9000 ᠭᠠᠷᠤᠢ ᠲᠦᠮᠡᠨ ᠮᠤ᠌ ᠨᠤᠲᠤᠭ ᠪᠡᠯᠴᠢᠭᠡᠷ
2026-04-20 10:49:03
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

2026 ᠤᠨ ᠳ᠋ᠤ ᠬᠦᠯᠦᠨ ᠪᠤᠢᠷ ᠬᠤᠲᠠ ᠵᠢᠨ 9329 ᠲᠦᠮᠡᠨ ᠮᠤ᠌ ᠮᠠᠯ ᠪᠡᠯᠴᠢᠭᠡᠷ ᠢ᠋ ᠲᠡᠩᠴᠡᠭᠦᠷᠢᠲᠡᠢ ᠪᠠᠢᠯᠭᠠᠬᠤ ᠤᠷᠤᠨ ᠳ᠋ᠡᠬᠢ ᠨᠤᠲᠤᠭ ᠪᠡᠯᠴᠢᠭᠡᠷ 4 ᠰᠠᠷ᠎ᠠ ᠵᠢᠨ 5 ᠤ᠋ ᠡᠳᠦᠷ ᠡᠴᠡ ᠡᠬᠢᠯᠡᠨ 45 ᠡᠳᠤᠷ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠤᠷᠤᠵᠤ᠂ ᠦᠩᠭᠡᠷᠡᠭᠰᠡᠨ ᠵᠢᠯ ᠡᠴᠡ 5 ᠡᠳᠦᠷ ᠤᠷᠢᠳᠴᠢᠯᠠᠪᠡ᠃ ᠡᠨᠡ ᠬᠦ᠌ ᠲᠤᠬᠢᠷᠠᠭᠤᠯᠤᠯᠲᠠ ᠨᠢ ᠲᠤᠬᠠᠢ ᠵᠢᠨ ᠭᠠᠵᠠᠷ ᠪᠡᠯᠴᠢᠭᠡᠷ ᠤ᠋ᠨ ᠠᠮᠢ ᠠᠬᠤᠢ ᠵᠢᠨ ᠬᠠᠮᠠᠭᠠᠯᠠᠯᠲᠠ ᠶ᠋ᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠵᠢᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠭᠦᠯᠬᠦ ᠶ᠋ᠢ ᠠᠬᠢᠭᠤᠯᠤᠭᠰᠠᠨ ᠴᠢᠬᠤᠯᠠ ᠠᠷᠭ᠎ᠠ ᠪᠠᠷᠢᠯ ᠪᠤᠯᠪᠠ᠃

ᠪᠡᠯᠴᠢᠭᠡᠷ ᠢ᠋ ᠠᠮᠠᠷᠠᠭᠤᠯᠬᠤ ᠬᠤᠭᠤᠴᠠᠭ᠎ᠠ ᠪᠤᠯ ᠡᠪᠡᠰᠤ ᠪᠡᠯᠴᠢᠭᠡᠷ ᠤ᠋ᠨ ᠨᠤᠭᠤᠭᠠᠷᠠᠬᠤ ᠬᠤᠭᠤᠴᠠᠭ᠎ᠠ᠂ ᠮᠦᠨ ᠴᠤ᠌ ᠨᠤᠲᠤᠭ ᠪᠡᠯᠴᠢᠭᠡᠷ ᠤ᠋ᠨ ᠬᠠᠮᠤᠭ ᠤ᠋ᠨ ᠬᠡᠪᠡᠷᠡᠭ ᠴᠠᠭ ᠦᠶ᠎ᠡ ᠪᠤᠯᠤᠨ᠎ᠠ᠃ ᠤᠢᠷ᠎ᠠ ᠵᠢᠨ ᠵᠢᠯ᠂ ᠬᠦᠯᠦᠨ ᠪᠤᠢᠷ ᠬᠤᠲᠠ ᠵᠢᠨ ᠪᠡᠯᠴᠢᠭᠡᠷᠯᠡᠬᠦᠯᠬᠦ ᠶ᠋ᠢ ᠴᠠᠭᠠᠵᠠᠯᠠᠬᠤ ᠪᠡᠯᠴᠢᠭᠡᠷ ᠢ᠋ ᠠᠮᠠᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠮᠠᠯᠴᠢᠳ 《ᠠᠯᠪᠠᠳᠠᠯᠭ᠎ᠠ ᠵᠢᠨ ᠴᠢᠨᠠᠷᠲᠠᠢ ᠪᠡᠯᠴᠢᠭᠡᠷᠯᠡᠬᠦᠯᠬᠦ ᠶ᠋ᠢ ᠴᠠᠭᠠᠵᠠᠯᠠᠬᠤ》 ᠡᠴᠡ 《ᠰᠠᠢᠨ ᠳᠤᠷ᠎ᠠ ᠡᠴᠡ ᠪᠡᠨ ᠪᠡᠯᠴᠢᠭᠡᠷ ᠢ᠋ ᠠᠮᠠᠷᠠᠭᠤᠯᠬᠤ》 ᠪᠤᠯᠵᠤ᠂ ᠲᠡᠵᠢᠭᠡᠯ ᠡᠪᠡᠰᠤ ᠶ᠋ᠢ ᠤᠷᠢᠳᠴᠢᠯᠡᠨ ᠨᠦᠭᠡᠴᠡᠯᠡᠵᠤ᠂ ᠲᠦᠷᠦ ᠵᠢᠨ ᠪᠤᠳᠤᠯᠭ᠎ᠠ ᠶ᠋ᠢ ᠰᠠᠢᠨ ᠳᠤᠷ᠎ᠠ ᠡᠴᠡ ᠪᠡᠨ ᠤᠬᠠᠭᠤᠯᠵᠤ᠂ ᠠᠮᠢ ᠠᠬᠤᠢ ᠶ᠋ᠢ ᠬᠠᠮᠠᠭᠠᠯᠠᠬᠤ ᠦᠵᠡᠯ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠨ᠂ ᠨᠤᠲᠤᠭ ᠪᠡᠯᠴᠢᠭᠡᠷ ᠤ᠋ᠨ ᠠᠮᠢ ᠠᠬᠤᠢ ᠰᠠᠢᠵᠢᠷᠠᠵᠤ ᠪᠠᠢᠭᠰᠠᠨ ᠡᠴᠡ ᠪᠡᠨ ᠮᠠᠯᠴᠢᠳ ᠤ᠋ᠨ ᠤᠷᠤᠯᠭ᠎ᠠ ᠨᠡᠮᠡᠭᠳᠡᠵᠤ ᠦᠷ᠎ᠠ ᠠᠰᠢᠭ ᠨᠡᠮᠡᠭᠳᠡᠬᠦ ᠲᠡᠢᠰᠢ ᠬᠤᠪᠢᠷᠠᠪᠠ᠃ 2026 ᠤᠨ ᠳ᠋ᠤ ᠬᠦᠯᠦᠨ ᠪᠤᠢᠷ ᠬᠤᠲᠠ᠎ᠵᠢᠨ ᠬᠢᠨ ᠮᠠᠯ ᠪᠡᠯᠴᠢᠭᠡᠷ᠎ᠢ ᠲᠡᠡᠭᠴᠡᠬᠦᠷᠢᠳᠠᠢ ᠪᠠᠢᠯᠭᠠᠬᠤ ᠪᠠ ᠪᠡᠯᠴᠢᠭᠡᠷᠯᠡᠬᠦᠯᠬᠦ᠎ᠵᠢ ᠴᠠᠭᠠᠵᠠᠯᠠᠬᠤ ᠪᠡᠯᠴᠢᠭᠡᠷ ᠢ᠋ ᠠᠮᠠᠷᠠᠭᠤᠯᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠬᠤᠰᠢᠭᠤ ᠬᠤᠲᠠ ᠪᠡᠯᠴᠢᠭᠡᠷ ᠢ᠋ ᠠᠮᠠᠷᠠᠭᠤᠯᠬᠤ ᠬᠡᠪᠴᠢᠶ᠎ᠡ ᠵᠢᠴᠢ ᠴᠠᠭ ᠬᠤᠭᠤᠴᠠᠭ᠎ᠠ ᠶ᠋ᠢ ᠨᠢᠭᠡᠨᠲᠡ ᠲᠤᠭᠲᠠᠭᠠᠵᠤ᠂ ᠲᠤᠭᠲᠠᠭᠠᠯ ᠡᠴᠡ ᠵᠦᠷᠢᠴᠡᠵᠤ ᠪᠡᠯᠴᠢᠭᠡᠷᠯᠡᠬᠦᠯᠦᠭᠰᠡᠨ ᠠᠵᠢᠯᠯᠠᠭ᠎ᠠ ᠳ᠋ᠤ ᠬᠠᠤᠯᠢ ᠶᠤᠰᠤ ᠪᠡᠷ ᠴᠢᠩᠭ᠎ᠠ ᠴᠤᠬᠢᠯᠳᠠ ᠦᠭᠴᠤ ᠰᠢᠢᠳᠭᠡᠨ᠎ᠡ᠃ ᠡᠭᠦᠨ ᠤ᠋ ᠬᠠᠮᠲᠤ᠂ ᠳᠦᠷᠪᠡᠳᠦᠭᠡᠷ ᠡᠭᠡᠯᠵᠢ ᠵᠢᠨ ᠨᠦᠬᠦᠪᠦᠷᠢ ᠪᠠ ᠱᠠᠩᠨᠠᠯ ᠤ᠋ᠨ ᠮᠦᠩᠭᠦ ᠶ᠋ᠢ ᠪᠡᠯᠡ ᠮᠦᠩᠭᠦ ᠵᠢᠴᠢ ᠬᠠᠤᠯᠢ ᠬᠡᠷᠡᠭᠵᠢᠭᠦᠯᠦᠭᠰᠡᠨ ᠪᠠᠢᠳᠠᠯ ᠲᠠᠢ ᠤᠶᠠᠯᠳᠤᠭᠤᠯᠤᠨ ᠲᠠᠷᠬᠠᠭᠠᠵᠤ᠂ 《ᠱᠠᠩᠨᠠᠵᠤ ᠲᠤᠷᠭᠠᠬᠤ ᠶ᠋ᠢ ᠬᠠᠮᠲᠤ ᠳ᠋ᠤᠨᠢ ᠬᠡᠷᠡᠭᠵᠢᠬᠦᠯᠬᠦ》 ᠶ᠋ᠢ ᠪᠡᠶᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号