ᠪᠡᠯᠭᠡ ᠲᠡᠮᠳᠡᠭ ᠤ᠋ᠨ ᠴᠢᠨᠠᠷᠲᠠᠢ ᠢᠨᠵᠧᠨᠧᠷᠢᠩ
2026-04-20 10:47:11
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

ᠡᠨᠡ ᠵᠢᠯ ᠦᠪᠦᠷ ᠮᠤᠩᠭᠤᠯ ᠡᠬᠢ ᠪᠠᠶᠠᠯᠢᠭ ᠤ᠋ᠨ ᠬᠦᠴᠦᠨ ᠵᠢᠡᠨ ᠲᠥᠪᠯᠡᠷᠡᠭᠦᠯᠵᠦ᠍᠂ ᠠᠮᠢ ᠠᠬᠤᠢ ᠵᠢᠨ ᠭᠣᠣᠯᠳᠠᠯᠭ᠎ᠠ᠎ᠲᠠᠶ ᠵᠠᠰᠠᠯᠳᠠ ᠵᠢᠨ ᠣᠷᠣᠨ ᠳ᠋ᠤ ᠨᠢᠭᠡ ᠪᠦᠯᠦᠭ ᠪᠡᠯᠭᠡ ᠲᠡᠮᠳᠡᠭ ᠤ᠋ᠨ ᠴᠢᠨᠠᠷᠲᠠᠢ ᠢᠨᠵᠧᠨᠧᠷᠢᠩ ᠢ᠋ ᠬᠡᠷᠡᠭ᠌ᠵᠢᠭᠦᠯᠵᠤ ᠡᠬᠢᠯᠡᠪᠠ᠃

ᠦᠪᠦᠷ ᠮᠤᠩᠭᠤᠯ ᠠᠮᠢ ᠠᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠤ᠂ ᠠᠯᠠᠱᠠ ᠠᠭᠤᠯᠠ ᠡᠴᠠ ᠮᠤᠨᠢ ᠠᠭᠤᠯᠠ ᠬᠦᠷᠬᠦ᠌ ᠬᠡᠰᠡᠭ ᠤ᠋ᠨ ᠬᠠᠳᠤᠨ ᠭᠣᠣᠯ ᠤ᠋ᠨ ᠡᠷᠭᠢ ᠳᠠᠭᠠᠤ 180 ᠺᠢᠯᠤᠮᠸᠲᠷ ᠤ᠋ᠨ ᠨᠡᠭᠦᠳᠡᠯ ᠡᠯᠡᠰᠦ ᠶ᠋ᠢ ᠵᠠᠰᠠᠬᠤ ᠶ᠋ᠢ ᠭᠣᠣᠯᠳᠠᠯᠭ᠎ᠠ᠎ᠲᠠᠶ ᠠᠬᠢᠭᠤᠯᠵᠤ᠂ ᠮᠤᠨᠢ ᠠᠭᠤᠯᠠ ᠶ᠋ᠢᠨ ᠡᠮᠦᠨ᠎ᠡ ᠬᠣᠷᠮᠣᠢ ᠶ᠋ᠢᠨ 175 ᠺᠢᠯᠤᠮᠸᠲᠷ ᠤ᠋ᠨ ᠰᠠᠯᠬᠢ ᠶ᠋ᠢ ᠬᠤᠷᠢᠭᠯᠠᠬᠤ ᠤᠢ ᠶ᠋ᠢᠨ ᠪᠦᠰᠡ ᠪᠠ ᠤᠯᠠᠭᠠᠨᠪᠤᠬ᠎ᠠ ᠵᠢᠨ ᠡᠯᠡᠰᠦᠨ ᠴᠦᠯ ᠤ᠋ᠨ ᠵᠠᠭᠤᠨ ᠲᠦᠮᠡᠨ ᠮᠦ᠍ ᠶ᠋ᠢᠨ ᠡᠯᠡᠰᠦ ᠡᠪᠡᠰᠦᠨ ᠤ᠋ ᠠᠵᠤ ᠦᠢᠯᠡᠰ ᠤ᠋ᠨ ᠪᠦᠰᠡ ᠶ᠋ᠢᠨ ᠪᠦᠳᠦᠭᠡᠨ ᠪᠠᠢᠭᠤᠯᠤᠯᠲᠠ ᠶ᠋ᠢ ᠬᠡᠷᠡᠭ᠌ᠵᠢᠭᠦᠯᠵᠦ᠍᠂ ᠬᠥᠪᠴᠢ ᠶ᠋ᠢᠨ ᠡᠯᠡᠰᠦᠨ ᠤ᠋ 《ᠲᠦᠷᠪᠡᠨ ᠰᠡᠷᠭᠡᠢᠯᠡᠯᠲᠡ ᠶ᠋ᠢᠨ ᠱᠤᠭᠤᠮ》 ᠢ᠋ ᠪᠡᠬᠢᠵᠢᠭᠦᠯᠦᠨ ᠥᠷᠭᠡᠳᠭᠡᠵᠦ᠍᠂ ᠮᠤᠤᠠᠤᠰᠤ ᠵᠢᠨ ᠡᠯᠡᠰᠦᠷᠬᠡᠭ ᠭᠠᠵᠠᠷ ᠎ᠤ᠋ᠨ ᠰᠥᠨᠥᠭᠡᠯᠳᠠ᠎ᠵᠢᠨ ᠳᠠᠢᠯᠠᠯᠳᠤᠭᠠᠨ ᠢ᠋ ᠲᠥᠪᠯᠡᠷᠡᠭᠦᠯᠦᠨ ᠰᠠᠢᠲᠤᠷ ᠬᠢᠵᠦ᠍᠂ ᠬᠠᠳᠤᠨ ᠭᠣᠣᠯ ᠤ᠋ᠨ ᠠᠮᠤᠷ ᠠᠮᠤᠭᠤᠯᠠᠩ ᠢ᠋ ᠡᠭᠦᠷᠢᠳᠡ ᠪᠠᠲᠤᠯᠠᠨ᠎ᠠ; ᠰᠥᠨᠥᠭᠡᠯᠲᠡ ᠶ᠋ᠢᠨ ᠳᠠᠢᠯᠠᠯᠳᠤᠭᠠᠨ ᠤ᠋ ᠲᠣᠭᠣᠷᠢᠭ᠎ᠲᠤ᠂ ᠨᠡᠭᠦᠳᠡᠯ ᠡᠯᠡᠰᠦ ᠪᠡᠭᠡᠵᠢᠩ᠎ᠳᠦ ᠤᠷᠤᠬᠤ ᠶ᠋ᠢ ᠬᠣᠷᠢᠭ᠍ᠯᠠᠨ᠂ ᠣᠶ ᠱᠢᠭᠤᠶ ᠶ᠋ᠢᠨ ᠪᠦᠷᠬᠦᠴᠡ ᠶ᠋ᠢᠨ ᠨᠣᠷᠮ᠎ᠠ ᠪᠠ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠶ᠋ᠢᠨ ᠬᠡᠮᠵᠢᠶ᠎ᠡ ᠶ᠋ᠢ ᠳᠡᠭᠡᠭ᠌ᠰᠢᠯᠡᠭᠦᠯᠦᠨ᠂ ᠳᠥᠷᠪᠡᠨ ᠬᠣᠱᠢᠭᠤ ᠬᠣᠲᠠ ᠶ᠋ᠢᠨ ᠨᠡᠭᠦᠳᠡᠯ ᠡᠯᠡᠰᠦᠷᠬᠡᠭ ᠭᠠᠵᠠᠷ ᠢ᠋ ᠪᠦᠬᠦᠨ ᠢ᠋ ᠤᠰᠠᠳᠭᠠᠬᠤ ᠶ᠋ᠢ ᠠᠬᠢᠭᠤᠯᠤᠨ᠎ᠠ᠃ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠶ᠋ᠢᠨ 36.3 ᠲᠦᠮᠡᠨ ᠮᠤ᠌ ᠶ᠋ᠢᠨ ᠵᠠᠰᠠᠯᠲᠠ ᠶ᠋ᠢᠨ ᠡᠭᠦᠷᠭᠡ ᠶ᠋ᠢ ᠪᠥᠬᠥ᠌ ᠲᠠᠯ᠎ᠠ ᠪᠠᠷ ᠪᠡᠶᠡᠯᠡᠭᠦᠯᠵᠦ᠍᠂ ᠥᠪᠥᠷ ᠮᠣᠩᠭᠣᠯ ᠯᠢᠶᠣᠤᠨᠢᠩ ᠤ᠋ᠨ ᠵᠠᠭᠠᠭ᠂ ᠥᠪᠥᠷ ᠮᠣᠩᠭᠣᠯ ᠾᠧᠪᠧᠶ ᠶ᠋ᠢᠨ ᠵᠠᠭᠠᠭ᠎ᠲᠠᠬᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠶ᠋ᠢ ᠬᠠᠮᠵᠢᠯᠴᠠᠨ ᠠᠬᠢᠭᠤᠯᠵᠤ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠨᠡᠭᠦᠳᠡᠯ ᠡᠯᠡᠰᠤᠨ ᠤ᠋ ᠠᠰᠠᠭᠤᠳᠠᠯ ᠢ᠋ ᠬᠦᠴᠦᠯᠡᠨ ᠰᠢᠢᠳᠪᠦᠷᠢᠯᠡᠨ᠎ᠡ; ᠬᠤᠷᠢᠭᠯᠠᠯᠲᠠ ᠵᠢᠨ ᠳᠠᠢᠯᠠᠯᠳᠤᠭᠠᠨ ᠤ᠋ ᠲᠣᠭᠣᠷᠢᠭ᠎ᠲᠤ᠂ ᠨᠡᠭᠦᠳᠡᠯ ᠡᠯᠡᠰᠦ᠎ᠵᠢᠨ ᠵᠡᠭᠦᠨᠰᠢ ᠰᠢᠯᠵᠢᠨ ᠡᠮᠦᠨᠡᠰᠢ ᠳᠦᠷᠢᠬᠦ ᠶ᠋ᠢ ᠬᠣᠷᠢᠭ᠍ᠯᠠᠵᠤ᠂ ᠠᠮᠢ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠪᠠᠳᠠᠶ ᠶ᠋ᠢᠨ ᠵᠢᠷᠠᠨ᠂ ᠲᠩᠷᠢ ᠡᠯᠡᠰᠦ ᠵᠢᠨ ᠬᠥᠪᠡᠭᠡ ᠵᠠᠬ᠎ᠠ ᠶ᠋ᠢ ᠡᠮᠵᠢᠶᠡᠷᠢᠯᠡᠬᠦ ᠢᠨᠵᠧᠨᠧᠷᠢᠩ ᠢ᠋ ᠪᠡᠬᠢᠵᠢᠭᠦᠯᠦᠨ ᠥᠷᠭᠡᠳᠭᠡᠵᠦ᠍᠂ ᠬᠣᠶᠠᠷ ᠶᠡᠬᠡ ᠡᠯᠡᠰᠦᠨ ᠴᠥᠯ ᠤ᠋ᠨ ᠨᠡᠢᠯᠡᠬᠦ ᠶ᠋ᠢ ᠦᠷᠭᠦᠯᠵᠢᠯᠡᠨ ᠬᠣᠷᠢᠭ᠍ᠯᠠᠵᠤ᠂ ᠡᠯᠡᠰᠦᠨ ᠴᠥᠯ ᠤ᠋ᠨ ᠾᠸᠰᠢ ᠵᠢᠨ ᠬᠣᠩᠭᠢᠯ ᠪᠠ ᠠᠯᠠᠱᠠ ᠠᠭᠤᠯᠠᠨ ᠤ᠋ ᠠᠮᠢ ᠠᠬᠤᠶ ᠶ᠋ᠢᠨ ᠬᠣᠩᠭᠢᠯ ᠳ᠋ᠤ ᠳᠦᠷᠢᠨ ᠣᠷᠣᠬᠤ ᠶ᠋ᠢ ᠬᠣᠷᠢᠭ᠍ᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号