ᠬᠠᠮᠳᠤ ᠪᠡᠷ ᠵᠢᠡᠨ ᠬᠦᠴᠦᠯᠡᠪᠡᠯ ᠠᠮᠢ ᠠᠬᠤᠢ ᠵᠢᠨ ᠬᠠᠯᠬᠠᠪᠴᠢ ᠨᠡᠩ ᠪᠠᠳᠤᠵᠢᠨ᠎ᠠ
2026-04-20 10:02:38
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠷᠢ ᠰᠠᠭᠤᠷᠢ ᠣᠨᠴᠠᠭᠠᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ  ᠪᠠᠢᠴᠠᠭᠠᠬᠤ ᠬᠤᠷᠢᠶ᠎ᠠ  3 ᠵᠢᠯ᠎ᠦᠨ ᠬᠤᠭᠤᠴᠠᠭ᠎ᠠ᠎ᠲᠠᠶ 《ᠠᠮᠢ ᠠᠬᠤᠢ᠎ᠶ᠋ᠢᠨ ᠪᠠᠢᠴᠠᠭᠠᠬᠤ ᠠᠵᠢᠯ ᠤ᠋ᠨ  ᠭᠤᠷᠪᠠᠨ ᠶᠡᠬᠡ ᠬᠠᠮᠵᠢᠯᠴᠠᠭ᠎ᠠ》 ᠵᠢ ᠥᠷᠨᠢᠭᠦᠯᠵᠦ᠍᠂ ᠤᠢ ᠱᠢᠭᠤᠢ᠂ ᠭᠣᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ᠎ᠢᠶᠡᠷ ᠭᠣᠣᠯ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠠᠤᠯᠢ ᠪᠡᠷ ᠵᠠᠰᠠᠬᠤ ᠬᠦᠴᠦᠨ᠎ᠢᠶᠡᠷ ᠦᠪᠦᠷ ᠮᠤᠩᠭᠤᠯ ᠤ᠋ᠨ ᠠᠮᠢ ᠠᠬᠤᠢ ᠵᠢᠨ ᠪᠠᠢᠭᠤᠯᠤᠯᠳᠠ᠎ᠳᠦ ᠬᠦᠴᠦᠨ ᠨᠡᠮᠡᠷᠢᠯᠡᠪᠡ᠃

《ᠭᠤᠷᠪᠠᠨ ᠶᠡᠬᠡ ᠬᠠᠮᠵᠢᠯᠴᠠᠭ᠎ᠠ》 ᠪᠡᠷ ᠤᠨᠢᠨ ᠳᠡᠭᠡᠷ᠎ᠡ ᠨᠢ ᠬᠦᠴᠦᠯᠡᠵᠦ᠍᠂ ᠬᠠᠷᠠᠯᠲᠠ᠎ᠲᠠᠶ᠎ᠪᠠᠷ ᠵᠠᠰᠠᠯᠲᠠ ᠬᠢᠪᠡ᠃ ᠠᠭᠤᠯᠠᠨ ᠰᠢᠭᠤᠢ ᠵᠢᠨ  ᠬᠠᠮᠠᠭᠠᠯᠠᠯᠲᠠ ᠨᠢ ᠶᠡᠬᠡ ᠬᠢᠩᠭᠠᠨ ᠳᠠᠪᠠᠭ᠎ᠠ ᠬᠢᠬᠡᠳ 《ᠤᠮᠠᠷᠠᠳᠤ ᠵᠢᠨ ᠭᠤᠷᠪᠠᠨ ᠤᠷᠤᠨ》 ᠤ᠋ ᠬᠠᠯᠬᠠᠪᠴᠢ ᠤᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠢᠭᠤᠢᠳᠦ ᠤᠷᠤᠨ᠎ᠢ ᠰᠡᠷᠭᠦᠭᠡᠵᠦ᠍᠂ ᠨᠡᠢᠳᠡ ᠵᠢᠨ ᠠᠰᠠᠷᠠᠮᠵᠢ ᠵᠢᠨ ᠬᠠᠮᠠᠭᠠᠯᠠᠯᠳᠠ ᠵᠢᠨ ᠬᠡᠷᠡᠭ ᠎ᠢ ᠰᠠᠢᠳᠤᠷ ᠰᠢᠢᠳᠪᠦᠷᠢᠯᠡᠵᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ ᠰᠤᠷᠪᠤᠯᠵᠢ ᠵᠢᠨ ᠠᠮᠢ ᠠᠬᠤᠢ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ; ᠭᠤᠤᠯ ᠮᠥᠷᠡᠨ ᠨᠠᠭᠤᠷ ᠪᠦᠷᠢᠳᠦ ᠵᠢᠨ ᠬᠠᠮᠠᠭᠠᠯᠠᠯᠲᠠ᠎ᠨᠢ ᠬᠠᠲᠤᠨ ᠭᠤᠤᠯ ᠬᠢᠭᠡᠳ 《ᠬᠦᠯᠦᠨ ᠨᠠᠭᠤᠷ ᠤᠯᠠᠭᠠᠠᠰᠤᠬᠠᠢ ᠲᠠᠭ᠎ᠠ ᠵᠢᠨ ᠨᠠᠭᠤᠷ》᠎ᠢ᠋ ᠨᠢᠭ᠍ᠲᠠ ᠠᠩᠬᠠᠷᠴᠤ᠌᠂ ᠪᠣᠬᠢᠷᠲᠤᠭ᠍ᠰᠠᠨ ᠤᠰᠤᠨ ᠣᠷᠣᠨ᠎ᠢ ᠴᠡᠪᠡᠷᠯᠡᠵᠦ᠍᠂ ᠤᠰᠤᠨ᠎ᠤ ᠡᠬᠢ ᠪᠠᠶᠠᠯᠢᠭ᠎ᠤᠨ ᠠᠮᠤᠷ ᠲᠦᠪᠱᠢᠨ᠎ᠢ ᠪᠦᠳᠦᠮᠵᠢᠳᠡᠢ ᠬᠠᠮᠠᠭᠠᠯᠠᠪᠠ; ᠨᠤᠲᠤᠭ ᠪᠡᠯᠴᠢᠭᠡᠷ᠎ᠦᠨ ᠬᠠᠮᠠᠭᠠᠯᠠᠯᠲᠠ ᠨᠢ ᠬᠥᠯᠥᠨ ᠪᠣᠢᠷ᠂ ᠱᠢᠯᠢ᠎ᠶ᠋ᠢᠨ ᠭᠤᠤᠯ᠎ᠤᠨ ᠬᠣᠶᠠᠷ ᠶᠡᠬᠡ ᠲᠠᠯ᠎ᠠ ᠨᠤᠲᠤᠭ᠎ᠲᠦ ᠰᠠᠭᠤᠷᠢᠯᠠᠵᠤ᠂ ᠨᠤᠲᠤᠭ ᠪᠡᠯᠴᠢᠭᠡᠷ᠎ᠢ ᠬᠠᠮᠠᠭᠠᠯᠠᠵᠤ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠬᠦᠴᠦᠨ ᠨᠡᠮᠡᠷᠢᠯᠡᠪᠡ᠃

《ᠭᠤᠷᠪᠠᠨ ᠶᠡᠬᠡ ᠬᠠᠮᠵᠢᠯᠴᠠᠭ᠎ᠠ》 ᠨᠢ ᠭᠠᠵᠠᠷ ᠣᠷᠣᠨ᠎ᠤ ᠪᠡᠬᠢᠯᠡᠯᠲᠡ᠂ ᠰᠠᠯᠠᠭ᠎ᠠ ᠮᠥᠴᠢᠷ᠎ᠦᠨ ᠵᠠᠭᠠᠭ᠎ᠢ ᠡᠪᠳᠡᠵᠦ᠍᠂ 《ᠳᠥᠷᠪᠡᠨ ᠶᠡᠬᠡ ᠪᠠᠢᠴᠠᠭᠠᠬᠤ ᠠᠵᠢᠯ》 ᠎ᠵᠢᠡᠷ ᠬᠠᠮᠵᠢᠯᠴᠠᠨ ᠬᠦᠴᠦᠯᠡᠵᠦ᠍᠂ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠡᠷᠡᠴᠢᠯᠡᠯᠳᠡ ᠰᠤᠨᠤᠰᠬᠤ ᠠᠵᠢᠯ ᠎ᠢ ᠢᠳᠡᠪᠬᠢᠳᠡᠢ ᠦᠷᠨᠢᠬᠦᠯᠦᠨ᠂ ᠬᠠᠤᠯᠢ ᠴᠠᠭᠠᠵᠠ᠎ᠪᠠᠷ ᠨᠣᠭᠣᠭᠠᠷᠠᠭᠤᠯᠤᠯᠲᠠ᠎ᠶ᠋ᠢ ᠬᠠᠮᠠᠭᠠᠯᠠᠬᠤ᠂ ᠬᠠᠮᠵᠢᠯᠴᠠᠨ ᠨᠣᠭᠣᠭᠠᠷᠠᠭᠤᠯᠤᠯᠲᠠ᠎ᠶ᠋ᠢ ᠵᠠᠰᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠪᠡ᠃ ᠡᠨᠡ ᠨᠢ ᠠᠮᠢ ᠠᠬᠤᠢ᠎ᠶ᠋ᠢᠨ ᠬᠠᠮᠠᠭᠠᠯᠠᠯᠳᠠ ᠵᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠬᠤ ᠪᠥᠭᠡᠳ ᠪᠠᠰᠠ ᠴᠤ᠌ 《ᠤᠯᠤᠰ᠎ᠤᠨ ᠶᠡᠬᠡ ᠶᠠᠪᠤᠳᠠᠯ》 ᠢ᠋ ᠨᠠᠢᠳᠠᠪᠤᠷᠢᠵᠢᠭᠤᠯᠬᠤ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃

ᠠᠮᠢ ᠠᠬᠤᠢ᠎ᠶ᠋ᠢᠨ ᠬᠠᠮᠠᠭᠠᠯᠠᠯᠲᠠ ᠨᠢ ᠨᠢᠭᠡ ᠯᠡ ᠡᠳᠦᠷ᠎ᠦᠨ ᠴᠢᠷᠮᠠᠢᠯᠭ᠎ᠠ᠎ᠳᠦ ᠪᠠᠢᠬᠤ ᠪᠢᠰᠢ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠦᠷᠭᠦᠯᠵᠢᠯᠡᠨ ᠬᠦᠴᠦᠯᠡᠵᠦ᠍᠂ ᠬᠠᠤᠯᠢ ᠪᠡᠷ ᠵᠠᠰᠡᠬᠤ ᠬᠦᠴᠦᠨ ᠵᠢᠡᠷ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠲᠣᠣᠷ᠎ᠢ ᠨᠢᠭ᠍ᠲᠠ ᠰᠦᠯᠵᠢᠪᠡᠯ ᠰᠠᠶᠢ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠨᠡᠩ ᠪᠠᠲᠤ ᠴᠣᠭ᠍ᠴᠠᠯᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号