᠧᠷ ᠨᠢᠭᠡᠨᠲᠡ ᠪᠦᠬᠦ ᠪᠥᠮᠪᠥᠷᠴᠡᠭ᠎ᠦᠨ ᠡᠮ ᠡᠮᠨᠡᠯᠭᠡ᠂ ᠮᠥᠩᠭᠥᠨ ᠭᠦᠢᠯᠭᠡᠭᠡᠨ ᠵᠡᠷᠭᠡ ᠤᠯᠠᠨ ᠬᠦᠷᠢᠶᠡᠨ ᠳᠦ ᠦᠢᠯᠡᠴᠢᠯᠡᠪᠡ; ᠱᠧᠨᠵᠧᠨ᠎ᠦ ᠪᠦᠦ ᠠᠨ᠎ᠤ ᠡᠭᠦᠳᠦᠨ ᠪᠦᠲᠦᠭᠡᠭᠰᠡᠨ 《ᠣᠶᠤᠨᠲᠤ ᠭᠠᠷᠠᠮ》 ᠨᠢ ᠬᠥᠮᠥᠨ ᠬᠡᠯᠪᠡᠷᠢᠲᠦ ᠮᠠᠰᠢᠨ ᠬᠥᠮᠥᠨ᠎ᠦ 《ᠨᠡᠪᠴᠢᠭᠦᠯᠦᠭᠦᠷ》 ᠪᠣᠯᠣᠨ《ᠪᠣᠯᠪᠠᠰᠤᠷᠠᠯ᠎ᠤᠨ ᠲᠠᠯᠠᠪᠠᠢ》 ᠪᠣᠯᠵᠤ᠂ 《ᠳᠤᠮᠳᠠᠳᠤ ᠤᠯᠤᠰ᠎ᠤᠨ ᠣᠶᠤᠨᠴᠢ ᠦᠢᠯᠡᠳᠬᠡᠯ》᠎ᠤ᠋ᠨ ᠵᠥᠭᠡᠯᠡᠨ ᠬᠠᠲᠠᠭᠤ ᠲᠤᠨᠤᠭ ᠬᠠᠮᠵᠢᠯᠴᠠᠭᠰᠠᠨ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠢᠯᠡᠷᠡᠭᠦᠯᠪᠡ᠃ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 13.9% ᠪᠠᠷ ᠨᠡᠮᠡᠭᠳᠡᠵᠦ ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠂ ᠳᠡᠭᠡᠳᠦ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 10.1% ᠪᠠ 16.6% ᠪᠠᠷ ᠨᠡᠮᠡᠭᠳᠡᠪᠡ; ᠢᠯᠠᠩᠭᠤᠶ᠎ᠠ 《ᠵᠣᠬᠢᠶᠠᠮᠠᠯ ᠣᠶᠤᠨ ᠴᠢᠳᠠᠪᠤᠷᠢ + 》 ᠵᠢ ᠨᠠᠢᠳᠠᠪᠤᠷᠢᠵᠢᠭᠤᠯᠬᠤ᠎ᠶᠢ ᠳᠠᠭᠠᠯᠳᠤᠨ ᠂ ᠣᠶᠤᠨᠲᠤ ᠬᠡᠷᠡᠭᠯᠡᠭᠡ ᠵᠢᠨ ᠲᠥᠬᠦᠭᠡᠷᠦᠮᠵᠢ ᠦᠢᠯᠡᠳᠬᠦ᠂ ᠬᠤᠷᠠᠮᠠᠯ ᠴᠠᠬᠢᠯᠭᠠᠨ ᠬᠡᠯᠬᠢᠶ᠎ᠡ ᠦᠢᠯᠡᠳᠬᠦ᠂ ᠮᠠᠰᠢᠨ ᠬᠥᠮᠥᠨ ᠦᠢᠯᠡᠳᠬᠦ ᠦᠢᠯᠡᠰ ᠨᠢ ᠠᠳᠠᠯᠢ ᠬᠤᠭᠤᠴᠠᠭᠠᠨ᠎ᠤ ᠬᠢ᠎ᠡᠴᠡ ᠨᠡᠯᠢᠶᠡᠳ ᠶᠡᠬᠡ ᠬᠡᠮᠵᠢᠶ᠎ᠡ᠎ᠪᠡᠷ ᠨᠡᠮᠡᠭᠳᠡᠪᠡ᠃ ᠡᠨᠡ ᠨᠢ ᠮᠠᠨ᠎ᠤ ᠤᠯᠤᠰ᠎ᠤᠨ ᠰᠢᠨ᠎ᠡ᠎ᠶᠢ ᠡᠭᠦᠳᠬᠦ ᠠᠵᠢᠯᠯᠠᠭ᠎ᠠ ᠪᠠ ᠲᠣᠭᠠᠵᠢᠭᠤᠯᠤᠭᠰᠠᠨ ᠬᠡᠷᠡᠭᠴᠡᠭᠡ ᠬᠥᠭᠵᠢᠶᠡᠨᠲᠡᠢ ᠪᠠᠢᠵᠤ ᠂ ᠢᠷᠡᠭᠡᠳᠦᠢ᠎ᠶᠢᠨ ᠠᠵᠤ ᠦᠢᠯᠡᠰ᠎ᠲᠦ ᠬᠡᠷᠡᠭᠯᠡᠭᠡᠨ᠎ᠦ ᠠᠬᠤᠢ ᠲᠠᠯᠠᠪᠤᠷ᠂ ᠢᠵᠢ ᠪᠦᠷᠢᠳᠦᠬᠦᠯᠦᠭᠰᠡᠨ ᠬᠠᠩᠭᠠᠯᠭ᠎ᠠ᠎ᠶᠢᠨ ᠬᠡᠯᠬᠢᠶ᠎ᠡ ᠪᠠ ᠴᠢᠳᠠᠪᠤᠷᠢᠲᠠᠨ᠎ᠤ ᠬᠥᠷᠥᠩᠭᠡ ᠵᠡᠷᠭᠡ《ᠠᠵᠤ ᠦᠢᠯᠡᠰ᠎ᠦᠨ ᠬᠠᠯᠠᠭᠤᠨ ᠬᠦᠷᠦᠰᠤ》ᠬᠠᠩᠭᠠᠭᠰᠠᠨᠢ ᠬᠠᠷᠠᠭᠤᠯᠵᠤ ᠪᠠᠢᠨ᠎ᠠ᠃
ᠣᠳᠣᠬᠠᠨ᠎ᠳᠤ᠂ ᠮᠠᠨ᠎ᠤ ᠤᠯᠤᠰ᠎ᠤᠨ ᠢᠷᠡᠭᠡᠳᠦᠢ᠎ᠶᠢᠨ ᠠᠵᠤ ᠦᠢᠯᠡᠰ ᠶᠠᠭ ᠮᠡᠷᠭᠡᠵᠢᠯ᠎ᠵᠢᠡᠷ ᠳᠠᠪᠠᠵᠥ ᠭᠦᠢᠴᠡᠬᠦ᠎ᠡᠴᠡ ᠤᠷᠢᠳᠴᠢᠯᠠᠨ ᠪᠠᠢᠷᠢᠯᠠᠭᠤᠯᠬᠤ ᠵᠠᠩᠭᠢᠯᠠᠭ᠎ᠠ᠎ᠶᠢᠨ ᠱᠠᠲᠤᠨ᠎ᠳᠤ ᠤᠷᠤᠵᠥ ᠪᠠᠢᠪᠠᠴᠤ᠂ ᠮᠥᠨ ᠯᠡ ᠦᠷ᠎ᠡ ᠪᠦᠲᠦᠭᠡᠯ᠎ᠦᠨ ᠤᠨᠳᠤᠤᠰᠢᠭᠤᠯᠤᠯᠳᠠ ᠰᠢᠯᠤᠭᠤᠨ ᠪᠢᠰᠢ᠂ ᠵᠠᠬ᠎ᠠ ᠳᠡᠯᠭᠡᠭᠦᠷ᠎ᠦᠨ ᠲᠠᠭᠠᠭᠤᠯᠭ᠎ᠠ ᠬᠦᠷᠬᠦ ᠦᠭᠡᠢ᠂ ᠡᠯᠧᠮᠧᠨ᠋ᠲ᠎ᠦᠨ ᠬᠠᠮᠵᠢᠯᠴᠠᠭ᠎ᠠ ᠬᠦᠷᠦᠯᠴᠡᠬᠦ ᠦᠭᠡᠢ ᠵᠡᠷᠭᠡ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠃ ᠲᠡᠭᠦᠨ᠎ᠦ ᠭᠣᠣᠯ ᠰᠢᠯᠭᠠᠯᠲᠠ ᠪᠣᠯ 《0 ᠡᠴᠡ 1 ᠬᠦᠷᠬᠦ》 ᠤᠤᠭᠠᠯ ᠡᠭᠦᠳᠦᠯᠲᠡ᠎ᠶᠢᠨ ᠰᠢᠪᠲᠤᠯᠤᠯᠲᠠ ᠂ 《1 ᠡᠴᠡ 10 ᠬᠦᠷᠬᠦ》 ᠢᠨᠵᠧᠨᠧᠷᠢᠩ᠎ᠦᠨ ᠴᠢᠨᠠᠷᠲᠠᠢ ᠶᠡᠬᠡᠰᠬᠡᠯᠲᠡ᠂ 《10 ᠡᠴᠡ 100 ᠬᠦᠷᠬᠦ》 ᠬᠡᠪᠴᠢᠶᠡᠵᠢᠭᠰᠡᠨ ᠬᠡᠷᠡᠭᠯᠡᠭᠡᠨ᠎ᠢ ᠦᠷᠭᠦᠯᠵᠢᠯᠡᠬᠦ ᠴᠢᠨᠠᠷᠲᠠᠢ ᠰᠢᠨ᠎ᠡ᠎ᠶᠢ ᠡᠭᠦᠳᠬᠦ ᠠᠮᠢ ᠠᠬᠤᠢ᠎ᠶᠢ ᠪᠦᠷᠢᠯᠳᠦᠭᠦᠯᠵᠦ᠂ ᠡᠭᠦᠨ᠎ᠦ ᠤᠯᠠᠮ᠎ᠢᠶᠠᠷ ᠬᠡᠷᠡᠭᠯᠡᠭᠡᠨ᠎ᠦ ᠠᠬᠤᠢ ᠲᠠᠯᠠᠪᠣᠷ᠎ᠢ ᠪᠠᠶᠠᠯᠢᠭ᠍ᠵᠢᠭᠤᠯᠵᠤ ᠳᠡᠶ᠋ᠢᠯᠬᠦ ᠡᠰᠡᠬᠦ᠎ᠳᠦ ᠪᠠᠢᠨ᠎ᠠ᠃
ᠡᠬᠢ ᠡᠭᠦᠰᠦᠯ᠎ᠡᠴᠡ ᠨᠢ ᠰᠢᠨ᠎ᠡ᠎ᠶᠢ ᠡᠭᠦᠳᠬᠦ ᠬᠢᠭᠡᠳ ᠤᠨᠳᠤᠤᠰᠢᠭᠤᠯᠬᠤ ᠬᠡᠯᠬᠢᠶ᠎ᠡ᠎ᠶᠢ ᠵᠣᠯᠭᠠᠭᠤᠯᠬᠤ ᠶᠢ ᠴᠢᠩᠭᠠᠳᠬᠠᠵᠤ᠂ ᠲᠤᠷᠰᠢᠯᠲᠠ᠎ᠶᠢᠨ ᠲᠠᠰᠤᠭ᠎ᠠᠴᠠ ᠦᠢᠯᠡᠳᠪᠦᠷᠢᠯᠡᠯ᠎ᠦᠨ ᠱᠤᠭᠤᠮ᠎ᠳᠤ ᠬᠦᠷᠲᠡᠯᠡᠬᠢ 《ᠵᠠᠩᠭᠢᠯᠠᠭ᠎ᠠ᠎ᠶᠢᠨ ᠨᠢᠭᠡ ᠦᠰᠦᠷᠦᠯᠲᠡ》 ᠵᠢ ᠪᠡᠶᠡᠯᠡᠬᠦᠯᠦᠨ᠎ᠡ᠃ ᠨᠤᠷᠠᠭᠠᠯᠲᠠ᠎ᠶᠢᠨ ᠴᠢᠨᠠᠷᠲᠠᠢ ᠮᠡᠷᠭᠡᠵᠢᠯ᠎ᠦᠨ ᠴᠢᠭᠯᠡᠯ᠎ᠢ ᠤᠷᠢᠳᠠᠴᠢ ᠴᠢᠨᠠᠷᠲᠠᠢ᠎ᠪᠠᠷ ᠰᠤᠳᠤᠯᠤᠨ ᠮᠠᠭᠠᠳᠯᠠᠵᠤ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ ᠵᠡᠷᠭᠡ ᠭᠣᠣᠯ ᠴᠣᠭᠴᠠ᠎ᠶᠢᠨ ᠮᠡᠷᠭᠡᠵᠢᠯ᠎ᠢ ᠠᠭᠤᠳᠠᠯᠤᠨ ᠢᠯᠭᠠᠨ ᠲᠠᠨᠢᠬᠤ ᠲᠣᠭᠲᠠᠴᠠ ᠵᠢ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠡᠬᠢ ᠡᠭᠦᠰᠦᠯ᠎ᠡᠴᠡ ᠨᠢ ᠬᠠᠩᠭᠠᠬᠤ᠎ᠶᠢ ᠪᠡᠬᠢᠵᠢᠭᠦᠯᠦᠨ᠎ᠡ᠃ ᠦᠷ᠎ᠡ ᠪᠦᠲᠦᠭᠡᠯ᠎ᠢ ᠤᠨᠳᠤᠤᠰᠢᠭᠤᠯᠬᠤ ᠵᠠᠭᠪᠤᠷ ᠤ᠋ᠨ ᠰᠢᠨ᠎ᠡ᠎ᠶᠢ ᠡᠭᠦᠳᠴᠦ᠂ ᠤᠬᠠᠭᠳᠠᠬᠤᠨ ᠢ ᠰᠢᠯᠭᠠᠨ ᠪᠠᠲᠤᠯᠠᠬᠤ᠂ ᠵᠠᠪᠰᠠᠷ᠎ᠤᠨ ᠲᠤᠷᠰᠢᠯᠲᠠ᠎ᠶᠢ ᠪᠣᠯᠪᠠᠰᠤᠷᠠᠩᠭᠤᠢ ᠪᠣᠯᠭᠠᠬᠤ᠂ ᠠᠵᠤ ᠦᠢᠯᠡᠰ᠎ᠢ ᠲᠦᠷᠭᠡᠳᠬᠡᠬᠦ ᠵᠡᠷᠭᠡ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠤᠷᠰᠢᠯᠲᠠ᠎ᠶᠢᠨ ᠲᠠᠰᠤᠭ ᠬᠢᠭᠡᠳ ᠦᠢᠯᠡᠳᠪᠦᠷᠢᠯᠡᠯ᠎ᠦᠨ ᠱᠤᠭᠤᠮ᠎ᠤᠨ ᠬᠣᠭᠣᠷᠣᠨᠳᠣᠬᠢ 《ᠳ᠋ᠠᠷᠸᠢᠨᠤ ᠲᠡᠯᠡᠶ 》 ᠵᠢ ᠨᠡᠢᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ 《ᠨᠣᠮ᠎ᠤᠨ ᠲᠠᠯᠪᠢᠭᠤᠷ》 ᠡᠴᠡ 《ᠪᠠᠷᠠᠭ᠎ᠠ ᠵᠢᠨ ᠲᠠᠯᠪᠢᠭᠤᠷ》 ᠬᠦᠷᠲᠡᠯᠡᠬᠢ 《ᠡᠴᠦᠰ᠎ᠦᠨ ᠨᠢᠭᠡ ᠺᠢᠯᠣᠮᠧᠲᠷ》 ᠢ᠋ ᠪᠡᠶᠡᠯᠡᠭᠦᠯᠦᠨ᠎ᠡ᠃ ᠠᠬᠤᠢ ᠲᠠᠯᠠᠪᠠᠢ ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠮᠡᠷᠭᠡᠵᠢᠯ᠎ᠢ ᠳᠠᠪᠲᠠᠨ ᠣᠷᠣᠯᠠᠭᠤᠯᠬᠤ 《ᠲᠤᠷᠰᠢᠯᠲᠠ ᠵᠢᠨ ᠳᠠᠷᠢᠶ᠎ᠠ 》 ᠵᠢ ᠡᠬᠦᠳᠤᠨ ᠴᠤᠬᠴᠠᠯᠠᠵᠥ᠂ ᠮᠡᠷᠭᠡᠵᠢᠯ᠎ᠦᠨ ᠰᠢᠪᠲᠤᠯᠤᠯᠲᠠ᠂ ᠠᠬᠤᠢ ᠳᠠᠯᠠᠪᠠᠢ ᠵᠢ ᠰᠢᠯᠭᠠᠨ ᠪᠠᠲᠤᠯᠠᠬᠤ᠂ ᠠᠵᠤ ᠦᠢᠯᠡᠰ᠎ᠦᠨ ᠬᠡᠷᠡᠭᠯᠡᠭᠡ᠎ᠶᠢ ᠵᠥᠪ ᠴᠢᠭᠯᠡᠯ᠎ᠢᠶᠡᠷ ᠤᠷᠴᠢᠬᠣ ᠵᠢ ᠪᠡᠶᠡᠯᠡᠬᠦᠯᠵᠦ᠂ ᠦᠨᠡᠨ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠪᠠᠷ ᠮᠡᠷᠭᠡᠵᠢᠯ᠎ᠢ ᠪᠣᠯᠪᠠᠰᠤᠷᠠᠩᠭᠤᠢ ᠪᠣᠯᠭᠠᠬᠤ᠎ᠵᠢ ᠭᠡᠳᠡᠷᠭᠦ ᠰᠢᠬᠠᠮᠳᠠᠭᠤᠯᠤᠨ᠎ᠠ᠃ ᠵᠢᠱ᠌ᠢᠶᠡᠯᠡᠪᠡᠯ ᠳ᠋ᠠᠢ ᠮᠧᠩ ᠮᠠᠰᠢᠨ ᠬᠥᠮᠥᠨ᠎ᠢ ᠰᠢᠶᠠᠩᠭᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ ᠨᠡᠪᠴᠢᠬᠦᠯᠵᠥ᠂ ᠱᠧᠨᠵᠧᠨ᠎ᠦ ᠪᠦᠷᠢᠨ ᠪᠦᠲᠦᠨ ᠬᠠᠩᠭᠠᠯᠭ᠎ᠠ᠎ᠶᠢᠨ ᠬᠡᠯᠬᠢᠶ᠎ᠡ᠎ᠶᠢᠨ ᠰᠢᠰᠲᠧᠮ᠎ᠳᠦ ᠲᠦᠰᠢᠭᠯᠡᠨ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠣᠯᠠᠨ ᠤᠯᠤᠰ᠎ᠤᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠲᠠᠢ ᠨᠢᠭ᠍ᠲᠠ ᠵᠤᠯᠭᠠᠭᠤᠯᠵᠥ᠂ 《 ᠵᠠᠩᠬᠢᠯᠠᠭ᠎ᠠ ᠵᠢᠨ ᠴᠢᠳᠠᠪᠣᠷᠢ》 ᠵᠢ ᠬᠦᠨᠵᠡᠬᠡᠢ ᠪᠦᠷᠢᠯᠳᠦᠬᠦᠯᠦᠭᠰᠡᠨ ᠪᠠᠢᠨ᠎ᠠ᠃
ᠠᠵᠤ ᠠᠬᠤᠢᠯᠠᠯ᠎ᠤᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠂ ᠠᠵᠤ ᠦᠢᠯᠡᠰ᠎ᠦᠨ ᠵᠣᠬᠢᠶᠠᠨ ᠪᠠᠶ᠋ᠢᠭᠤᠯᠬᠤ ᠴᠢᠳᠠᠪᠤᠷᠢ᠎ᠪᠠᠷ ᠠᠮᠢ ᠠᠬᠤᠢ᠎ᠶᠢᠨ ᠬᠥᠭᠵᠢᠯᠲᠡ᠎ᠶᠢ ᠳᠠᠢᠴᠢᠯᠠᠨ᠎ᠠ᠃ ᠪᠦᠲᠦᠮᠵᠢᠲᠡᠢ ᠵᠠᠬ᠎ᠠ ᠳᠡᠯᠭᠡᠭᠦᠷ ᠪᠠ ᠨᠠᠢᠳᠠᠪᠤᠷᠢᠳᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶᠢ ᠪᠠᠷᠢᠮᠲᠠᠯᠠᠵᠤ᠂ ᠰᠲ᠋ᠤᠺ ᠵᠢᠡᠨ ᠵᠠᠬ᠎ᠠ ᠳᠡᠯᠭᠡᠭᠦᠷ᠎ᠲᠦ ᠣᠷᠣᠭᠤᠯᠬᠤ ᠵᠥᠪᠰᠢᠶᠡᠷᠡᠯ᠎ᠦᠨ ᠳᠦᠷᠢᠮ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠵᠠᠬ᠎ᠠ ᠳᠡᠯᠬᠡᠬᠦᠷ ᠲᠤ᠌ ᠣᠷᠣᠬᠤ ᠵᠥᠪᠰᠢᠶᠡᠷᠡᠯ᠎ᠦᠨ ᠬᠢᠵᠠᠭᠠᠷᠯᠠᠯ᠎ᠢ ᠪᠠᠭᠠᠰᠬᠠᠵᠤ᠂ 《ᠲᠦᠷᠭᠡᠨ ᠵᠠᠮ》 ᠢ᠋ ᠰᠠᠢᠲᠤᠷ ᠳᠡᠪᠢᠰᠬᠦ ᠮᠥᠷᠲᠡᠭᠡᠨ 《 ᠵᠠᠮ ᠬᠠᠷᠢᠯᠴᠠᠭᠠᠨ᠎ᠤ ᠳ᠋ᠧᠩ》ᠢ᠋ᠴᠦ ᠰᠠᠢᠵᠢᠷᠠᠭᠤᠯᠬᠤ ᠬᠡᠷᠡᠭᠳᠡᠢ᠃ ᠳᠠᠭᠠᠭᠤᠯᠤᠭᠴᠢ ᠠᠵᠤ ᠠᠬᠤᠢᠯᠠᠯ᠎ᠤᠨ ᠲᠦᠷᠦᠭᠦᠴᠢ ᠭᠠᠯᠠᠭᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠡᠳᠡᠨ᠎ᠦ ᠨᠡᠭᠡᠭᠡᠯᠲᠡᠲᠤ ᠮᠠᠶᠢᠭ᠋᠎ᠤᠨ ᠲᠠᠪᠴᠠᠩ ᠪᠠᠶ᠋ᠢᠭᠤᠯᠬᠤ᠎ᠶᠢ ᠵᠣᠷᠢᠭ᠍ᠵᠢᠭᠤᠯᠤᠨ᠂ ᠳᠤᠮᠳᠠ ᠵᠢᠵᠢᠭ ᠠᠵᠤ ᠠᠬᠤᠢᠯᠠᠯ᠎ᠤᠨ ᠠᠮᠢ ᠠᠬᠤᠢ᠎ᠶᠢᠨ ᠴᠠᠭᠠᠷᠢᠭ᠋᠎ᠲᠤ ᠭᠦᠨᠵᠡᠭᠡᠢ ᠠᠭᠤᠰᠤᠯᠴᠠᠬᠤ᠎ᠶᠢ ᠳᠠᠶ᠋ᠢᠴᠢᠯᠠᠵᠤ᠂ ᠰᠦᠷᠦᠭ ᠭᠠᠯᠠᠭᠤ ᠵᠡᠷᠭᠡ᠎ᠪᠡᠷ ᠨᠢᠰᠬᠦ᠎ᠶᠢ ᠪᠡᠶᠡᠯᠡᠭᠦᠯᠦᠨ᠎ᠡ᠃ ᠵᠢᠱ᠌ᠢᠶᠡᠯᠡᠪᠡᠯ᠂ ᠠᠨᠾᠦ᠋ᠢ᠎ᠶᠢᠨ ᠾᠧᠹᠧᠢ᠎ᠶᠢᠨ ᠪᠥᠬᠥ ᠣᠷᠳᠣ᠌ ᠨᠢ 3.2 ᠺᠢᠯᠣᠮᠧᠲᠷ᠎ᠦᠨ 《ᠺᠸᠠᠨ᠋ᠲ᠎ᠤᠨ ᠳᠠᠷᠳᠠᠩ ᠵᠠᠮ》 ᠳ᠋ᠤ 30 ᠭᠠᠷᠤᠢ ᠳᠠᠭᠠᠭᠤᠯᠤᠭ᠍ᠴᠢ ᠠᠵᠤ ᠠᠬᠤᠢᠯᠠᠯ ᠴᠤᠭᠯᠠᠷᠠᠵᠤ᠂ ᠣᠳᠣᠬᠠᠨ᠎ᠳᠤ ᠵᠠᠭᠤ ᠭᠠᠷᠤᠢ ᠠᠵᠤ ᠠᠬᠤᠢᠯᠠᠯ᠎ᠢ ᠬᠠᠮᠤᠷᠤᠭᠰᠠᠨ ᠺᠸᠠᠨ᠋ᠲ᠎ᠤᠨ ᠠᠵᠤ ᠦᠢᠯᠡᠰ᠎ᠦᠨ ᠪᠦᠯᠦᠭᠵᠢᠯ᠎ᠢ ᠪᠦᠷᠢᠯᠳᠦᠭᠦᠯᠪᠡ᠃ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠬᠤ ᠲᠣᠭᠲᠠᠴᠠ᠎ᠶᠢ ᠪᠠᠢᠭᠤᠯᠵᠤ ᠂ ᠤᠷᠤᠯᠳᠤᠭᠠᠨ ᠵᠢᠡᠷ ᠦᠨᠡᠯᠡᠨ ᠰᠢᠯᠭᠠᠷᠠᠭᠤᠯᠬᠤ᠂ ᠲᠥᠷᠥᠯ ᠵᠦᠢᠯ ᠡᠯᠰᠡᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠨ ᠰᠢᠨ᠎ᠡ᠎ᠶᠢ ᠡᠭᠦᠳᠬᠦ ᠴᠢᠳᠠᠪᠤᠷᠢ᠎ᠪᠠᠷ ᠴᠢᠩᠭ᠎ᠠ᠂ ᠪᠤᠢᠵᠢᠯᠳᠠ ᠪᠡᠷ ᠰᠠᠢᠨ ᠲᠤᠰᠬᠠᠢ ᠨᠠᠷᠢᠯᠢᠭ ᠣᠨᠴᠠ ᠰᠢᠨ᠎ᠡ 《ᠠᠪᠤᠷᠭᠤ ᠬᠥᠮᠥᠨ》 ᠠᠵᠤ ᠠᠬᠤᠢᠯᠠᠯ᠎ᠢ ᠰᠣᠩᠭᠣᠨ ᠪᠣᠢᠵᠢᠭᠤᠯᠬᠤ ᠬᠡᠷᠡᠭᠲᠡᠢ᠃
ᠣᠯᠠᠨ ᠡᠰᠢᠲᠦ ᠡᠯᠧᠮᠧᠨ᠋ᠲ᠎ᠦᠨ ᠪᠠᠲᠤᠯᠠᠭ᠎ᠠ᠎ᠶᠢ ᠲᠡᠭᠦᠯᠳᠡᠷᠵᠢᠭᠦᠯᠵᠦ᠂ ᠬᠤᠯᠠ ᠵᠢᠨ ᠬᠠᠷᠠᠯᠳᠠ ᠲᠠᠢ ᠪᠡᠷ ᠬᠦᠯᠢᠴᠡᠩᠬᠦᠢ ᠬᠥᠷᠥᠩᠭᠡ ᠵᠢ ᠪᠣᠢᠵᠢᠭᠤᠯᠤᠨ᠎ᠠ᠃ ᠢᠷᠡᠭᠡᠳᠦᠢ᠎ᠶᠢᠨ ᠠᠵᠤ ᠦᠢᠯᠡᠰ᠎ᠦᠨ ᠣᠷᠣᠭᠤᠯᠤᠯᠲᠠ᠎ᠶᠢᠨ ᠦᠶᠡᠯᠡᠯ᠎ᠦᠨ ᠬᠤᠭᠤᠴᠠᠭ᠎ᠠ ᠣᠷᠳᠣ᠌ ᠪᠠᠢᠵᠤ᠂ ᠣᠬᠣᠷ ᠬᠤᠭᠤᠴᠠᠭᠠᠨ᠎ᠤ ᠠᠴᠢ ᠬᠠᠷᠢᠭᠤᠯᠲᠠ᠎ᠵᠢ ᠪᠤᠳᠤᠪᠠᠯ ᠦᠷᠭᠦᠯᠵᠢᠯᠡᠨ ᠰᠢᠨ᠎ᠡ᠎ᠶᠢ ᠡᠭᠦᠳᠬᠦ᠎ᠳᠦ ᠪᠡᠷᠬᠡ ᠪᠠᠢᠳᠠᠭ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠠᠰᠢᠭ᠋ ᠣᠯᠭᠣᠬᠤ ᠬᠢᠭᠡᠳ ᠲᠦᠭᠰᠢᠭᠦᠷᠢ᠎ᠳᠦ ᠨᠥᠬᠥᠪᠦᠷᠢᠯᠡᠬᠦ ᠲᠣᠭᠲᠠᠴᠠ᠎ᠪᠠᠷ ᠳᠠᠮᠵᠢᠨ᠂ ᠨᠡᠢᠭᠡᠮ᠎ᠦᠨ ᠪᠠᠲᠤᠯᠠᠭ᠎ᠠ᠂ ᠳᠠᠭᠠᠳᠬᠠᠯ ᠵᠡᠷᠭᠡ ᠤᠷᠲᠤ ᠬᠤᠭᠤᠴᠠᠭᠠᠨ ᠤ ᠬᠥᠷᠥᠩᠭᠡ᠎ᠶᠢ ᠲᠠᠲᠠᠨ ᠣᠷᠣᠭᠤᠯᠤᠨ᠎ᠠ᠃ 2025 ᠣᠨ᠎ᠤ 12 ᠰᠠᠷ᠎ᠠ᠎ᠳᠤ᠂ ᠤᠯᠤᠰ᠎ᠤᠨ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠬᠥᠲᠥᠯᠥᠨ ᠵᠢᠯᠤᠭᠣᠳᠬᠤ ᠰᠠᠭᠤᠷᠢ ᠮᠥᠩᠭᠥ ᠵᠢᠴᠢ ᠲᠡᠭᠦᠨ᠎ᠦ ᠳᠣᠣᠷ᠎ᠠ ᠪᠠᠢᠭᠤᠯᠤᠭᠰᠠᠨ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠤ ᠤᠷᠤᠨ ᠪᠦᠰᠡ ᠵᠢᠨ ᠰᠠᠭᠤᠷᠢ ᠮᠥᠩᠭᠥ ᠡᠴᠡ ᠠᠩᠬ᠎ᠠ ᠡᠭᠦᠳᠬᠦ ᠬᠤᠭᠤᠴᠠᠭᠠᠨ᠎ᠳᠠᠬᠢ ᠠᠵᠤ ᠠᠬᠤᠢᠯᠠᠯ᠎ᠢ ᠪᠡᠯᠡ ᠣᠷᠣᠭᠤᠯᠤᠯᠲᠠ᠎ᠶᠢᠨ ᠭᠣᠣᠯᠳᠠᠯᠭ᠎ᠠ ᠪᠣᠯᠭᠠᠵᠤ᠂ ᠬᠦᠯᠢᠴᠡᠩᠭᠦᠢ ᠬᠥᠷᠥᠩᠭᠡ᠎ᠪᠡᠷ ᠠᠵᠤ ᠠᠬᠤᠢᠯᠠᠯ᠎ᠳᠤ ᠪᠠᠷ᠎ᠠ ᠪᠣᠯᠵᠤ《ᠬᠣᠯᠠ ᠭᠦᠶᠦᠬᠦ》 ᠵᠢ ᠲᠣᠳᠣᠷᠬᠠᠢ ᠲᠣᠭᠲᠠᠭᠠᠪᠠ᠃ ᠳᠠᠭᠠᠭᠤᠯᠤᠬᠴᠢ ᠴᠢᠳᠠᠪᠤᠷᠢᠲᠠᠨ᠎ᠤ ᠭᠣᠣᠯᠯᠠᠭ᠍ᠴᠢ ᠬᠦᠴᠦᠨ᠎ᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠳᠤ ᠲᠦᠰᠢᠭᠯᠡᠨ ᠬᠠᠮᠵᠢᠯᠴᠠᠨ ᠬᠥᠮᠥᠨ᠎ᠢ ᠬᠥᠮᠥᠵᠢᠭᠦᠯᠵᠦ᠂ ᠴᠢᠳᠠᠪᠤᠷᠢ᠎ᠪᠠᠷ ᠤᠳᠤᠷᠢᠳᠤᠮᠵᠢ ᠪᠣᠯᠭᠠᠭᠰᠠᠨ ᠦᠨᠡᠯᠡᠯᠲᠡ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ 《ᠣᠷᠣᠭᠤᠯᠬᠤ ᠪᠣᠢᠵᠢᠭᠤᠯᠵᠤ ᠬᠡᠷᠡᠭᠯᠡᠬᠦ ᠦᠯᠡᠳᠡᠭᠡᠬᠦ 》 ᠪᠦᠬᠦ ᠬᠡᠯᠬᠢᠶᠡᠨ᠎ᠦ ᠠᠮᠢ ᠠᠬᠤᠢ᠎ᠶᠢ ᠪᠠᠢᠭᠤᠯᠤᠨ᠎ᠠ᠃ ᠲᠣᠭ᠎ᠠ ᠪᠠᠷᠢᠮᠲᠠ᠂ ᠪᠤᠳᠤᠯᠳᠠ ᠵᠢᠨ ᠬᠦᠴᠦᠨ᠂ ᠪᠠᠷᠢᠮᠵᠢᠶ᠎ᠠ ᠬᠢᠭᠡᠳ ᠠᠮᠤᠷ ᠲᠦᠪᠰᠢᠨ᠎ᠦ ᠵᠠᠰᠠᠯᠲᠠ ᠵᠡᠷᠭᠡ ᠣᠯᠠᠨ ᠨᠡᠶ᠋ᠢᠲᠡ᠎ᠶᠢᠨ ᠴᠢᠨᠠᠷᠲᠠᠢ ᠬᠦᠴᠦᠨ ᠵᠦᠢᠯ᠎ᠢ ᠲᠦᠷᠭᠡᠨ ᠨᠥᠬᠥᠪᠦᠷᠢᠯᠡᠵᠦ᠂ ᠲᠣᠭ᠎ᠠ ᠪᠠᠷᠢᠮᠲᠠ᠎ᠶᠢ ᠴᠢᠯᠦᠭᠡᠲᠡᠢ ᠪᠠᠢᠯᠭᠠᠵᠤ ᠬᠠᠮᠲᠤ ᠪᠠᠷ ᠡᠳ᠋ᠯᠡᠬᠦ ᠬᠢᠭᠡᠳ ᠲᠤᠰᠬᠠᠢ ᠬᠥᠮᠥᠷᠭᠡ᠎ᠶᠢᠨ ᠪᠠᠢᠭᠤᠯᠤᠯᠲᠠ᠎ᠶᠢ ᠲᠦᠷᠭᠡᠳᠬᠡᠨ᠂ ᠠᠵᠤ ᠦᠢᠯᠡᠰ᠎ᠦᠨ ᠥᠷᠭᠡᠳᠬᠡᠯ᠎ᠳᠦ ᠲᠣᠭᠲᠠᠭᠤᠨ ᠰᠠᠭᠤᠷᠢ ᠲᠦᠬᠦᠬᠡᠷᠦᠮᠵᠢ ᠪᠠ ᠳᠦᠷᠢᠮ᠎ᠦᠨ ᠲᠤᠯᠭᠠᠭᠤᠷᠢᠯᠠᠯ ᠬᠠᠩᠭᠠᠬᠤ ᠬᠡᠷᠡᠭᠳᠡᠢ᠃
— 《ᠠᠵᠤ ᠠᠬᠤᠢ ᠵᠢᠨ ᠡᠳᠦᠷ᠎ᠦᠨ ᠰᠤᠨᠢᠨ》 ᠡᠴᠡ