ᠣᠶᠤᠨᠳᠦ ᠲᠥᠬᠦᠭᠡᠷᠦᠮᠵᠢ᠎ᠶᠢ 《ᠦᠵᠡᠮᠦᠷᠢ》 ᠵᠢᠨ ᠲᠡᠳᠦᠢ ᠪᠣᠯᠭᠠᠵᠦ ᠪᠣᠯᠬᠣ ᠦᠬᠡᠢ
2026-04-20 17:07:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠳᠣᠬᠠᠨ᠎ᠳᠦ ᠣᠯᠠᠨ ᠭᠠᠵᠠᠷ᠎ᠤᠨ ᠬᠢᠨ ᠠᠮᠢᠳᠤᠷᠠᠯ᠎ᠤᠨ ᠬᠣᠭ ᠨᠣᠪᠰᠢ᠎ᠶᠢ ᠲᠥᠷᠥᠯ ᠬᠤᠪᠢᠶᠠᠬᠤ ᠲᠦᠬᠦᠬᠡᠷᠦᠮᠵᠢ ᠵᠢ ᠥᠭᠡᠷᠡᠴᠢᠯᠡᠬᠦ ᠠᠵᠢᠯ ᠎ᠢ ᠦᠷᠭᠦᠯᠵᠢᠯᠡᠨ ᠥᠷᠨᠢᠭᠦᠯᠵᠦ᠂ ᠵᠠᠰᠠᠭ᠎ᠤᠨ ᠣᠷᠳᠣᠨ ᠬᠤᠳᠠᠯᠳᠤᠨ ᠠᠪᠴᠤ ᠰᠠᠭᠤᠭᠠᠯᠢ ᠠᠷᠠᠳ᠎ᠤᠨ ᠲᠣᠭᠣᠷᠢᠭ᠋ ᠪᠠ ᠣᠯᠠᠨ ᠨᠡᠶ᠋ᠢᠲᠡ᠎ᠶᠢᠨ ᠲᠤᠭᠤᠷᠢᠭ᠎ᠲᠦ  ᠬᠣᠭ ᠨᠣᠪᠰᠢ᠎ᠶᠢ ᠲᠥᠷᠥᠯ ᠬᠤᠪᠢᠶᠠᠬᠤ ᠣᠶᠤᠨᠳᠦ ᠰᠠᠪᠠ ᠵᠢ ᠲᠠᠰ ᠳᠡᠪᠰᠢᠭᠦᠯᠬᠦ᠎ᠪᠡᠷ ᠳᠠᠮᠵᠢᠨ ᠡᠷᠡᠭᠦᠯ ᠬᠠᠮᠠᠭᠠᠯᠠᠯ᠎ᠤᠨ ᠪᠠᠢᠳᠠᠯ᠂ ᠬᠤᠭ᠎ᠦᠨ ᠰᠠᠪᠠ ᠵᠢᠨ ᠭᠠᠳᠠᠷ ᠲᠠᠯ᠎ᠠ ᠨᠢ ᠴᠡᠪᠡᠷᠭᠡᠨ ᠪᠠᠢᠬᠣ ᠵᠢᠴᠢ ᠬᠣᠭ ᠬᠠᠶᠠᠬᠤ᠎ᠳᠦ ᠲᠦᠬᠦᠮ ᠪᠠᠢᠬᠣ ᠵᠡᠷᠭᠡ ᠵᠢ ᠨᠡᠢᠳᠡᠮ᠎ᠪᠦᠷᠬᠦᠬᠦᠯᠪᠡ᠃

ᠭᠡᠲᠡᠯ᠎ᠡ ᠣᠢᠷ᠎ᠠ ᠎ᠶᠢᠨ ᠬᠤᠭᠤᠴᠠᠭᠠᠨ ᠎ᠳᠤ ᠵᠠᠷᠢᠮ ᠪᠠᠢᠴᠠᠭᠠᠯᠲᠠ ᠎ᠳᠤ ᠢᠯᠡᠷᠡᠭᠦᠯᠦᠭᠰᠡᠨ᠎ᠢᠶᠡᠷ᠂ ᠬᠡᠰᠡᠭ ᠣᠯᠠᠨ ᠨᠡᠶ᠋ᠢᠲᠡ ᠎ᠶᠢᠨ ᠣᠶᠤᠨᠳᠦ ᠬᠣᠭ᠎ᠦᠨ ᠰᠠᠪᠠ ᠵᠢᠨ ᠴᠢᠳᠠᠮᠵᠢ ᠨᠢ ᠦᠢᠯᠡᠳᠦᠯ᠎ᠢᠶᠡᠨ ᠠᠯᠳᠠᠭᠰᠠᠨ᠂ ᠬᠡᠷᠡᠭᠯᠡᠬᠦ᠎ᠳᠦ ᠶᠠᠷᠰᠢᠭ᠋ ᠲᠦᠪᠡᠭᠲᠡᠢ᠂ ᠦᠨ᠎ᠡ ᠬᠠᠩᠰᠢ ᠨᠢ ᠥᠨᠳᠥᠷ᠂ ᠵᠠᠰᠠᠬᠣ ᠬᠠᠮᠠᠭᠠᠯᠠᠬᠣ ᠲᠠᠯ᠎ᠠ ᠪᠡᠷ ᠲᠣᠳᠠᠭᠣᠳᠠᠯ ᠲᠠᠢ ᠪᠠᠢᠬᠣ ᠵᠡᠷᠭᠡ ᠠᠰᠠᠭᠤᠳᠠᠯ ᠣᠷᠣᠰᠢᠵᠤ ᠪᠠᠢᠨ᠎ᠠ᠃ ᠡᠳᠡᠭᠡᠷ ᠠᠰᠠᠭᠣᠳᠠᠯ ᠨᠢ ᠰᠠᠭᠤᠭᠠᠯᠢ ᠠᠷᠠᠳ᠎ᠤᠨ ᠬᠣᠭ ᠨᠣᠪᠰᠢ᠎ᠶᠢ ᠲᠥᠷᠥᠯ ᠬᠤᠪᠢᠶᠠᠨ ᠬᠠᠶᠠᠬᠣ ᠵᠢ ᠨᠥᠯᠥᠭᠡᠯᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠪᠦᠷᠢᠯᠭᠡᠨ ᠰᠦᠢᠳᠬᠡᠵᠦ ᠪᠠᠢᠬᠤ ᠰᠡᠵᠢᠭ᠎ᠲᠠᠢ ᠪᠠᠢᠨ᠎ᠠ᠃ ᠴᠥᠭᠡᠨ ᠪᠤᠰᠤ ᠭᠠᠵᠠᠷ ᠎ᠤᠨ ᠣᠶᠤᠨᠲᠤ ᠦᠢᠯᠡᠴᠢᠯᠡᠭᠡᠨ᠎ᠦ ᠲᠥᠬᠦᠭᠡᠷᠦᠮᠵᠢ ᠨᠢ 《ᠣᠶᠤᠨᠲᠤ ᠡᠭᠦᠳᠡᠨ ᠪᠣᠱᠣᠭ᠎ᠠ》 ᠂ 《ᠣᠶᠤᠨᠲᠤ ᠪᠠᠢᠷᠢᠯᠠᠭᠤᠯᠤᠯᠳᠠ》 ᠲᠡᠳᠦᠢ ᠪᠣᠯᠣᠭᠠᠳ ᠰᠠᠭᠤᠭᠠᠯᠢ ᠠᠷᠠᠳ ᠮᠦᠨ ᠯᠡ ᠡᠩ ᠎ᠦᠨ ᠬᠣᠭ᠎ᠦᠨ ᠰᠠᠪᠠ ᠪᠠᠨ ᠬᠡᠷᠡᠭᠯᠡᠬᠦ ᠪᠣᠶᠣ ᠡᠰᠡᠬᠦᠯ᠎ᠡ ᠬᠣᠭ ᠨᠣᠪᠰᠢ ᠪᠡᠨ ᠣᠶᠣᠨᠳᠣ ᠬᠣᠭ᠎ᠦᠨ ᠰᠠᠪᠠ ᠵᠢᠨ ᠭᠠᠳᠠᠨ᠎ᠠ ᠬᠠᠶᠠᠵᠦ ᠪᠠᠢᠬᠣ ᠦᠵᠡᠭᠳᠡᠯ ᠪᠣᠢ᠃

ᠴᠣᠬᠣᠮ᠎ᠳᠠᠭᠠᠨ ᠠᠷᠠᠳ᠎ᠲᠤ ᠲᠥᠬᠥᠮ ᠦᠵᠡᠭᠦᠯᠬᠦ ᠶᠣᠰᠣᠲᠠᠢ ᠣᠶᠤᠨᠲᠤ ᠬᠣᠭ ᠎ᠦᠨ ᠰᠠᠪᠠ  ᠨᠢ ᠶᠠᠭᠠᠬᠢᠭᠠᠳ ᠬᠣᠭ ᠨᠣᠪᠰᠢ ᠎ᠶᠢ ᠲᠥᠷᠥᠯ ᠬᠤᠪᠢᠶᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠴᠢᠳᠠᠭᠰᠠᠨ ᠦᠭᠡᠢ ᠮᠥᠷᠲᠡᠭᠡᠨ ᠭᠡᠳᠡᠷᠭᠦ᠎ᠪᠡᠨ 《ᠣᠶᠤᠨᠲᠤ ᠬᠣᠭ ᠨᠣᠪᠰᠢ》 ᠪᠣᠯᠴᠢᠬᠠᠬᠰᠠᠨ ᠪᠣᠶ ?

ᠣᠶᠤᠨᠲᠤ ᠬᠣᠭ᠎ᠦᠨ ᠰᠠᠪᠠ ᠵᠢ ᠤᠭᠰᠠᠷᠠᠬᠰᠠᠨ᠎ᠦ ᠲᠠᠷᠠᠭ᠎ᠠ 《ᠴᠢᠳᠠᠮᠵᠢ ᠪᠠᠨ ᠠᠯᠳᠠᠵᠦ 》 ᠪᠠᠢᠨ᠎ᠠ᠃ ᠡᠭᠦᠨ ᠎ᠦ ᠰᠢᠯᠲᠠᠭᠠᠨ ᠨᠢ ᠵᠠᠷᠢᠮ ᠭᠠᠵᠠᠷ ᠣᠷᠣᠨ᠎ᠤ ᠬᠢᠨ ᠵᠠᠬ᠎ᠠ ᠳᠡᠯᠭᠡᠭᠦᠷ᠎ᠦᠨ ᠪᠠᠢᠴᠠᠭᠠᠨ ᠰᠤᠳᠤᠯᠤᠯᠲᠠ ᠪᠠ ᠤᠷᠢᠳ᠎ᠢᠶᠠᠷ ᠲᠤᠷᠰᠢᠯᠲᠠ ᠬᠢᠬᠦ ᠠᠵᠢᠯ᠎ᠢ ᠭᠦᠢᠴᠡᠳ ᠰᠠᠢᠲᠤᠷ ᠬᠢᠭᠰᠡᠨ ᠦᠭᠡᠢ᠂ ᠨᠢᠭᠡ ᠯᠡ ᠳᠡᠭᠡᠷ᠎ᠡ ᠵᠠᠷᠢᠮ 《ᠣᠶᠤᠨᠲᠤ》 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠰᠣᠬᠣᠷ ᠪᠠᠯᠠᠢ᠎ᠪᠠᠷ ᠪᠠᠢᠷᠢᠰᠢᠭᠤᠯᠵᠤ᠂ ᠳᠠᠷᠠᠭᠠᠴᠢ᠎ᠶᠢᠨ ᠡᠵᠡᠩᠨᠡᠯᠲᠡ ᠬᠠᠮᠠᠭᠠᠯᠠᠯᠲᠠ ᠨᠢ ᠳᠠᠭᠠᠵᠤ ᠠᠮᠵᠢᠬᠤ ᠡᠰᠡᠬᠦ᠂ ᠡᠬᠢ ᠪᠠᠶᠠᠯᠢᠭ᠋᠎ᠢ ᠪᠦᠷᠢᠯᠭᠡᠨ ᠰᠦᠢᠳᠬᠡᠬᠦ ᠡᠰᠡᠬᠦ ᠵᠡᠷᠭᠡ ᠠᠰᠠᠭᠤᠳᠠᠯ᠎ᠢ ᠪᠣᠳᠣᠯᠬᠢᠯᠠᠭᠰᠠᠨ ᠦᠭᠡᠢ᠎ᠡᠴᠡ ᠪᠣᠯᠵᠠᠢ᠃

ᠣᠶᠤᠨᠲᠤ ᠮᠡᠷᠭᠡᠵᠢᠯ᠎ᠢ ᠳᠡᠯᠭᠡᠷᠡᠭᠦᠯᠬᠦ ᠨᠢ ᠦᠨᠡᠨ᠎ᠳᠡᠭᠡᠨ ᠰᠠᠢᠨ ᠶᠠᠪᠤᠳᠠᠯ  ᠶᠣᠮ᠂ ᠬᠡᠪᠡᠴᠤ ᠪᠣᠳᠠᠳᠠᠢ ᠡᠴᠡ ᠰᠠᠯᠣᠩᠬᠢᠷᠠᠪᠠᠯ ᠦᠨ᠎ᠡ ᠦᠷᠳᠡᠭ ᠵᠢᠡᠨ ᠠᠯᠳᠠᠬᠣ ᠪᠣᠯᠣᠨ᠎ᠡ᠃ ᠤᠯᠠᠨ ᠨᠡᠶ᠋ᠢᠲᠡ᠎ᠶᠢᠨ ᠲᠥᠬᠦᠭᠡᠷᠦᠮᠵᠢ᠎ᠶᠢ ᠣᠶᠤᠨᠴᠢᠯᠠᠨ ᠲᠡᠰ ᠳᠡᠪᠰᠢᠭᠦᠯᠬᠦ᠎ᠶᠢᠨ ᠭᠣᠣᠯᠳᠠᠯᠭ᠎ᠠ ᠨᠢ ᠤᠯᠠᠨ ᠨᠡᠢᠳᠡ᠎ᠳᠦ ᠦᠢᠯᠡᠴᠢᠯᠡᠬᠦ᠎ᠡᠴᠡ ᠪᠢᠰᠢ ᠮᠡᠷᠭᠡᠵᠢᠯ᠎ᠢᠶᠡᠨ ᠭᠠᠢᠬᠠᠭᠤᠯᠬᠤ᠎ᠳᠤ ᠪᠠᠢᠬᠤ ᠪᠢᠰᠢ ᠶᠤᠮ᠃

ᠪᠠᠢᠴᠠᠭᠠᠯᠲᠠ᠎ᠳᠤ ᠢᠯᠡᠷᠡᠭᠦᠯᠦᠭᠰᠡᠨ᠎ᠢᠶᠡᠷ᠂ ᠤᠯᠤᠰ᠎ᠤᠨ ᠳᠣᠲᠣᠭᠠᠳᠤ᠎ᠳᠤ ᠢᠯᠡ ᠨᠡᠢᠲᠡᠯᠡᠭᠰᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠮᠡᠳᠡᠭᠡ ᠵᠠᠩᠭᠢ᠎ᠶᠢᠨ ᠳᠣᠲᠣᠷ᠎ᠠ᠂ ᠬᠣᠭ ᠨᠣᠪᠰᠢ᠎ᠶᠢ ᠲᠥᠷᠥᠯ ᠬᠤᠪᠢᠶᠠᠬᠤ ᠣᠶᠣᠨᠳᠣ ᠲᠥᠬᠦᠭᠡᠷᠦᠮᠵᠢ᠎ᠶᠢᠨ ᠬᠤᠳᠠᠯᠳᠤᠨ ᠠᠪᠬᠤ ᠦᠨ᠎ᠡ ᠬᠢᠮᠳᠠ ᠪᠤᠰᠤ ᠪᠠᠢᠵᠤ᠂ ᠲᠠᠩ ᠨᠢᠬᠡ ᠲᠦᠬᠦᠬᠡᠷᠦᠮᠵᠢ ᠵᠢᠨ ᠦᠨ᠎ᠡ ᠬᠠᠩᠰᠢ ᠨᠢ ᠬᠡᠳᠦᠨ ᠲᠦᠮᠡᠨ ᠲᠥᠭᠥᠷᠢᠭ ᠎ᠲᠦ ᠬᠦᠷᠴᠦ ᠂ ᠥᠨᠳᠥᠷ ᠲᠡᠭᠡᠨ 10 ᠲᠦᠮᠡᠨ ᠲᠥᠭᠥᠷᠢᠭ᠎ᠢ ᠳᠠᠪᠠᠵᠠᠢ᠃ 

《ᠨᠢᠭᠤᠷ ᠲᠠᠯ᠎ᠠ᠎ᠶᠢᠨ ᠢᠨᠵᠧᠨᠧᠷᠢᠩ》᠂ 《ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠎ᠢ ᠬᠦᠬᠡᠬᠡᠴᠡᠯᠳᠦᠵᠦ ᠪᠣᠯᠬᠣ ᠦᠬᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠥᠯᠦᠪᠵᠢᠭᠦᠯᠭᠡ ᠲᠣᠭᠲᠠᠭᠠᠬᠤ᠂ ᠲᠦᠷᠦᠯ ᠵᠦᠢᠯ ᠪᠠᠶ᠋ᠢᠭᠤᠯᠬᠤ᠎ᠳᠤ ᠴᠥᠮ ᠠᠷᠠᠳ ᠲᠦᠮᠡᠨ᠎ᠦ ᠵᠣᠭᠰᠣᠯᠲᠠ᠎ᠶᠢ ᠪᠠᠷᠢᠮᠲᠠᠯᠠᠵᠤ᠂ ᠠᠯᠢᠪᠠ ᠪᠦᠬᠦᠨ᠎ᠳᠦ ᠪᠣᠳᠠᠲᠠᠢ᠎ᠠᠴᠠ ᠡᠭᠦᠰᠬᠦ ᠬᠡᠷᠡᠭᠲᠡᠢ᠃ ᠠᠷᠠᠳᠴᠢᠯᠠᠯ᠎ᠢᠶᠠᠷ ᠨᠤᠲᠠᠯᠠᠬᠤ᠎ᠪᠠᠷ ᠳᠤᠲᠠᠮᠠᠭ ᠪᠠᠢᠵᠤ ᠪᠣᠯᠬᠤ ᠦᠭᠡᠢ᠂ ᠨᠡᠩ ᠴᠤ᠌《GDP ᠶ᠋ᠢ ᠯᠡ ᠡᠷᠬᠢᠮᠯᠡᠬᠦ ᠤᠨᠤᠯ》 ᠪᠠᠢᠵᠤ ᠪᠣᠯᠬᠤ ᠦᠭᠡᠢ᠂ ᠵᠠᠰᠠᠭ᠎ᠤᠨ ᠠᠵᠢᠯ᠎ᠤᠨ ᠠᠮᠵᠢᠯᠲᠠ᠎ᠶᠢ ᠬᠥᠭᠡᠭᠡᠴᠡᠯᠳᠦᠬᠦ᠎ᠶᠢᠨ ᠲᠥᠯᠥᠭᠡ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠵᠦ᠂ ᠠᠷᠠᠳ᠎ᠢ ᠵᠦᠳᠡᠭᠡᠵᠦ ᠡᠳ᠋᠎ᠢ ᠰᠦᠢᠳᠬᠡᠵᠦ ᠪᠣᠯᠬᠤ ᠦᠭᠡᠢ᠃

ᠡᠳ᠋᠎ᠦᠨ ᠵᠠᠰᠠᠭ᠎ᠤᠨ ᠣᠷᠣᠭᠤᠯᠤᠯᠲᠠ᠎ᠳᠤ ᠴᠤ᠌ ᠡᠷᠬᠡᠪᠰᠢ 《ᠲᠣᠳᠣᠷᠬᠠᠢ ᠲᠠᠩᠰᠠ ᠬᠠᠷ᠎ᠠ》 ᠶ᠋ᠢ ᠢᠯᠡ ᠨᠡᠢᠲᠡᠯᠡᠵᠦ᠂ ᠬᠤᠳᠠᠯᠳᠤᠨ ᠠᠪᠬᠤ ᠲᠥᠬᠦᠭᠡᠷᠦᠮᠵᠢ᠎ᠳᠦ ᠪᠣᠳᠠᠲᠤ ᠬᠡᠷᠡᠭᠯᠡᠭᠡᠨ᠎ᠦ ᠴᠢᠨᠠᠷᠲᠠᠢ ᠦᠨᠡᠯᠡᠯᠲᠡ ᠬᠢᠬᠦ ᠪᠠ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ ᠡᠳ᠋᠎ᠦᠨ ᠵᠠᠰᠠᠭ᠎ᠤᠨ ᠵᠠᠷᠤᠯᠭ᠎ᠠ ᠨᠢᠭᠡᠪᠦᠷᠢ᠎ᠶᠢ 《ᠵᠠᠩᠭᠢᠯᠠᠭ᠎ᠠ᠎ᠶᠢᠨ ᠭᠠᠵᠠᠷ᠎ᠲᠤ ᠵᠠᠷᠤᠴᠠᠭᠤᠯᠬᠤ》 ᠶ᠋ᠢ ᠦᠨᠡᠨ ᠬᠦ᠌ ᠪᠠᠲᠤᠯᠠᠬᠤ ᠬᠡᠷᠡᠭᠲᠡᠢ᠃ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠬᠦᠭᠡᠷᠦᠮᠵᠢ᠎ᠶᠢ ᠥᠭᠡᠷᠡᠴᠢᠯᠡᠨ ᠲᠡᠰ ᠳᠡᠪᠰᠢᠭᠦᠯᠬᠦ ᠠᠵᠢᠯ ᠳᠤᠮᠳᠠ᠂ ᠤᠯᠠᠨ ᠲᠦᠮᠡᠨ᠎ᠦ ᠰᠠᠨᠠᠯ᠎ᠢ ᠰᠣᠨᠣᠰᠴᠤ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠲᠠᠯᠠᠪᠠᠯ ᠰᠠᠶᠢ ᠤᠯᠠᠨ ᠲᠦᠮᠡᠨ᠎ᠳᠦ ᠨᠡᠩ ᠰᠠᠢᠲᠤᠷ ᠦᠢᠯᠡᠴᠢᠯᠡᠵᠦ ᠴᠢᠳᠠᠨ᠎ᠠ᠃

       

 — 《ᠳᠤᠮᠳᠠᠳᠤ ᠤᠯᠤᠰ᠎ᠤᠨ ᠠᠵᠤ ᠠᠬᠤᠢ᠎ᠶᠢᠨ ᠰᠦᠯᠵᠢᠶ᠎ᠡ》 ᠡᠴᠡ




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号