2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ 9 ᠶᠡᠬᠡ ᠠᠭᠤᠯᠭ᠎ᠠ ᠪᠡᠷ ᠶᠠᠪᠤᠭᠳᠠᠨ᠎ᠠ
2026-04-20 17:09:22
ᠵᠣᠬᠢᠶᠠᠭ᠍ᠴᠢ᠄
​ ᠬᠦᠭᠵᠢᠯᠳᠦ
ᠣᠩᠱᠢᠭ᠍ᠰᠠᠨ ᠣᠳᠠᠭ᠎ᠠ᠄
★★★☆☆

ᠤᠷᠠᠯᠢᠭ ᠤ᠋ᠨ ᠦᠪᠡᠳᠡᠭ᠌ᠰᠢ ᠴᠤᠭᠯᠠᠭᠠᠨ᠂ ᠠᠷᠠᠳ ᠲᠦᠮᠡᠨ ᠤ᠋ ᠨᠢᠵᠢᠬᠢᠷ ᠪᠠᠶᠠᠷ ᠤᠳᠠᠯ ᠦᠬᠡᠢ ᠡᠬᠢᠯᠡᠬᠦ ᠪᠤᠯᠤᠯ᠎ᠠ᠃ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ 4 ᠰᠠᠷ᠎ᠠ ᠶ᠋ᠢᠨ 17 ᠤ᠋ ᠡᠳᠦᠷ ᠬᠤᠷᠠᠯᠳᠤᠭᠤᠯᠤᠭᠰᠠᠨ ᠰᠤᠨᠢᠨ ᠮᠡᠳᠡᠬᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠢ᠋ᠶ᠋ᠡᠷ᠂ 2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ 4 ᠰᠠᠷ᠎ᠠ ᠶ᠋ᠢᠨ 21 ᠤ᠋ ᠡᠳᠦᠷ ᠡᠬᠢᠯᠡᠵᠦ᠍᠂ ᠨᠡᠢᠳᠡ 9 ᠶᠡᠬᠡ ᠠᠭᠤᠯᠭ᠎ᠠ ᠪᠡᠷ 9 ᠰᠠᠷ᠎ᠠ ᠶ᠋ᠢᠨ ᠰᠡᠭᠦᠯᠴᠢ ᠪᠣᠯᠲᠠᠯ᠎ᠠ ᠶᠠᠪᠤᠭᠳᠠᠨ᠎ᠠ᠃

ᠡᠨᠡ ᠵᠢᠯ ᠤ᠋ᠨ ᠰᠤᠶᠤᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠱᠢᠷᠢᠰ ᠠᠵᠢᠯᠯᠠᠭ᠎ᠠ ᠨᠢ ᠲᠡᠥᠬᠡ ᠰᠤᠶᠤᠯ ᠤ᠋ᠨ ᠤᠯᠠᠮᠵᠢᠯᠠᠯ ᠢ᠋ ᠡᠷᠴᠢᠮᠵᠢᠬᠦᠯᠦᠨ᠂ ᠰᠤᠶᠤᠯ ᠤ᠋ᠨ ᠢᠳᠡᠭᠡᠯ ᠢ᠋ ᠪᠠᠳᠤᠳᠬᠠᠵᠤ᠂ ᠰᠤᠶᠤᠯ ᠵᠢᠭᠤᠯᠴᠢᠯᠠᠯ ᠤ᠋ᠨ ᠠᠭᠤᠰᠤᠯᠴᠠᠯ ᠢ᠋ ᠴᠢᠩᠭᠠᠳᠬᠠᠨ᠂ ᠬᠡᠷᠡᠭᠯᠡᠭᠡ ᠵᠢ ᠤᠯᠠᠮ ᠬᠦᠭᠵᠢᠭᠡᠵᠦ᠂ ᠦᠪᠦᠷ ᠮᠤᠨᠭᠭᠤᠯ ᠤ᠋ᠨ ᠰᠤᠶᠤᠯ ᠤᠳᠬ᠎ᠠ ᠤᠷᠠᠯᠢᠭ ᠤ᠋ᠨ ᠦᠢᠯᠡᠰ ᠤ᠋ᠨ ᠬᠦᠭᠵᠢᠯᠳᠡ ᠶ᠋ᠢᠨ ᠦᠷ᠎ᠠ ᠪᠦᠳᠦᠭᠡᠯ ᠢ᠋ ᠪᠦᠬᠦ ᠳᠠᠯ᠎ᠠ ᠪᠡᠷ ᠬᠠᠷᠠᠭᠤᠯᠤᠨ᠂ ᠠᠷᠠᠳ ᠣᠯᠠᠨ ᠤ᠋ ᠰᠣᠶᠣᠯ ᠤ᠋ᠨ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ ᠤ᠋ ᠲᠥᠷᠥᠭ᠌ᠳᠡᠯ ᠢ᠋ ᠤᠯᠠᠮ ᠨᠡᠮᠡᠭ᠌ᠳᠡᠭᠦᠯᠵᠤ᠂ ᠤᠯᠠᠨ ᠠᠷᠪᠢᠨ ᠰᠢᠨ᠎ᠠ ᠰᠤᠳᠤᠨ ᠠᠭᠤᠯᠭ᠎ᠠ ᠵᠢ ᠨᠡᠮᠡᠭᠳᠡᠬᠦᠯᠬᠦ ᠪᠤᠯᠤᠨ᠎ᠠ᠃ ᠡᠬᠦᠨ ᠳ᠋ᠦ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠨᠢ ᠰᠤᠶᠤᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠪᠡᠯᠡᠳᠬᠡᠯ ᠠᠵᠢᠯᠯᠠᠭ᠎ᠠ ᠶ᠋ᠢᠨ ᠬᠤᠪᠢ ᠪᠡᠷ ᠬᠦᠷ ᠬᠦᠭᠵᠢᠶᠡᠨᠳᠦ ᠠᠭᠤᠷ ᠠᠮᠢᠰᠬᠤᠯ ᠢ᠋ ᠪᠤᠢ ᠪᠤᠯᠭᠠᠵᠤ᠂ 4 ᠰᠠᠷ᠎ᠠ ᠶ᠋ᠢᠨ 21 — 24 ᠤ᠋ ᠡᠳᠦᠷ ᠪᠣᠯᠲᠠᠯ᠎ᠠ ᠶᠠᠪᠤᠭᠳᠠᠨ᠎ᠠ᠃ ᠲᠤᠰ ᠴᠤᠭᠯᠠᠭᠠᠨ ᠳ᠋ᠦ ᠡᠬᠢᠯᠡᠯᠲᠡ ᠶ᠋ᠢᠨ ᠶᠣᠰᠣᠯᠠᠯ᠂ ᠭᠤᠤᠯ ᠰᠡᠳᠦᠪᠲᠦ ᠦᠵᠡᠭᠦᠯᠭᠡ ᠶ᠋ᠢᠨ ᠲᠣᠭ᠍ᠯᠠᠯᠲᠠ᠂ ᠠᠵᠢᠯ ᠲᠥᠷᠥᠯ ᠤ᠋ᠨ ᠶᠠᠷᠢᠶᠠᠨ ᠤ᠋ ᠲᠠᠪᠴᠠᠩ᠂ ᠲᠥᠷᠥᠯ ᠵᠦᠶ᠋ᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ ᠵᠡᠷᠭᠡ ᠣᠯᠠᠨ ᠡᠱᠢᠲᠦ ᠠᠭᠤᠯᠭ᠎ᠠ ᠶ᠋ᠢ ᠲᠥᠪᠯᠡᠷᠡᠭᠦᠯᠵᠤ᠂ ᠰᠣᠶᠣᠯ ᠤ᠋ᠨ ᠰᠣᠯᠢᠯᠴᠠᠭ᠎ᠠ ᠬᠠᠮᠲᠤᠷᠠᠯᠴᠠᠭᠠᠨ ᠤ᠋ ᠲᠠᠪᠴᠠᠩ ᠢ᠋ ᠪᠠᠢᠭᠤᠯᠤᠨ᠂ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠨ ᠬᠥᠭ᠌ᠵᠢᠬᠦ᠌ ᠳ᠋ᠦ ᠬᠦᠴᠦᠨ ᠨᠡᠮᠡᠷᠢᠯᠡᠬᠦ᠌᠎ᠪᠤᠯᠤᠨ᠎ᠠ᠃

ᠤᠢᠯᠠᠭᠠᠭᠰᠠᠨ ᠵᠢᠡᠷ᠂ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠥᠪᠥᠷ ᠮᠣᠩᠭᠣᠯ ᠤ᠋ᠨ ᠰᠤᠶᠤᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠲᠣᠭ᠍ᠯᠠᠯᠲᠠ ᠵᠢ ᠡᠬᠢᠯᠡᠭᠦᠯᠵᠦ᠍᠂ 《ᠰᠠᠭᠤᠭ᠍ᠳᠠᠯ》 ᠥᠪᠥᠷ ᠮᠣᠩᠭᠣᠯ ᠤ᠋ᠨ ᠳᠠᠭᠤᠤ ᠪᠥᠵᠢᠭ ᠤ᠋ᠨ ᠲᠤᠰᠭᠠᠶ ᠲᠠᠯᠠᠪᠠᠶ ᠲᠤᠭᠯᠠᠯᠳᠠ᠂ ᠲᠣᠮᠣ ᠬᠡᠯᠪᠡᠷᠢ ᠶ᠋ᠢᠨ ᠨᠠᠢᠷᠠᠯ ᠬᠥᠭ᠌ᠵᠢᠮ 《ᠠᠥᠭ᠎ᠠ ᠲᠥᠰᠦᠪ》᠂ ᠬᠠᠮᠳᠤᠯᠢᠭ ᠤ᠋ᠨ ᠲᠣᠭ᠍ᠯᠠᠯᠲᠠ᠂ ᠥᠪᠥᠷ ᠮᠣᠩᠭᠣᠯ ᠤ᠋ᠨ ᠰᠤᠷᠭᠠᠭᠤᠯᠢ ᠶ᠋ᠢᠨ ᠬᠦᠷᠢᠶᠡᠨ ᠤ᠋ ᠠᠷᠪᠠᠨ ᠰᠤᠳᠤᠨ ᠳᠠᠭᠤᠴᠢᠨ ᠤ᠋ ᠣᠨᠴᠠᠭᠠᠶ ᠲᠣᠭ᠍ᠯᠠᠯᠲᠠ ᠵᠡᠷᠭᠡ 9 ᠲᠠᠯᠠᠪᠠᠢ ᠴᠢᠨᠠᠷ ᠰᠠᠢᠲᠠᠶ ᠤᠷᠠᠨ ᠰᠠᠢᠬᠠᠨ ᠤ᠋ ᠲᠣᠭ᠍ᠯᠠᠯᠲᠠ ᠭᠠᠷᠭᠠᠨ᠎ᠠ; ᠶᠠᠷᠢᠶᠠᠲᠤ ᠵᠦᠴᠦᠭᠡ᠂ ᠪᠥᠵᠢᠭ᠌ᠲᠦ ᠵᠦᠴᠦᠭᠡ᠂ ᠳᠠᠭᠤᠤ ᠬᠥᠭ᠌ᠵᠢᠮᠲᠦ ᠵᠦᠴᠦᠭᠡ᠂ ᠼᠢᠷᠺ᠂ ᠣᠷᠣᠨ ᠨᠤᠲᠤᠭ ᠤ᠋ᠨ ᠰᠢ᠂ ᠬᠡᠦᠬᠡᠳ ᠤ᠋ᠨ ᠵᠦᠴᠦᠭᠡ ᠵᠡᠷᠭᠡ 20 ᠰᠤᠳᠤᠨ ᠪᠦᠳᠦᠭᠡᠯ ᠢ᠋ ᠰᠤᠩᠭᠤᠵᠦ᠂ ᠰᠤᠳᠤᠨ ᠲᠤᠭᠯᠠᠯᠳᠠ ᠵᠢ ᠠᠷᠠᠳ ᠲᠦᠮᠡᠨ ᠳ᠋ᠦ ᠬᠦᠷᠳᠡᠭᠡᠨ᠎ᠠ᠃ ᠡᠬᠦᠨ ᠡᠴᠡ ᠭᠠᠳᠠᠨ᠎ᠠ᠂ 《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》ᠦᠵᠡᠰᠭᠦᠯᠡᠩ᠂《ᠦᠵᠡᠰᠭᠦᠯᠡᠩᠲᠦ ᠰᠠᠢᠬᠠᠨ ᠠᠭᠤᠯᠠ ᠤᠰᠤ ᠦᠷᠨᠢᠯ ᠪᠠᠳᠠᠷᠠᠯᠳᠦ᠎ᠬᠥᠬᠡᠬᠣᠲᠠ — ᠬᠥᠬᠡᠬᠣᠲᠠ ᠶ᠋ᠢᠨ ᠲᠡᠦᠬᠡ ᠰᠣᠶᠣᠯ ᠤ᠋ᠨ ᠦᠵᠡᠭᠦᠯᠭᠡ》᠂ ᠲᠤᠷᠢᠨᠣ᠋ ᠶ᠋ᠢᠨ ᠶᠧᠵᠢᠫᠲ ᠤ᠋ᠨ ᠮᠦᠽᠧᠶ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠵᠡᠭᠦᠯᠭᠡ᠂ ᠳᠣᠯᠣᠳᠤᠭᠠᠷ ᠬᠤᠭᠤᠴᠠᠭᠠᠨ ᠤ᠋ ᠦᠨᠳᠦᠰᠦᠲᠡᠨ ᠤ᠋ ᠤᠷᠠᠨ ᠵᠢᠷᠤᠭ ᠤ᠋ᠨ ᠪᠦᠲᠦᠭᠡᠯ ᠤ᠋ᠨ ᠦᠵᠡᠭᠦᠯᠭᠡ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠭᠠᠳᠤᠮ ᠵᠡᠷᠭᠡ 7 ᠶᠡᠬᠡ ᠭᠤᠤᠯ ᠰᠡᠳᠦᠪᠲᠦ ᠦᠵᠡᠭᠦᠯᠭᠡ ᠪᠡᠷ ᠦᠵᠡᠭᠴᠢᠳ ᠤ᠋ᠨ ᠬᠠᠷᠠᠭ᠎ᠠ ᠵᠢ ᠪᠠᠶᠠᠰᠬᠠᠨ᠎ᠠ; ᠥᠪᠥᠷ ᠮᠣᠩᠭᠣᠯ ᠤ᠋ᠨ ᠣᠯᠠᠨ ᠭᠠᠵᠠᠷ ᠤ᠋ᠨ ᠦᠵᠡᠮᠵᠢ ᠶ᠋ᠢᠨ ᠣᠷᠣᠨ ᠳ᠋ᠤ《ᠪᠤᠭᠤᠷᠤᠯ ᠲᠡᠥᠬᠡ ᠶ᠋ᠢᠨ ᠬᠦᠯᠦᠭ ᠤ᠋ᠨ ᠮᠠᠭ᠍ᠲᠠᠭᠠᠯ》᠂ 《ᠬᠤᠨ ᠭᠠᠯᠠᠭᠤ》᠂ 《ᠡᠵᠡᠨ᠎ᠠ ᠶ᠋ᠢᠨ ᠠᠭᠤᠯᠵᠠᠯᠲᠠ》ᠵᠡᠷᠭᠡ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠭᠠᠷᠭᠠᠨ᠂ 《ᠪᠦᠲᠦᠭᠡᠯᠴᠢ ᠥᠪᠥᠷ ᠮᠣᠩᠭᠣᠯ》ᠱᠢᠷᠢᠰ ᠠᠵᠢᠯᠯᠠᠭ᠎ᠠ ᠪᠠ 2026 ᠣᠨ ᠤ᠋ ᠳᠤᠮᠳᠠᠳᠤ ᠤᠯᠤᠰ ᠤ᠋ᠨ ᠣᠨᠴᠠᠯᠢᠭᠳᠤ ᠵᠢᠭᠤᠯᠴᠢᠯᠠᠯ ᠤ᠋ᠨ ᠲᠠᠸᠠᠷ ᠤ᠋ᠨ ᠤᠷᠤᠯᠳᠤᠭᠠᠨ ᠢ᠋ ᠡᠷᠭᠢᠯᠡᠵᠤ᠂ ᠲᠠᠷᠢᠶᠠᠯᠠᠩ ᠮᠠᠯ ᠠᠵᠤ ᠠᠬᠤᠶ ᠰᠣᠶᠣᠯ ᠪᠡᠶ᠎ᠡ ᠶ᠋ᠢᠨ ᠲᠠᠮᠢᠷ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠪᠡᠷ 16 ᠵᠦᠶ᠋ᠯ ᠤ᠋ᠨ ᠠᠵᠢᠯᠯᠠᠭ᠎ᠠ ᠦᠷᠨᠢᠬᠦᠯᠦᠨ᠎ᠠ᠃

2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠤ ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠲᠤᠬᠠᠢ ᠵᠢᠨ ᠭᠠᠵᠠᠷ ᠤ᠋ᠨ ᠵᠢᠡᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠵᠦ᠂ ᠬᠠᠲᠤᠨ ᠭᠤᠤᠯ᠂ ᠣᠷᠳᠣ ᠴᠠᠭᠠᠨ ᠬᠡᠷᠡᠮ᠂ ᠪᠠᠷᠠᠭᠤᠨ ᠯᠢᠶᠣᠤᠾᠧ ᠭᠤᠤᠯ᠂ ᠬᠤᠩᠱᠠᠨ ᠵᠡᠷᠭᠡ ᠴᠢᠬᠤᠯᠠ ᠰᠣᠶᠣᠯ ᠤ᠋ᠨ ᠡᠬᠢ ᠪᠠᠶᠠᠯᠢᠭ ᠲᠦ᠍ ᠲᠦᠱᠢᠭ᠌ᠯᠡᠨ 12 ᠵᠦᠶ᠋ᠯ ᠤ᠋ᠨ ᠤᠷᠤᠨ ᠨᠤᠳᠤᠭ ᠤ᠋ᠨ ᠲᠥᠷᠥᠯ ᠲᠡᠮᠳᠡᠭ᠌ᠲᠦ᠍ ᠠᠵᠢᠯᠯᠠᠭ᠎ᠠ ᠡᠷᠭᠢᠯᠡᠬᠦ ᠪᠡᠷ ᠪᠤᠢ᠃ ᠡᠬᠦᠨ ᠳ᠋ᠦ᠂ 36 ᠳ᠋ᠤᠭᠠᠷ ᠬᠤᠭᠤᠴᠠᠭᠠᠨ ᠤ᠋ ᠲᠠᠯ᠎ᠠ ᠨᠤᠲᠤᠭ ᠤ᠋ᠨ ᠨᠠᠭᠠᠳᠤᠮ᠂ 23 ᠳ᠋ᠤᠭᠠᠷ ᠬᠤᠭᠤᠴᠠᠭᠠᠨ ᠤ᠋ ᠪᠣᠷᠣᠲᠣᠬᠣᠶ ᠶ᠋ᠢᠨ ᠰᠣᠶᠣᠯ ᠤᠷᠠᠯᠢᠭ ᠤ᠋ᠨ ᠨᠠᠢᠷ᠂ 11 ᠳ᠋ᠤᠭᠡᠷ ᠬᠤᠭᠤᠴᠠᠭᠠᠨ ᠤ᠋ 《ᠲᠦᠮᠡᠨ ᠭᠠᠵᠠᠷ ᠤ᠋ᠨ ᠴᠠᠶ ᠶ᠋ᠢᠨ ᠵᠠᠮ》 ᠰᠣᠶᠣᠯ ᠵᠢᠭᠤᠯᠴᠢᠯᠠᠯ ᠤ᠋ᠨ ᠨᠠᠢᠷ ᠵᠡᠷᠭᠡ ᠲᠥᠷᠥᠯ ᠲᠡᠮᠳᠡᠭ᠌ᠲᠦ᠍ ᠠᠵᠢᠯᠯᠠᠭ᠎ᠠ ᠵᠠᠯᠭᠠᠭ᠎ᠠ ᠪᠡᠷ ᠶᠠᠪᠤᠭᠳᠠᠨ᠎ᠠ; ᠲᠣᠰᠭᠣᠨ ᠤ᠋ ᠦᠳᠡᠰᠢᠯᠡᠬᠡ᠂ ᠨᠠᠢᠷᠠᠯ ᠳᠠᠭᠤᠤ᠂ ᠠᠭᠤᠳᠠᠮ ᠲᠠᠯᠠᠪᠠᠶ ᠶ᠋ᠢᠨ ᠪᠥᠵᠢᠭ ᠵᠡᠷᠭᠡ ᠣᠯᠠᠨ ᠲᠦᠮᠡᠨᠴᠢ ᠰᠣᠶᠣᠯ ᠤ᠋ᠨ ᠠᠵᠢᠯᠯᠠᠭ᠎ᠠ ᠶ᠋ᠢ ᠦᠷᠭᠦᠯᠵᠢᠯᠡᠨ ᠵᠣᠬᠢᠶᠠᠨ ᠪᠠᠢᠭᠤᠯᠵᠤ᠂ 《ᠦᠪᠦᠷ ᠮᠤᠨᠭᠭᠤᠯ ᠤ᠋ᠨ ᠬᠦᠯ ᠪᠦᠮᠪᠦᠬᠡ ᠶ᠋ᠢᠨ ᠬᠤᠯᠪᠤᠭᠠᠳᠦ ᠤᠷᠤᠯᠳᠤᠭᠠᠨ》᠂ 《ᠮᠤᠨᠭᠭᠤᠯ ᠮᠤᠷᠢᠨ ᠤ᠋ ᠬᠤᠯᠪᠤᠭᠠᠳᠦ ᠤᠷᠤᠯᠳᠤᠭᠠᠨ》 ᠵᠡᠷᠭᠡ ᠤᠷᠤᠯᠳᠤᠭᠠᠨ ᠳ᠋ᠦ ᠰᠣᠶᠣᠯ ᠤ᠋ᠨ ᠠᠵᠢᠯᠯᠠᠭ᠎ᠠ ᠪᠠ ᠤᠷᠠᠨ ᠰᠠᠢᠬᠠᠨ ᠤ᠋ ᠲᠣᠭ᠍ᠯᠠᠯᠲᠠ ᠵᠢ ᠠᠭᠤᠰᠤᠯᠴᠠᠭᠤᠯᠵᠤ᠂ ᠤᠯᠠᠭᠠᠨᠮᠥ᠋ᠴᠢᠷ ᠤ᠋ᠨ 《ᠪᠠᠶᠠᠷ ᠪᠠᠶᠠᠰᠤᠯ ᠬᠦᠷᠭᠡᠬᠦ᠌ ᠪᠣᠯᠪᠠᠰᠤᠨ ᠢ᠋ ᠬᠦᠷᠭᠡᠬᠦ᠌》 ᠦᠨᠳᠦᠰᠦᠨ ᠱᠠᠲᠤᠨ ᠤ᠋ ᠦᠶ᠋ᠯᠡᠴᠢᠯᠡᠭᠡ᠎ᠶ᠋ᠢ ᠥᠷᠭᠡᠨ ᠲᠠᠯᠬᠡᠷ ᠥᠷᠨᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号