《ᠨᠢᠭᠤᠴᠠ᠎ᠶᠢ ᠬᠠᠮᠠᠭᠠᠯᠠᠨ᠎ᠠ》 ?
2026-04-20 17:08:13
ᠵᠣᠬᠢᠶᠠᠭ᠍ᠴᠢ᠄
ᠵᠢᠶᠠ ᠬ᠍ᠸ᠋
ᠣᠩᠱᠢᠭ᠍ᠰᠠᠨ ᠣᠳᠠᠭ᠎ᠠ᠄
★★★☆☆

ᠭᠠᠭᠴᠠ ᠳᠤᠰᠤᠯ ᠡᠮ ᠵᠢᠡᠷ ᠮᠣᠳᠣ ᠵᠢ ᠬᠤᠪᠠᠬᠠᠢᠷᠠᠭᠤᠯᠵᠦ ᠴᠢᠳᠠᠨ᠎ᠠ? ᠫᠸᠩ ᠫᠠᠢ ᠰᠣᠨᠢᠨ ᠮᠡᠳᠡᠭᠡᠨ᠎ᠦ ᠮᠡᠳᠡᠭᠡᠯᠡᠯ᠎ᠢ ᠦᠨᠳᠦᠰᠦᠯᠡᠪᠡᠯ᠂ ᠣᠢᠷ᠎ᠠ᠎ᠶᠢᠨ ᠬᠤᠭᠤᠴᠠᠭᠠᠨ᠎ᠳᠤ  ᠤᠯᠠᠨ ᠡᠯᠧᠺᠲᠷᠣᠨ ᠬᠤᠳᠠᠯᠳᠤᠭᠠᠨ᠎ᠤ ᠲᠠᠪᠴᠠᠩ ᠳᠡᠭᠡᠷ᠎ᠡ ᠮᠣᠳᠣ᠌ ᠠᠯᠠᠬᠤ ᠡᠮ ᠬᠤᠳᠠᠯᠳᠤᠵᠤ ᠪᠠᠢᠭ᠎ᠠ ᠬᠤᠳᠠᠯᠳᠤᠭᠠᠴᠢᠨ ᠭᠠᠷᠴᠤ᠂  ᠨᠢᠭᠡ ᠲᠤᠰᠤᠯ ᠡᠮ᠎ᠢᠶᠠᠷ ᠪᠦᠳᠦᠬᠦᠨ ᠮᠣᠳᠣ᠌᠎ᠶᠢ ᠬᠣᠣᠷᠳᠠᠭᠤᠯᠵᠤ ᠲᠡᠢᠯᠦᠨ᠎ᠡ᠂ 《ᠮᠣᠳᠣᠨ ᠦᠨᠳᠦᠰᠦ ᠢᠯᠵᠢᠷᠡᠭᠦᠯᠭᠦ ᠸᠠᠩ》 ᠵᠡᠷᠭᠡ ᠤᠬᠠᠭᠤᠯᠭ᠎ᠠ᠎ᠶᠢᠨ ᠦᠭᠡ ᠨᠢ ᠬᠥᠮᠥᠰ᠎ᠢ ᠰᠣᠴᠢᠭᠠᠮ᠎ᠠ ᠪᠠᠢᠯ᠎ᠠ᠃ ᠬᠡᠰᠡᠭ ᠬᠤᠳᠠᠯᠳᠤᠭᠠᠴᠢᠳ ᠬᠡᠷᠡᠭᠯᠡᠭᠴᠢᠳ᠎ᠢ ᠥᠳᠥᠭᠡᠨ《ᠰᠡᠮᠡᠭᠡᠷ ᠨᠢᠭᠡ ᠵᠡᠭᠦᠦ ᠲᠠᠷᠢᠬᠤ ᠨᠢ ᠮᠡᠳᠡᠭᠳᠡᠬᠦ ᠦᠭᠡᠢ ᠶᠤᠮ》᠂ 《ᠪᠦᠬᠦ ᠶᠠᠪᠤᠴᠠ᠎ᠳᠤ ᠨᠢᠭᠤᠴᠠ᠎ᠶᠢ ᠬᠠᠮᠠᠭᠠᠯᠠᠨ ᠪᠠᠷᠠᠭ᠎ᠠ ᠶᠠᠪᠤᠭᠤᠯᠤᠨ᠎ᠠ》 ᠭᠡᠵᠦ ᠠᠮᠠᠯᠠᠵᠠᠢ᠃

《ᠨᠢᠭᠡ ᠲᠣᠰᠣᠯ ᠡᠮ ᠵᠢᠡᠷ ᠬᠥᠭᠰᠢᠨ ᠮᠣᠳᠣ᠌ ᠵᠢ ᠦᠨᠳᠦᠰᠦ ᠪᠡᠷ ᠨᠢ ᠢᠯᠵᠢᠷᠡᠭᠦᠯᠵᠦ ᠲᠡᠢᠯᠦᠨ᠎ᠡ》 — ᠬᠣᠣᠷ ᠬᠥᠨᠥᠭᠡᠯ᠎ᠲᠠᠢ ᠪᠣᠳᠠᠰ᠎ᠤᠨ ᠤᠬᠠᠭᠤᠯᠭ᠎ᠠ ᠨᠢ ᠡᠢᠮᠦᠷᠬᠦᠦ ᠮᠠᠶᠢᠭ ᠵᠢᠡᠷ ᠨᠡᠢᠭᠡᠮ᠎ᠦᠨ ᠬᠠᠷᠢᠯᠴᠠᠭᠠᠨ᠎ᠤ ᠲᠠᠪᠴᠠᠩ ᠪᠣᠯᠣᠨ ᠡᠯᠧᠺᠲᠷᠣᠨ ᠬᠤᠳᠠᠯᠳᠤᠭᠠᠨ᠎ᠤ ᠲᠠᠪᠴᠠᠩ ᠳᠡᠭᠡᠷ᠎ᠡ ᠢᠯᠡᠷᠡᠵᠦ᠂ ᠬᠥᠮᠥᠰ᠎ᠢ ᠰᠠᠨᠠᠭᠠᠰᠢᠷᠠᠭᠣᠯᠪᠠ᠃ ᠲᠤᠰᠬᠠᠢ ᠮᠡᠷᠭᠡᠵᠢᠯᠲᠡᠨ᠎ᠦ ᠲᠠᠢᠯᠤᠮᠵᠢ᠎ᠶᠢ ᠦᠨᠳᠦᠰᠦᠯᠡᠪᠡᠯ᠂ ᠳᠡᠭᠡᠷ᠎ᠡ ᠳᠤᠷᠠᠳᠤᠭᠰᠠᠨ 《ᠮᠣᠳᠣ᠌ ᠠᠯᠠᠬᠤ ᠡᠮ》 ᠎ᠳᠤ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ᠎ᠶᠢ ᠪᠣᠬᠢᠷᠲᠤᠭᠤᠯᠬᠤ ᠬᠣᠣᠷᠲᠤ ᠪᠣᠳᠠᠰ ᠠᠭᠤᠯᠤᠭᠳᠠᠵᠤ ᠪᠠᠢᠬᠤ ᠪᠥᠭᠡᠳ ᠬᠣᠣᠷ ᠬᠥᠨᠥᠭᠡᠯ᠎ᠦᠨ ᠦᠷ᠎ᠡ ᠳ᠋ᠦᠩ ᠎ᠢ ᠬᠡᠯᠡᠬᠦ ᠵᠢᠨ ᠠᠷᠭ᠎ᠠ ᠦᠬᠡᠢ ᠶᠣᠮ᠃ ᠡᠢᠮᠦᠷᠬᠦᠦ ᠣᠷᠴᠢᠨ ᠲᠣᠭᠣᠷᠢᠨ ᠎ᠤ ᠠᠮᠤᠷ ᠲᠦᠪᠰᠢᠨ ᠪᠠ ᠣᠯᠠᠨ ᠨᠡᠶ᠋ᠢᠲᠡ᠎ᠶᠢᠨ ᠠᠮᠤᠷ ᠲᠦᠪᠰᠢᠨ᠎ᠳᠦ ᠬᠣᠣᠷ ᠬᠥᠨᠥᠭᠡᠯ᠎ᠲᠠᠢ ᠲᠠᠸᠠᠷ᠎ᠤᠨ ᠣᠷᠳᠣ᠌ ᠬᠤᠭᠤᠴᠠᠭ᠎ᠠ᠎ᠪᠠᠷ ᠰᠦᠯᠵᠢᠶᠡᠨ ᠲᠠᠪᠴᠠᠩ᠎ᠳᠤ ᠨᠢᠭᠤᠭᠳᠠᠵᠤ ᠪᠠᠢᠭ᠎ᠠ ᠨᠢ 《ᠨᠢᠭᠤᠴᠠ᠎ᠶᠢ ᠬᠠᠮᠠᠭᠠᠯᠠᠵᠤ ᠪᠠᠷᠠᠭ᠎ᠠ ᠶᠠᠪᠤᠭᠤᠯᠬᠤ》 ᠲᠠᠢ ᠬᠣᠯᠪᠣᠭ᠎ᠠ᠎ᠲᠠᠢ ᠪᠠᠢᠵᠤ ᠮᠡᠳᠡᠨ᠎ᠡ᠃ ᠡᠭᠦᠨ᠎ᠡᠴᠡ ᠡᠮᠦᠨ᠎ᠡ ᠬᠠᠮᠢᠶᠠᠷᠣᠯᠳᠠ ᠵᠢᠨ ᠲᠣᠣᠷᠠᠬᠢ ᠢᠷᠲᠦ ᠪᠠᠭᠠᠵᠢ᠂ ᠣᠯᠣᠰᠤᠨ ᠣᠬᠢ᠎ᠶᠢᠨ ᠲᠥᠷᠥᠯ᠎ᠦᠨ ᠡᠮ᠎ᠦᠨ ᠵᠦᠢᠯ ᠵᠡᠷᠭᠡ ᠨᠢ ᠴᠦ᠍ ᠦᠷᠭᠦᠯᠵᠢ 《ᠨᠢᠭᠤᠴᠠ᠎ᠶᠢ ᠬᠠᠮᠠᠭᠠᠯᠠᠨ ᠪᠠᠷᠠᠭ᠎ᠠ ᠶᠠᠪᠤᠭᠤᠯᠬᠤ》᠂ 《ᠲᠦᠷᠭᠡᠨ ᠬᠦᠷᠭᠡᠯᠲᠡ᠎ᠶᠢᠨ ᠬᠣᠭᠣᠰᠤᠨ ᠬᠠᠭᠤᠳᠠᠰᠤ》 ᠪᠠᠷ ᠬᠠᠯᠬᠠᠪᠴᠢ ᠪᠣᠯᠭᠠᠨ ᠬᠢᠨᠠᠯᠲᠠ ᠬᠠᠮᠢᠶᠠᠷᠤᠯᠲᠠ᠎ᠠᠴᠠ ᠵᠠᠢᠯᠠᠵᠤ ᠪᠠᠢᠪᠠ᠃ ᠡᠢᠮᠦᠷᠬᠦᠦ ᠠᠰᠠᠭᠤᠳᠠᠯ ᠦᠷᠭᠦᠯᠵᠢᠯᠡᠨ ᠣᠯᠠᠨ ᠭᠠᠷᠴᠤ ᠪᠠᠢᠭ᠎ᠠ᠎ᠶᠢᠨ ᠵᠠᠩᠭᠢᠯᠠᠭ᠎ᠠ ᠨᠢ ᠲᠠᠪᠴᠠᠩ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ ᠲᠠᠯ᠎ᠠ᠎ᠪᠠᠷ ᠳᠤᠲᠠᠭᠳᠠᠯ ᠣᠷᠣᠰᠢᠵᠦ ᠪᠠᠢᠬᠤ᠎ᠳᠤ ᠪᠣᠶ᠃ ᠲᠠᠪᠴᠠᠩ ᠨᠢ ᠪᠣᠷᠣᠯᠠᠭᠤᠯᠬᠤ᠎ᠶᠢ ᠴᠠᠭᠠᠵᠠᠯᠠᠵᠤ ᠬᠢᠵᠠᠭᠠᠷᠯᠠᠭᠰᠠᠨ ᠲᠠᠸᠠᠷ᠎ᠤᠨ ᠬᠥᠳᠡᠯᠦᠩᠭᠦᠢ ᠨᠠᠷᠢᠨ ᠬᠠᠭᠤᠳᠠᠰᠤ᠎ᠭᠠᠷᠭᠠᠵᠦ᠂ ᠲᠠᠸᠠᠷ᠎ᠵᠢᠡᠨ ᠬᠢᠨᠠᠨ ᠬᠠᠷᠭᠤᠭᠤᠯᠬᠤ ᠪᠠ ᠪᠥᠬᠥ ᠬᠡᠯᠬᠢᠶᠡᠰᠦ᠎ᠪᠡᠷ ᠲᠣᠭᠣᠷᠢᠨ ᠪᠠᠢᠴᠠᠭᠠᠬᠤ ᠎ᠶᠢ ᠴᠢᠩᠭᠠᠷᠠᠭᠤᠯᠤᠨ᠂ ᠲᠣᠭᠲᠠᠭᠠᠯ᠎ᠠᠴᠠ ᠵᠥᠷᠢᠴᠡᠭᠰᠡᠨ ᠦᠭᠡ ᠬᠡᠯᠡᠬᠦ ᠮᠡᠷᠭᠡᠵᠢᠯ᠎ᠳᠦ ᠮᠡᠷᠭᠡᠵᠢᠯ᠎ᠦᠨ ᠲᠠᠯ᠎ᠠ ᠪᠡᠷ ᠬᠠᠰᠢᠵᠦ ᠬᠤᠷᠢᠭᠯᠠᠵᠦ᠂《ᠨᠢᠭᠤᠴᠠ᠎ᠶᠢ ᠬᠠᠮᠠᠭᠠᠯᠠᠵᠤ ᠪᠠᠷᠠᠭ᠎ᠠ ᠶᠠᠪᠤᠭᠤᠯᠬᠤ》 ᠵᠢ ᠬᠠᠤᠯᠢ᠎ᠠᠴᠠ ᠵᠥᠷᠢᠴᠡᠵᠦ ᠠᠷᠠᠯᠵᠢᠶᠠᠯᠠᠬᠤ᠎ᠶᠢᠨ ᠰᠠᠭᠠᠳ ᠦᠭᠡᠢ ᠨᠡᠪᠲᠡᠷᠡᠬᠦ ᠵᠠᠮ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠃                   

      — 《ᠠᠵᠢᠯᠴᠢᠨ᠎ᠤ ᠡᠳᠦᠷ᠎ᠦᠨ ᠰᠣᠨᠢᠨ》 ᠡᠴᠡ



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号