— ᠬᠥᠬᠡᠬᠣᠲᠠ ᠢ᠋ᠢᠨ ᠣᠷᠴᠢᠨ ᠲᠣᠭᠣᠷᠢᠨ ᠤ᠋ ᠠᠭᠠᠷ ᠤ᠋ᠨ ᠶᠠᠰᠤ ᠴᠢᠨᠠᠷ ᠤ᠋ᠨ ᠰᠠᠢᠵᠢᠷᠠᠯᠲᠠ ᠢ᠋ᠢ ᠲᠡᠮᠳᠡᠭᠯᠡᠪᠠ
ᠤᠡᠭᠰᠢᠯᠭ᠎ᠠ ᠵᠢᠨ ᠬᠦᠳᠤᠯᠤᠮᠵᠢ
ᠬᠥᠬᠡᠬᠣᠲᠠ ᠢ᠋ᠢᠨ PM 2.5 ᠵᠢᠯ ᠤ᠋ᠨ ᠳᠤᠮᠳᠠᠴᠢ ᠥᠳᠭᠡᠴᠡ ᠨᠢ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶ᠎ᠠ ᠢ᠋ᠢ ᠲᠤᠭᠲᠠᠭᠤᠨ ᠢ᠋ᠢᠡᠷ ᠳᠠᠪᠠᠵᠤ᠂ 2025 ᠣᠨ ᠳ᠋ᠤ ᠵᠢᠷᠭᠤᠭᠠᠨ ᠵᠦᠶ᠋ᠯ ᠤ᠋ᠨ ᠭᠤᠤᠯ ᠪᠣᠯᠬᠤ ᠪᠣᠬᠢᠷᠲᠤᠯ ᠪᠣᠳᠠᠰ ᠤ᠋ᠨ ᠥᠳᠭᠡᠴᠡ ᠳ᠋ᠤ 《ᠲᠠᠪᠤ ᠪᠠᠭᠤᠷᠠᠵᠤ ᠨᠢᠭᠡ ᠲᠡᠡᠭᠴᠡᠭᠰᠡᠨ》 ᠰᠠᠢᠨ ᠪᠠᠢᠳᠠᠯ ᠢᠯᠡᠷᠡᠵᠦ᠍᠂ ᠥᠨᠥᠳᠦᠷ ᠪᠤᠯᠬᠤ ᠳ᠋ᠤ ᠬᠦᠭᠡ ᠣᠭ᠍ᠲᠠᠷᠭᠤᠢ ᠬᠥᠪᠥᠩ ᠡᠭᠦᠯᠡ ᠨᠢ ᠬᠥᠬᠡᠬᠣᠲᠠ ᠢ᠋ᠢᠨ ᠴᠤ ᠰᠢᠨ᠎ᠠ ᠦᠡᠭᠭᠡ ᠪᠤᠯᠵᠠᠢ᠃

ᠬᠦᠬᠡᠬᠤᠲᠠ ᠢ᠋ᠢᠨ ᠢᠮᠠᠭᠠᠲᠤ ᠤᠢ ᠱᠢᠭᠤᠢ ᠢ᠋ᠢᠨ ᠴᠡᠴᠡᠷᠯᠢᠭ ᠤ᠋ᠨ ᠦᠵᠡᠮᠵᠢ ᠢ᠋ᠢᠨ ᠲᠠᠢᠰᠠᠨ ᠡᠴᠡ ᠠᠯᠤᠰ ᠢ᠋ ᠪᠠᠷᠠᠯᠠᠬᠤᠶ᠎ᠠ᠂ ᠴᠡᠩᠬᠡᠷ ᠬᠦᠬᠡ ᠣᠭ᠍ᠲᠠᠷᠭᠤᠢ ᠳ᠋ᠤ ᠬᠥᠪᠥᠩ ᠡᠭᠦᠯᠡ ᠴᠠᠢᠷᠠᠵᠤ᠂ ᠴᠡᠯᠡᠭᠡᠷ ᠲᠠᠯ᠎ᠠ ᠢ᠋ᠢᠨ ᠳᠡᠨᠵᠢᠨ ᠳ᠋ᠤ ᠴᠡᠴᠡᠭ ᠨᠠᠪᠴᠢ ᠪᠦᠵᠢᠵᠤ᠂ ᠳᠠᠯᠠᠨ ᠬᠠᠷ᠎ᠠ ᠢ᠋ᠢᠨ ᠡᠡᠭᠭᠡᠷ ᠲᠤ᠌ ᠬᠦᠮᠦᠨ ᠠᠷᠠᠳ ᠪᠠᠶᠠᠰᠤᠯᠴᠠᠵᠤ᠂ ᠬᠦᠮᠤᠨ ᠪᠠᠢᠭᠠᠯᠢ ᠡᠶ᠎ᠠ ᠵᠤᠬᠢᠴᠠᠡᠭᠭᠤᠢ ᠵᠢᠷᠤᠭ ᠬᠠᠷᠠᠭᠠᠨ ᠳ᠋ᠤ ᠳᠡᠯᠭᠡᠭᠳᠡᠨ᠎ᠠ᠃
ᠡᠨᠡ ᠪᠣᠯ ᠬᠥᠬᠡᠬᠣᠲᠠ ᠢ᠋ᠢᠨ ᠠᠭᠠᠷ ᠤ᠋ᠨ ᠶᠠᠰᠤ ᠴᠢᠨᠠᠷ ᠰᠠᠢᠵᠢᠷᠠᠬᠰᠠᠨ ᠤ᠋ ᠪᠤᠳᠠᠳᠠᠢ ᠵᠢᠷᠤᠬᠯᠠᠯ ᠪᠤᠯᠬᠤ ᠶᠤᠮ᠃
2025 ᠣᠨ ᠳ᠋ᠤ᠂ ᠬᠥᠬᠡᠬᠣᠲᠠ ᠢ᠋ᠢᠨ ᠣᠷᠴᠢᠨ ᠲᠣᠭᠣᠷᠢᠨ ᠤ᠋ ᠠᠭᠠᠷ ᠤ᠋ᠨ ᠶᠠᠰᠤ ᠴᠢᠨᠠᠷ ᠮᠡᠳᠡᠭ᠌ᠳᠡᠮᠡ ᠰᠠᠢᠵᠢᠷᠠᠵᠤ᠂ ᠪᠦᠬᠦ᠌ ᠵᠢᠯ ᠤ᠋ᠨ ᠱᠢᠯᠢᠳᠡᠭ ᠰᠠᠢ᠌ᠨ ᠡᠳᠦᠷ ᠤ᠋ᠨ ᠲᠣᠭ᠎ᠠ 332 ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 20 ᠡᠳᠦᠷ ᠨᠡᠮᠡᠭ᠌ᠳᠡᠵᠦ᠍᠂ ᠱᠢᠯᠢᠳᠡᠭ ᠰᠠᠢ᠌ᠨ ᠡᠳᠦᠷ ᠤ᠋ᠨ ᠬᠠᠷᠢᠴᠠᠯ 91% ᠪᠣᠯᠤᠨ ᠳᠡᠭᠡᠭ᠌ᠰᠢᠯᠡᠪᠡ᠃ ᠡᠭᠦᠨ ᠳ᠋ᠤ᠂ ᠠᠭᠠᠷ ᠤ᠋ᠨ ᠶᠠᠰᠤ ᠴᠢᠨᠠᠷ ᠰᠢᠯᠢᠳᠡᠭ ᠡᠳᠦᠷ ᠤ᠋ᠨ ᠲᠤᠭ᠎ᠠ 116 ᠪᠠᠢᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 24 ᠡᠳᠦᠷ ᠨᠡᠮᠡᠭ᠌ᠳᠡᠵᠡᠢ᠃
ᠪᠦᠬᠦ᠌ ᠤᠯᠤᠰ ᠤ᠋ᠨ 31 ᠮᠤᠵᠢ ᠢ᠋ᠢᠨ ᠲᠥᠪ ᠬᠤᠳᠠ ᠳ᠋ᠤ᠂ ᠬᠥᠬᠡᠬᠣᠲᠠ ᠢ᠋ᠢᠨ ᠱᠢᠯᠢᠳᠡᠭ ᠰᠠᠢ᠌ᠨ ᠡᠳᠦᠷ ᠤ᠋ᠨ ᠲᠣᠭ᠎ᠠ ᠢ᠋ᠢᠨ ᠬᠠᠷᠢᠴᠠᠯ ᠶᠢᠰᠦᠳᠦᠭᠡᠷᠲᠦ ᠲᠤᠳᠤᠷᠠᠵᠤ᠂ PM 2.5 ᠵᠢᠨ ᠳᠤᠮᠳᠠᠴᠢ ᠥᠳᠭᠡᠴᠡ ᠳᠣᠯᠣᠳᠤᠭᠠᠷ ᠲᠤ᠌ ᠵᠢᠭ᠍ᠰᠠᠭᠠᠭ᠍ᠳᠠᠪᠠ; ᠤᠮᠠᠷᠠᠲᠤ ᠣᠷᠣᠨ ᠤ᠋ 15 ᠳᠤᠯᠠᠭᠠᠯᠠᠭ᠎ᠠ ᠢ᠋ᠢᠨ ᠭᠤᠤᠯᠳᠠᠯᠭ᠎ᠠ ᠲᠠᠢ ᠬᠣᠲᠠ ᠢ᠋ᠢᠨ ᠳᠣᠲᠣᠷ᠎ᠠ ᠡᠨᠡ ᠬᠣᠶᠠᠷ ᠵᠦᠶ᠋ᠯ ᠤ᠋ᠨ ᠭᠦᠶ᠋ᠴᠡᠳᠭᠡᠯ ᠲᠣᠭ᠎ᠠ ᠨᠢ ᠲᠣᠰ ᠲᠣᠰ 3 ᠪᠠ 2 ᠳ᠋ᠤᠭᠠᠷ ᠲᠤ᠌ ᠵᠢᠭ᠍ᠰᠠᠭᠠᠭ᠍ᠳᠠᠵᠤ ᠪᠤᠢ᠃
ᠪᠥᠬᠥ᠌ ᠵᠢᠯ ᠤ᠋ᠨ ᠠᠭᠠᠷ ᠤ᠋ᠨ ᠶᠠᠰᠤ ᠴᠢᠨᠠᠷ ᠤ᠋ᠨ ᠡᠯ᠎ᠡ ᠵᠦᠶ᠋ᠯ ᠤ᠋ᠨ ᠭᠦᠶ᠋ᠴᠡᠳᠭᠡᠯ ᠲᠣᠭᠠᠨᠢ ᠴᠥᠮ ᠥᠪᠡᠷᠲᠡᠭᠡᠨ ᠵᠠᠰᠠᠬᠤ ᠣᠷᠣᠨ ᠤ᠋ ᠬᠢᠨᠠᠨ ᠱᠢᠯᠭᠠᠬᠤ ᠡᠭᠦᠷᠭᠡ ᠢ᠋ᠢ ᠳᠠᠪᠠᠭᠤᠯᠤᠨ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠱᠢᠬᠢ ᠬᠠᠮᠤᠭ ᠤ᠋ᠨ ᠱᠢᠯᠢᠳᠡᠭ ᠲᠦᠪᠱᠢᠨ ᠢ᠋ ᠡᠭᠦᠳᠴᠦ᠍᠂《ᠴᠡᠪᠡᠷ ᠠᠭᠠᠷ ᠴᠡᠯᠮᠡᠭ ᠲᠡᠭᠷᠢ》ᠨᠢ ᠨᠢᠭᠡᠨᠲᠡ ᠬᠦᠬᠡᠬᠤᠲᠠ ᠢ᠋ᠢᠨ ᠠᠮᠢ ᠠᠬᠤᠶ ᠢ᠋ᠢᠨ 《ᠱᠢᠨ᠎ᠡ ᠳᠦᠷᠰᠤ ᠪᠠᠢᠳᠠᠯ》 ᠪᠣᠯᠵᠠᠶ ᠃
ᠭᠡᠲᠡᠯ᠎ᠡ᠂ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠥᠪ ᠪᠣᠯᠤᠭ᠍ᠰᠠᠨ ᠬᠥᠬᠡᠬᠣᠲᠠ ᠨᠢ ᠨᠢᠭᠡ ᠦᠶ᠎ᠡ ᠪᠠᠰᠠ ᠠᠭᠠᠷ ᠮᠠᠨᠳᠠᠯ ᠤ᠋ᠨ ᠪᠣᠬᠢᠷᠲᠤᠯ ᠤ᠋ᠨ ᠭᠠᠴᠢᠭ᠍ᠳᠠᠯ ᠢ᠋ ᠠᠮᠰᠠᠵᠤ᠂ ᠨᠠᠮᠤᠷ ᠡᠪᠦᠯ ᠤ᠋ᠨ ᠨᠠᠮ ᠲᠣᠭ᠍ᠲᠠᠭᠤᠨ ᠡᠳᠦᠷ ᠱᠢᠲᠠᠭᠠᠯᠭᠠ ᠢ᠋ᠢᠨ ᠨᠡᠭᠦᠷᠡᠰᠦ᠂ ᠠᠵᠤ ᠦᠢᠯᠡᠳᠪᠦᠷᠢ ᠢ᠋ᠢᠨ ᠭᠠᠳᠠᠭ᠍ᠰᠢᠯᠠᠭᠤᠯᠤᠯᠲᠠ ᠵᠡᠷᠭᠡ ᠪᠣᠬᠢᠷᠲᠤᠯ ᠪᠣᠳᠠᠰ ᠠᠮᠠᠷᠬᠠᠨ ᠲᠠᠷᠬᠠᠬᠤ ᠦᠭᠡᠢ ᠡᠴᠡ ᠪᠤᠯᠵᠤ 《ᠥᠳᠭᠡᠨ ᠮᠠᠨᠠᠨᠲᠤ ᠬᠤᠳᠠ》 ᠪᠤᠯᠤᠬᠰᠠᠨ ᠶᠤᠮ᠃
ᠪᠣᠬᠢᠷᠲᠤᠯ ᠢ᠋ ᠵᠠᠰᠠᠬᠤ ᠢ᠋ᠢ ᠠᠯᠭᠤᠷᠯᠠᠵᠤ ᠪᠣᠯᠬᠤ ᠦᠭᠡᠢ᠃ ᠤᠢ᠍ᠢᠷᠠ ᠢ᠋ᠢᠨ ᠵᠢᠯᠳ᠋ᠤ᠂ ᠬᠥᠬᠡᠬᠣᠲᠠᠵᠢᠨ ᠬᠢᠨ ᠰᠢ ᠵᠢᠨ ᠫᠢᠩ ᠤ᠋ᠨ ᠠᠮᠢ ᠠᠬᠤᠢ ᠢ᠋ᠢᠨ ᠪᠣᠯᠪᠠᠰᠤᠨ ᠤ᠋ ᠦᠵᠡᠯ ᠰᠠᠨᠠᠭ᠎ᠠ ᠢ᠋ᠢ ᠢᠳᠡᠪᠬᠢᠲᠡᠢ ᠦᠢᠯᠡᠳᠦᠯᠭᠡᠵᠢᠭᠦᠯᠵᠦ᠍᠂ ᠬᠦᠬᠡ ᠣᠭ᠍ᠲᠠᠷᠭᠤᠢ ᠢ᠋ᠢ ᠰᠠᠬᠢᠨ ᠬᠠᠮᠠᠭᠠᠯᠠᠬᠤ ᠢ᠋ᠢ ᠴᠢᠬᠤᠯᠠ ᠶᠡᠬᠡ ᠤᠯᠤᠰ ᠲᠦᠷᠦ᠍ ᠢ᠋ᠢᠨ ᠡᠭᠦᠷᠭᠡ ᠪᠠ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠪᠣᠯᠭᠠᠵᠤ᠂ ᠪᠣᠬᠢᠷᠲᠤᠯ ᠢ᠋ ᠨᠠᠷᠢᠯᠢᠭ ᠤᠨᠤᠴᠠᠲᠠᠢ᠂ ᠱᠢᠨᠵᠢᠯᠡᠬᠦ᠌ ᠤᠬᠠᠭᠠᠨᠴᠢ᠂ ᠬᠠᠤᠯᠢ ᠶᠣᠰᠣᠭᠠᠷ ᠵᠠᠰᠠᠬᠤ ᠢ᠋ᠢ ᠪᠠᠷᠢᠮᠲᠠᠯᠠᠵᠤ᠂ ᠪᠦᠬᠦ᠌ ᠬᠤᠳᠠ ᠢ᠋ᠢᠨ ᠬᠦᠴᠦᠨ ᠢ᠋ ᠳᠠᠢᠴᠢᠯᠠᠨ ᠱᠢᠰᠲ᠋ᠧᠮ ᠲᠠᠢ ᠪᠣᠭᠣᠮᠲᠠ ᠱᠢᠪᠲᠤᠯᠪᠠ᠃
ᠱᠢᠰᠲ᠋ᠧᠮ ᠢ᠋ ᠲᠡᠭᠦᠯᠳᠡᠷᠵᠢᠭᠦᠯᠵᠦ᠍᠂ ᠱᠢᠰᠲ᠋ᠧᠮ ᠲᠠᠢ ᠵᠠᠰᠠᠬᠤ ᠪᠣᠷᠣ ᠲᠥᠯᠥᠪ ᠢ᠋ ᠪᠦᠷᠢᠯᠳᠤᠬᠦᠯᠪᠠ᠃ ᠬᠥᠬᠡᠬᠣᠲᠠᠵᠢᠨ ᠬᠢᠨ 《ᠬᠥᠬᠡᠬᠣᠲᠠ ᠢ᠋ᠢᠨ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠲᠦᠷᠢᠮ》 ᠳ᠋ᠤ ᠵᠠᠰᠠᠪᠤᠷᠢ ᠣᠷᠣᠭᠤᠯᠵᠤ᠂ 《ᠦᠵᠡᠰᠭᠦᠯᠡᠩᠲᠦ ᠰᠠᠢᠬᠠᠨ ᠣᠷᠣᠨ ᠤ᠋ ᠲᠥᠪ ᠤ᠋ᠨ ᠪᠥᠲᠥᠭᠡᠨ ᠪᠠᠢᠭᠤᠯᠤᠯᠲᠠ ᠢ᠋ᠢᠨ ᠬᠡᠷᠡᠭ᠌ᠵᠢᠭᠦᠯᠬᠦ᠌ ᠲᠥᠰᠦᠯ》᠂ 《ᠬᠥᠬᠡᠬᠣᠲᠠ ᠢ᠋ᠢᠨ ᠠᠭᠠᠷ ᠤ᠋ᠨ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ ᠢ᠋ᠢᠨ ᠬᠡᠷᠡᠭ᠌ᠵᠢᠭᠦᠯᠬᠦ᠌ ᠲᠥᠰᠦᠯ》 ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ᠋ ᠨᠡᠢᠲᠡᠯᠡᠵᠦ᠍᠂ 10 ᠲᠠᠯ᠎ᠠ ᠢ᠋ᠢᠨ 28 ᠵᠤᠷᠪᠤᠰ ᠪᠣᠳᠠᠲᠠᠶ ᠠᠷᠭ᠎ᠠ ᠬᠡᠮᠵᠢᠶ᠎ᠡ ᠢ᠋ᠢ ᠲᠣᠳᠣᠷᠬᠠᠢᠯᠠᠵᠤ᠂ ᠬᠣᠲᠠ ᠡᠴᠡ ᠬᠥᠳᠡᠭᠡ ᠲᠣᠰᠭᠣᠨ ᠬᠦᠷᠲᠡᠯ᠎ᠡ᠂ ᠠᠵᠤ ᠦᠶ᠋ᠯᠡᠳᠪᠦᠷᠢ ᠡᠴᠡ ᠠᠮᠢᠳᠤᠷᠠᠯ ᠬᠦᠷᠲᠡᠯ᠎ᠡ᠂ ᠲᠣᠭ᠍ᠲᠠᠮᠠᠯ ᠡᠬᠢ ᠰᠤᠷᠪᠤᠯᠵᠢ ᠡᠴᠡ ᠱᠢᠯᠵᠢᠮᠡᠯ ᠡᠬᠢ ᠰᠤᠷᠪᠤᠯᠵᠢ ᠬᠦᠷᠲᠡᠯᠡᠬᠢ ᠱᠢᠰᠲ᠋ᠧᠮ ᠲᠠᠢ ᠵᠠᠰᠠᠬᠤ ᠪᠣᠷᠣ ᠲᠥᠯᠥᠪ ᠢ᠋ ᠪᠦᠷᠢᠯᠳᠦᠬᠦᠯᠵᠠᠢ᠃
ᠵᠤᠨ ᠨᠠᠮᠤᠷ ᠤ᠋ᠨ ᠤᠯᠠᠷᠢᠯ ᠤ᠋ᠨ ᠣᠽᠣᠨ ᠤ᠋ ᠪᠣᠬᠢᠷᠲᠤᠯ ᠳ᠋ᠤ ᠴᠢᠭ᠌ᠯᠡᠭᠦᠯᠦᠨ᠂ ᠲᠤᠰᠭᠠᠢ ᠵᠠᠰᠠᠯᠲᠠ ᠢ᠋ᠢᠨ ᠲᠥᠰᠦᠯ ᠢ᠋ ᠵᠡᠷᠭᠡᠪᠡᠷ ᠳᠠᠷᠤᠮᠠᠯᠯᠠᠨ ᠲᠠᠷᠬᠠᠭᠠᠵᠤ᠂ VOCs ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ᠋ ᠣᠷᠣᠯᠠᠭᠤᠯᠬᠤ ᠵᠡᠷᠭᠡ ᠭᠣᠣᠯᠳᠠᠯᠭ᠎ᠠ ᠲᠠᠢ ᠬᠦᠷᠢᠶᠡᠨ ᠳ᠋ᠤ《 ᠠᠷᠪᠠᠨ ᠲᠤᠰᠭᠠᠢ ᠠᠵᠢᠯᠯᠠᠭ᠎ᠠ》 ᠥᠷᠨᠢᠭᠦᠯᠪᠡ᠃
ᠭᠣᠣᠯᠳᠠᠯᠭ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠵᠤ ᠦᠢᠯᠡᠳᠪᠦᠷᠢ ᠪᠣᠯᠤᠨ ᠱᠢᠲᠠᠭᠠᠯᠭᠠ ᠢ᠋ᠢᠨ ᠨᠡᠭᠦᠷᠡᠰᠦᠨ ᠤ᠋ ᠵᠠᠰᠠᠯᠲᠠ ᠢ᠋ᠢ ᠭᠦᠨᠵᠡᠭᠡᠢᠷᠡᠭᠦᠯᠪᠠ᠃ ᠬᠥᠬᠡᠬᠣᠲᠠᠵᠢᠨ ᠬᠢᠨ 2022 ᠣᠨ ᠡᠴᠡ 2024 ᠣᠨ ᠪᠣᠯᠲᠠᠯᠡᠬᠢ 3 ᠵᠢᠯ ᠤ᠋ᠨ ᠬᠤᠭᠤᠴᠠᠭᠠᠨ ᠳ᠋ᠤ᠂ 14 .84 ᠲᠦᠮᠡᠨ ᠡᠷᠦᠬᠡ ᠢ᠋ᠢᠨ ᠴᠡᠪᠡᠷ ᠳᠤᠯᠠᠭᠠᠯᠠᠭ᠎ᠠ ᠢ᠋ᠢᠨ ᠥᠭᠡᠷᠡᠴᠢᠯᠡᠯᠲᠡ ᠢ᠋ᠢ ᠪᠡᠶᠡᠯᠡᠭᠦᠯᠪᠡ ; ᠭᠣᠣᠯ ᠬᠣᠲᠠ ᠲᠣᠭᠣᠷᠢᠭ ᠤ᠋ᠨ ᠢᠯᠴᠢ ᠴᠠᠬᠢᠯᠭᠠᠨ ᠬᠣᠯᠪᠣᠭᠠᠯᠠᠨ ᠢᠯᠴᠢ ᠬᠠᠩᠭᠠᠬᠤ ᠲᠠᠯᠠᠪᠠᠢ ᠢ᠋ᠢᠨ ᠡᠵᠡᠯᠡᠬᠦ᠌ ᠬᠠᠷᠢᠴᠠᠯ 88% ᠳ᠋ᠤ ᠬᠦᠷᠦᠭ᠌ᠰᠡᠨ ᠪᠥᠭᠡᠳ ᠬᠣᠲᠠ ᠲᠣᠭᠣᠷᠢᠭ ᠤ᠋ᠨ 65 ᠲᠣᠨ ᠡᠴᠡ ᠳᠣᠷᠣᠭ᠍ᠰᠢᠬᠢ ᠵᠢᠴᠢ ᠡᠷᠭᠢᠨ ᠲᠣᠭᠣᠷᠢᠨ ᠤ᠋ ᠰᠤᠮᠤ ᠱᠢᠶᠠᠩ ᠪᠠᠯᠭᠠᠰᠤᠨ ᠤ᠋ 10 ᠲᠣᠨ ᠡᠴᠡ ᠳᠣᠷᠣᠭ᠍ᠰᠢᠬᠢ ᠨᠡᠭᠦᠷᠡᠰᠦ ᠱᠢᠲᠠᠭᠠᠬᠤ ᠵᠤᠤᠬ᠎ᠠ ᠢ᠋ᠢ ᠱᠢᠭ᠌ᠰᠢᠭ᠌ᠳᠡᠭᠦᠯᠪᠡ ᠃
ᠠᠵᠤ ᠦᠶ᠋ᠯᠡᠳᠪᠦᠷᠢ ᠢ᠋ᠢᠨ ᠬᠦᠷᠢᠶᠡᠨ ᠳ᠋ᠤ᠂ 1 ᠬᠡᠸ᠋ᠷᠱᠢᠭᠦᠯᠬᠦ᠌ ᠠᠵᠤ ᠠᠬᠤᠢᠯᠠᠯ᠂ 10 ᠱᠦᠶ᠋ᠨᠢ ᠢ᠋ᠢᠨ ᠠᠵᠤ ᠠᠬᠤᠢᠯᠠᠯ ᠤ᠋ᠨ ᠬᠡᠲᠦ ᠳᠤᠤᠷ᠎ᠠ ᠭᠠᠳᠠᠭ᠍ᠰᠢᠯᠠᠭᠤᠯᠤᠯᠲᠠ ᠢ᠋ᠢᠨ ᠥᠭᠡᠷᠡᠴᠢᠯᠡᠯᠲᠡ ᠢ᠋ᠢᠨ ᠡᠭᠦᠷᠭᠡ ᠢ᠋ᠢ ᠥᠪᠡᠷᠲᠡᠭᠡᠨ ᠵᠠᠰᠠᠬᠤ ᠣᠷᠣᠨ ᠡᠴᠡ ᠱᠠᠭᠠᠷᠳᠠᠭ᠍ᠰᠠᠨ ᠴᠠᠭ ᠡᠴᠡ ᠤᠷᠢᠳᠴᠢᠯᠠᠨ ᠪᠡᠶᠡᠯᠡᠭᠦᠯᠪᠡ᠃ 《ᠭᠡᠷᠲᠦᠨᠢ ᠬᠦᠷᠴᠦ᠍ ᠪᠠᠢᠴᠠᠭᠠᠯᠲᠠ ᠬᠢᠬᠦ᠌》 ᠪᠡᠷ ᠳᠠᠮᠵᠢᠨ ᠠᠵᠤ ᠠᠬᠤᠢᠯᠠᠯ ᠤ᠋ᠨ ᠠᠭᠤᠷ ᠠᠮᠢᠰᠭᠤᠯ ᠲᠠᠢ ᠬᠣᠯᠪᠣᠭ᠍ᠳᠠᠭ᠍ᠰᠠᠨ ᠠᠰᠠᠭᠤᠳᠠᠯ ᠢ᠋ ᠵᠢᠭ᠍ᠰᠠᠭᠠᠨ ᠪᠠᠢᠴᠠᠭᠠᠵᠤ ᠱᠢᠶ᠋ᠳᠪᠦᠷᠢᠯᠡᠨ᠂ ᠬᠠᠪᠰᠤᠷᠤᠨ ᠲᠡᠳᠬᠦᠬᠦ᠌ ᠪᠦᠯᠬᠦᠮ ᠨᠡᠢᠲᠡ ᠢ᠋ᠢ ᠵᠣᠬᠢᠶᠠᠨ ᠪᠠᠢᠭᠤᠯᠤᠨ ᠠᠵᠤ ᠠᠬᠤᠢᠯᠠᠯ ᠢ᠋ ᠵᠢᠯᠣᠭᠣᠳᠴᠤ᠌᠂ ᠵᠠᠰᠠᠯᠲᠠ ᠢ᠋ᠢᠨ ᠲᠦᠬᠦᠬᠡᠷᠦᠮᠵᠢ ᠢ᠋ᠢᠨ ᠦᠷ᠎ᠡ ᠪᠦᠲᠦᠮᠵᠢ ᠢ᠋ᠢᠨᠢ ᠳᠡᠭᠡᠭ᠌ᠰᠢᠯᠡᠭᠦᠯᠬᠦ᠌ ᠢ᠋ᠢᠨ ᠬᠠᠮᠲᠤ ᠬᠠᠤᠯᠢ ᠬᠡᠷᠡᠭ᠌ᠵᠢᠭᠦᠯᠬᠦ ᠬᠢᠨᠠᠯᠲᠠ ᠬᠠᠮᠢᠶᠠᠷᠤᠯᠲᠠ ᠢ᠋ᠢ ᠴᠢᠩᠭᠠᠷᠠᠭᠤᠯᠤᠨ᠂ 《ᠵᠢᠭ᠍ᠰᠠᠭᠠᠨ ᠪᠠᠢᠴᠠᠭᠠᠬᠤ — ᠲᠤᠱᠢᠶᠠᠨ ᠭᠦᠶ᠋ᠴᠡᠳᠭᠡᠯᠭᠡᠬᠦ᠌ — ᠴᠡᠭ᠌ᠴᠡᠯᠡᠨ ᠰᠠᠢᠵᠢᠷᠠᠭᠤᠯᠬᠤ — ᠳ᠋ᠤᠭᠠᠷ ᠢ᠋ᠨᠢ ᠬᠠᠰᠤᠬᠤ》ᠪᠢᠲᠡᠭᠦᠦ ᠬᠡᠯᠬᠢᠶ᠎ᠡ ᠵᠢ ᠪᠦᠷᠢᠯᠳᠦᠭᠦᠯᠵᠦ᠍᠂ ᠠᠵᠤ ᠠᠬᠤᠢᠯᠠᠯ ᠤ᠋ᠨ ᠭᠤᠤᠯ ᠴᠣᠭ᠍ᠴᠠ ᠢ᠋ᠢᠨ ᠬᠠᠷᠢᠭᠤᠴᠠᠯᠭ᠎ᠠ ᠢ᠋ᠢ ᠪᠣᠳᠠᠲᠠᠢᠵᠢᠭᠤᠯᠪᠠ᠃
ᠣᠨᠣᠴᠠᠲᠠᠶ ᠬᠠᠮᠢᠶᠠᠷᠤᠨ ᠡᠵᠡᠮᠳᠡᠵᠦ᠍᠂ ᠣᠯᠠᠨ ᠡᠬᠢᠲᠦ ᠪᠣᠬᠢᠷᠲᠤᠯ ᠤ᠋ᠨ ᠵᠠᠰᠠᠯᠲᠠ ᠢ᠋ᠢ ᠴᠢᠩᠭᠠᠳᠬᠠᠪᠠ᠃ 《ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ — ᠣᠨᠣᠴᠠᠲᠠᠢ ᠮᠥᠷᠳᠡᠬᠦ᠌ — ᠬᠠᠨᠳᠤᠯᠭ᠎ᠠ ᠲᠠᠢ ᠵᠠᠰᠠᠬᠤ》ᠪᠦᠬᠦ᠌ ᠬᠡᠯᠬᠢᠶᠡᠨ ᠤ᠋ ᠰᠡᠷᠭᠡᠢᠯᠡᠨ ᠡᠵᠡᠮᠳᠡᠬᠦ᠌ ᠱᠢᠰᠲ᠋ᠧᠮ ᠢ᠋ ᠪᠠᠢᠭᠤᠯᠵᠤ ᠂ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠤᠶᠤᠨᠲᠤ ᠲᠠᠪᠴᠠᠩ ᠢ᠋ ᠠᠱᠢᠭ᠍ᠯᠠᠨ ᠵᠢᠱ᠌ᠢᠯᠲᠡ ᠢ᠋ᠢᠨ ᠣᠨᠣᠪᠴᠢᠲᠤ ᠴᠢᠨᠠᠷ ᠢ᠋ ᠳᠡᠭᠡᠭ᠌ᠰᠢᠯᠡᠭᠦᠯᠪᠠ᠃ ᠡᠰᠢ ᠰᠦᠷᠡᠯ ᠱᠢᠲᠠᠭᠠᠬᠤ ᠪᠠ ᠱᠢᠲᠠᠭᠠᠯᠭᠠ ᠢ᠋ᠢᠨ ᠨᠡᠭᠦᠷᠡᠰᠦ ᠢ᠋ᠢ ᠰᠤᠯᠠ ᠱᠢᠲᠠᠭᠠᠬᠤ ᠳ᠋ᠤ ᠴᠢᠭ᠌ᠯᠡᠭᠦᠯᠦᠨ ᠲᠤᠰᠭᠠᠶ ᠲᠥᠰᠦᠯ ᠲᠣᠭ᠍ᠲᠠᠭᠠᠵᠤ᠂ 《ᠳᠠᠭᠠᠭᠤᠯᠢ ᠣᠳᠣᠨ ᠤ᠋ ᠠᠯᠤᠰ ᠰᠡᠷᠡᠯ + ᠥᠨᠳᠥᠷ ᠣᠭ᠍ᠲᠠᠷᠭᠤᠶ ᠢ᠋ᠢᠨ ᠬᠠᠷᠠᠭᠠᠨ ᠳᠠᠪᠲᠠᠮᠵᠢ + ᠵᠢᠯᠣᠭᠣᠴᠢ ᠥᠬᠡᠶ ᠨᠢᠰᠭᠡᠯ + ᠲᠤᠤᠷᠵᠢᠭᠤᠯᠤᠭ᠍ᠰᠠᠨ ᠠᠵᠢᠯᠲᠠᠨ》 ᠤ᠋ ᠪᠣᠰᠣᠭ᠎ᠠ ᠴᠣᠭ᠍ᠴᠠᠲᠤ ᠬᠢᠨᠠᠨ ᠡᠵᠡᠮᠳᠡᠬᠦ᠌ ᠪᠠ ᠲᠣᠭᠣᠷᠢᠨ ᠪᠠᠢᠴᠠᠭᠠᠬᠤ ᠱᠢᠰᠲ᠋ᠧᠮ ᠢ᠋ ᠪᠠᠢᠭᠤᠯᠵᠤ᠂ ᠬᠥᠳᠡᠯᠦᠩᠭᠦᠶ ᠬᠢᠨᠠᠨ ᠬᠠᠮᠢᠶᠠᠷᠬᠤ ᠪᠠ ᠨᠠᠷᠢᠯᠢᠭ ᠣᠨᠣᠴᠠᠲᠠᠶ ᠪᠡᠷ ᠴᠡᠭ᠌ᠴᠡᠯᠡᠨ ᠰᠠᠢᠵᠢᠷᠠᠭᠤᠯᠬᠤ ᠢ᠋ᠢ ᠪᠡᠶᠡᠯᠡᠭᠦᠯᠪᠠ ᠃
ᠨᠢᠭᠡᠳᠦᠯᠲᠡᠶ ᠲᠥᠯᠥᠪᠵᠢᠭᠦᠯᠦᠨ ᠬᠦᠴᠦᠯᠡᠵᠦ᠍᠂ ᠬᠦᠳᠡᠯᠦᠡᠭᠭᠦᠢ ᠪᠣᠬᠢᠷᠲᠤᠯ ᠤ᠋ᠨ ᠵᠠᠰᠠᠯᠲᠠ ᠢ᠋ᠢ ᠴᠢᠩᠭᠠᠳᠭᠠᠪᠠ᠃ 《ᠰᠣᠯᠢᠬᠤ᠂ ᠪᠠᠢᠴᠠᠭᠠᠬᠤ᠂ ᠬᠠᠰᠤᠬᠤ》ᠬᠠᠮ ᠠᠷᠭ᠎ᠠ ᠬᠡᠮᠵᠢᠶ᠎ᠡ ᠢ᠋ᠢ ᠭᠠᠷᠭᠠᠪᠠ᠄ ᠱᠢᠨ᠎ᠡ ᠡᠨᠧᠷᠭᠢ ᠢ᠋ᠢᠨ ᠮᠠᠱᠢᠨ ᠲᠡᠷᠭᠡ ᠢ᠋ᠢ ᠶᠡᠬᠡᠪᠡᠷ ᠳᠡᠯᠭᠡᠷᠡᠭᠦᠯᠵᠦ᠍᠂ 1977 ᠲᠦᠷᠢᠶᠡᠰᠦᠨ ᠮᠠᠱᠢᠨ ᠲᠡᠷᠭᠡ ᠢ᠋ᠢ ᠱᠢᠨ᠎ᠡ ᠡᠨᠧᠷᠭᠢ ᠢ᠋ᠢᠨ ᠮᠠᠱᠢᠨ ᠲᠡᠷᠭᠡ ᠪᠡᠷ ᠰᠣᠯᠢᠪᠠ ; ᠮᠠᠱᠢᠨ ᠲᠡᠷᠭᠡᠨ ᠤ᠋ ᠰᠡᠭᠦᠯ ᠤ᠋ᠨ ᠬᠡᠢ ᠢ᠋ᠢ ᠪᠠᠢᠴᠠᠭᠠᠨ ᠬᠡᠮᠵᠢᠬᠦ᠌ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ ᠠᠰᠠᠭᠤᠳᠠᠯ ᠢ᠋ ᠴᠢᠩᠭ᠎ᠠ ᠪᠠᠢᠴᠠᠭᠠᠪᠠ; 3 ᠲᠦᠮᠡ ᠭᠠᠷᠤᠶ ᠬᠠᠭᠤᠴᠢᠨ ᠮᠠᠱᠢᠨ ᠲᠡᠷᠭᠡ ᠢ᠋ᠢ ᠱᠢᠭ᠌ᠰᠢᠭ᠌ᠳᠡᠭᠦᠯᠪᠡ᠃ ᠡᠭᠦᠨ ᠤ᠋ ᠬᠠᠮᠲᠤ᠂ ᠵᠠᠮ ᠬᠠᠷᠢᠯᠴᠠᠭᠠᠨ ᠤ᠋ ᠪᠤᠰᠤ ᠱᠢᠯᠵᠢᠮᠡᠯ ᠮᠧᠬᠠᠨᠢᠭ ᠢ᠋ ᠳᠠᠩᠰᠠᠯᠠᠭᠤᠯᠤᠨ ᠬᠠᠮᠢᠶᠠᠷᠬᠤ ᠪᠠ ᠴᠠᠢᠶᠢᠦ ᠲᠣᠰᠣᠨ ᠤ᠋ ᠪᠠᠷᠠᠭᠠᠨ ᠤ᠋ ᠲᠡᠷᠭᠡ ᠢ᠋ᠢᠨ ᠵᠠᠮ ᠤ᠋ᠨ ᠪᠠᠢᠴᠠᠭᠠᠯᠲᠠ ᠢ᠋ᠢ ᠴᠢᠩᠭᠠᠳᠭᠠᠵᠤ᠂ ᠰᠡᠭᠦᠯ ᠤ᠋ᠨ ᠬᠡᠢ ᠢ᠋ᠢᠨ ᠭᠠᠳᠠᠭ᠍ᠰᠢᠯᠠᠭᠤᠯᠤᠯᠲᠠ ᠢ᠋ᠢ ᠪᠠᠭᠠᠰᠬᠠᠪᠠ᠃
ᠤᠯᠠᠨ ᠵᠢᠯ ᠤ᠋ᠨ ᠴᠥᠬᠥᠷᠡᠰᠢ ᠦᠭᠡᠢ ᠴᠢᠷᠮᠠᠢᠯᠭ᠎ᠠ ᠪᠡᠷ ᠳᠠᠮᠵᠢᠨ᠂ ᠬᠦᠬᠡᠬᠤᠲᠠ ᠢ᠋ᠢᠨ PM 2.5 ᠵᠢᠯ ᠤ᠋ᠨ ᠳᠤᠮᠳᠠᠴᠢ ᠥᠳᠭᠡᠴᠡ 2015 ᠣᠨ ᠳ᠋ᠤ 38 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ ᠪᠠᠢᠭ᠍ᠰᠠᠨ ᠡᠴᠡ 2025 ᠣᠨ ᠳ᠋ᠤ 24 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ ᠪᠣᠯᠤᠨ ᠪᠠᠭᠤᠷᠠᠵᠤ᠂ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶ᠎ᠠ ᠢ᠋ᠢ ᠲᠤᠭᠲᠠᠭᠤᠨ ᠢ᠋ᠢᠡᠷ ᠳᠠᠪᠠᠬᠰᠠᠨ ᠪᠠᠢᠨ᠎ᠠ᠃ 2025 ᠣᠨ ᠳ᠋ᠤ᠂ ᠵᠢᠷᠭᠤᠭᠠᠨ ᠵᠦᠶ᠋ᠯ ᠤ᠋ᠨ ᠭᠤᠤᠯ ᠪᠣᠯᠬᠤ ᠪᠣᠬᠢᠷᠲᠤᠯ ᠪᠣᠳᠠᠰ ᠤ᠋ᠨ ᠥᠳᠭᠡᠴᠡ ᠳ᠋ᠤ 《ᠲᠠᠪᠤ ᠪᠠᠭᠤᠷᠠᠵᠤ ᠨᠢᠭᠡ ᠲᠡᠡᠭᠴᠡᠭᠰᠡᠨ》 ᠰᠠᠢᠨ ᠪᠠᠢᠳᠠᠯ ᠢᠯᠡᠷᠡᠵᠦ᠍᠂ ᠣᠽᠣᠨ ᠤ᠋ ᠳᠤᠮᠳᠠᠴᠢ ᠥᠳᠭᠡᠴᠡ ᠨᠢᠳᠤᠨᠤᠨ ᠤ᠋ ᠠᠳᠠᠯᠢ ᠬᠤᠭᠤᠴᠠᠭᠠᠨ ᠤ᠋ᠬᠢ ᠡᠴᠡ 11.3% ᠪᠡᠷ ᠪᠠᠭᠤᠷᠠᠵᠤ᠂ PM 2.5 ᠢ᠋ᠢᠨ ᠥᠳᠭᠡᠴᠡ ᠨᠢᠳᠤᠨᠤᠨ ᠤ᠋ ᠠᠳᠠᠯᠢ ᠬᠤᠭᠤᠴᠠᠭᠠᠨ ᠤ᠋ᠬᠢ ᠡᠴᠡ 14.3% ᠪᠡᠷ ᠪᠠᠭᠤᠷᠠᠪᠠ᠃
ᠥᠨᠥᠳᠦᠷ᠂ ᠬᠦᠭᠡ ᠣᠭ᠍ᠲᠠᠷᠭᠤᠢ ᠬᠥᠪᠥᠩ ᠡᠭᠦᠯᠡ ᠨᠢ ᠬᠥᠬᠡᠬᠣᠲᠠ ᠢ᠋ᠢᠨ ᠴᠤ ᠰᠢᠨ᠎ᠠ ᠦᠡᠭᠭᠡ ᠪᠤᠯᠵᠠᠢ᠃
ᠬᠦᠬᠡᠬᠤᠲᠠᠵᠢᠨ ᠬᠢᠨ ᠬᠥᠭ᠌ᠵᠢᠯᠲᠡ ᠪᠣᠯᠤᠨ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠡᠶ᠎ᠡ ᠵᠣᠬᠢᠴᠠᠡᠭᠭᠤᠢ ᠠᠶᠠᠰᠢ ᠴᠢᠪᠬᠠᠳᠠᠵᠤ᠂ 《ᠴᠡᠪᠡᠷ ᠠᠭᠠᠷ ᠴᠡᠯᠮᠡᠭ ᠲᠡᠭᠷᠢ》 ᠪᠠᠷ ᠢ᠋ᠢᠡᠨ ᠵᠢᠭᠤᠯᠴᠢᠯᠠᠬᠰᠠᠳ ᠤ᠋ᠨ ᠰᠡᠳᠬᠢᠯ ᠢ᠋ ᠲᠠᠲᠠᠵᠤ᠂ ᠠᠵᠠ ᠵᠢᠷᠭᠠᠯ᠂ ᠠᠮᠢᠵᠢᠷᠠᠯ ᠴᠡᠴᠡᠭᠯᠡᠯ ᠢ᠋ᠢᠡᠷ ᠪᠢᠯᠬᠠᠵᠤ᠂ ᠠᠮᠢᠳᠤᠷᠠᠨ ᠰᠠᠭᠤᠷᠢᠰᠢᠬᠤ ᠳ᠋ᠤ ᠲᠠᠭᠠᠯᠠᠮᠵᠢᠲᠠᠢ ᠴᠠᠪᠡᠷ ᠰᠠᠢᠬᠠᠨ ᠬᠤᠲᠠ ᠪᠤᠯᠵᠠᠢ᠃