ᠬᠠᠪᠤᠷ ᠪᠤᠯᠵᠤ ᠭᠠᠯᠠᠭᠤ ᠰᠢᠪᠠᠭᠤᠳ ᠭᠠᠩᠭᠠᠨᠠᠯᠳᠤᠨ ᠬᠠᠷᠢ ᠬᠤᠯᠠ ᠡᠴᠡ ᠤᠮᠠᠷᠠᠰᠢ ᠨᠡᠬᠦᠳᠡᠯᠯᠡᠵᠤ᠂ ᠤᠯᠠᠭᠠᠨᠬᠠᠳᠠ ᠬᠤᠳᠠ ᠵᠢᠨ ᠬᠡᠰᠢᠭᠳᠡᠨ ᠬᠤᠰᠢᠭᠤᠨ ᠤ᠋ ᠲᠠᠯᠠᠢᠨᠠᠭᠤᠷ ᠤᠯᠤᠰ ᠤ᠋ᠨ ᠲᠡᠰ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ ᠳ᠋ᠤ ᠬᠡᠳᠦᠨ ᠲᠦᠮᠡᠨ ᠨᠡᠭᠦᠳᠡᠯ ᠤ᠋ᠨ ᠱᠢᠪᠠᠭᠤ ᠰᠠᠭᠠᠳᠠᠯ᠎ᠠ᠃

ᠲᠠᠬᠡᠬᠦ ᠳ᠋ᠤ ᠲᠤᠰ ᠬᠠᠮᠠᠭᠠᠯᠠᠯᠲᠠ ᠶ᠋ᠢᠨ ᠤᠷᠤᠨ ᠤ᠋ ᠬᠤᠯᠪᠣᠭᠠᠯᠠᠨ ᠬᠠᠮᠵᠢᠯᠴᠠᠵᠤ ᠲᠤᠭᠤᠷᠢᠨ ᠬᠠᠮᠠᠭᠠᠯᠠᠬᠤ ᠴᠠᠭ᠍ᠳᠠᠭᠠ ᠨᠠᠷ ᠡᠳᠤᠷ ᠪᠦᠷᠢ ᠦᠷ ᠤ᠋ᠨ ᠲᠠᠪᠤᠨ ᠴᠠᠭ ᠤ᠋ᠨ ᠦᠶ᠎ᠠ ᠪᠡᠷ ᠲᠣᠭᠤᠷᠢᠨ ᠪᠠᠢᠴᠠᠭᠠᠬᠤ ᠠᠵᠢᠯ ᠶ᠋ᠢᠡᠨ ᠡᠬᠢᠯᠡᠭᠦᠯᠵᠦ᠍᠂ ᠵᠠᠮ ᠳᠠᠭᠠᠤ ᠶ᠋ᠢᠨ ᠨᠡᠭᠦᠳᠡᠯ ᠤ᠋ᠨ ᠱᠢᠪᠠᠭᠤᠳ ᠤ᠋ᠨ ᠣᠷᠣᠱᠢᠨ ᠠᠮᠢᠳᠤᠷᠠᠬᠤ ᠣᠷᠣᠨ ᠳ᠋ᠤ ᠬᠠᠤᠯᠢ ᠪᠤᠰᠤ ᠪᠠᠷ ᠠᠩᠨᠠᠬᠤ ᠪᠠᠭᠠᠵᠢ ᠬᠡᠷᠡᠭ᠌ᠰᠡᠯ ᠨᠢᠭᠤᠭᠳᠠᠵᠤ ᠪᠠᠢᠬᠤ ᠡᠰᠡᠬᠦ ᠵᠢ ᠨᠠᠷᠢᠨ ᠬᠢᠨᠠᠮᠠᠭᠠᠶ ᠵᠢᠭ᠍ᠰᠠᠭᠠᠨ ᠪᠠᠢᠴᠠᠭᠠᠬᠤ ᠵᠢᠨ ᠬᠠᠮᠳᠤ᠂ ᠨᠡᠭᠦᠳᠡᠯ ᠤ᠋ᠨ ᠱᠢᠪᠠᠭᠤᠳ ᠤ᠋ᠨ ᠵᠠᠮ ᠮᠥᠷ ᠢ᠋ ᠨᠠᠷᠢᠨ ᠬᠢᠨᠠᠮᠠᠭᠠᠶ ᠢᠯᠭᠠᠨ ᠲᠠᠨᠢᠵᠤ ᠨᠠᠷᠢᠨ ᠲᠡᠮᠳᠡᠭ᠌ᠯᠡᠨᠡ᠃

ᠬᠡᠱᠢᠭ᠌ᠳᠡᠨ ᠬᠤᠱᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠵᠢᠨ ᠬᠢᠨ 《ᠠᠮᠢ ᠠᠬᠤᠢ ᠶ᠋ᠢᠨ ᠴᠠᠭ᠍ᠳᠠᠭᠠᠨ ᠤ᠋ ᠶᠠᠪᠤᠳᠠᠯ》 ᠤ᠋ᠨ ᠪᠠᠢᠭᠤᠯᠤᠯᠲᠠ ᠶ᠋ᠢ ᠭᠦᠨᠵᠡᠭᠡᠢᠷᠡᠭᠦᠯᠬᠦ᠌ ᠪᠠᠷ ᠭᠠᠷᠳᠠᠴᠠ ᠪᠣᠯᠭᠠᠨ ᠬᠠᠮᠠᠭᠠᠯᠠᠯᠲᠠ ᠶ᠋ᠢᠨ ᠣᠷᠣᠨ ᠤ᠋ ᠳᠣᠲᠣᠷ᠎ᠠ ᠪᠦᠬᠦ᠌ ᠲᠠᠯ᠎ᠠ ᠪᠠᠷ᠂ ᠪᠠᠢᠩᠭᠤ ᠶ᠋ᠢᠨ ᠴᠢᠨᠠᠷᠳᠠᠢ ᠲᠣᠭᠤᠷᠢᠨ ᠪᠠᠢᠴᠠᠭᠠᠯᠳᠠ ᠬᠢᠵᠦ᠍᠂ ᠨᠡᠭᠦᠳᠡᠯ ᠤ᠋ᠨ ᠱᠢᠪᠠᠭᠤᠳ ᠢ᠋ ᠰᠠᠬᠢᠨ ᠬᠠᠮᠠᠭᠠᠯᠠᠵᠦ᠍ ᠪᠠᠢᠨ᠎ᠠ᠃ ᠮᠠᠰᠢᠨ ᠲᠡᠷᠭᠡ ᠪᠠᠷ ᠲᠣᠭᠤᠷᠢᠨ ᠪᠠᠢᠴᠠᠭᠠᠬᠤ᠂ ᠶᠠᠪᠠᠭᠠᠨ ᠶ᠋ᠢᠡᠷ ᠲᠣᠭᠤᠷᠢᠨ ᠪᠠᠢᠴᠠᠭᠠᠬᠤ᠂ ᠵᠢᠯᠣᠭᠤᠴᠢ ᠦᠭᠡᠢ ᠨᠢᠰᠭᠡᠯ ᠶ᠋ᠢᠡᠷ ᠲᠣᠭᠤᠷᠢᠨ ᠪᠠᠢᠴᠠᠭᠠᠬᠤ᠂ ᠣᠩᠭᠤᠴᠠ ᠰᠡᠯ ᠵᠢᠡᠷ ᠲᠤᠭᠤᠷᠢᠨ ᠪᠠᠢᠴᠠᠭᠠᠬᠤ ᠁ ᠲᠠᠯᠠᠢᠨᠠᠭᠤᠷ ᠤᠯᠤᠰ ᠤ᠋ᠨ ᠲᠡᠰ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠤᠷᠤᠨ ᠨᠢᠬᠡᠨᠳᠡ 《ᠤᠰᠤ ᠬᠠᠭᠤᠷᠠᠢ ᠠᠭᠠᠷ》ᠤ᠋ᠨ ᠪᠣᠰᠤᠭ᠎ᠠ ᠴᠣᠭ᠍ᠴᠠᠲᠤ ᠲᠣᠭᠤᠷᠢᠨ ᠪᠠᠢᠴᠠᠭᠠᠵᠦ᠍ ᠰᠡᠷᠭᠡᠢᠯᠡᠬᠦ᠌ ᠱᠢᠰᠲ᠋ᠧᠮ ᠢ᠋ ᠪᠠᠢᠭᠤᠯᠵᠤ᠂ ᠨᠡᠭᠦᠳᠡᠯ ᠤ᠋ᠨ ᠱᠢᠪᠠᠭᠤᠳ ᠲᠦ᠍ ᠠᠮᠤᠷ ᠲᠦᠪᠰᠢᠨ ᠤᠷᠴᠢᠨ ᠲᠤᠭᠤᠷᠢᠨ ᠬᠠᠡᠭᠭᠠᠨ ᠦᠭᠴᠤ ᠪᠤᠢ᠃
《ᠵᠢᠯ ᠪᠦᠷᠢ ᠶ᠋ᠢᠨ 3 ᠰᠠᠷ᠎ᠠ ᠶ᠋ᠢᠨ ᠰᠡᠭᠦᠯᠴᠢ ᠡᠴᠡ 4 ᠰᠠᠷ᠎ᠠ ᠶ᠋ᠢᠨ ᠡᠬᠢᠨ ᠬᠦᠷᠲᠡᠯ᠎ᠡ ᠮᠢᠩᠭ᠎ᠠ ᠲᠦᠮᠡᠨ ᠨᠡᠭᠦᠳᠡᠯ ᠤ᠋ᠨ ᠱᠢᠪᠠᠭᠤ ᠠᠳᠡ ᠠᠮᠠᠷᠠᠭᠠᠳ ᠶᠠᠪᠤᠳᠠᠭ᠂ ᠡᠨᠡ ᠬᠤᠭᠤᠴᠠᠭᠠᠨ ᠳ᠋ᠤ ᠪᠢᠳᠡ ᠡᠳᠦᠷ ᠪᠦᠷᠢ ᠨᠠᠭᠤᠷ ᠤ᠋ᠨ ᠬᠥᠪᠡᠭᠡ ᠪᠠᠷ ᠲᠤᠭᠤᠷᠢᠨ ᠪᠠᠢᠴᠠᠭᠠᠳᠠᠭ᠃ ᠪᠢᠳᠡ ᠦᠷᠯᠦᠬᠡ ᠡᠴᠡ ᠦᠳᠡᠰᠢ ᠪᠤᠯᠳᠠᠯ᠎ᠠ ᠵᠤᠭᠰᠤᠯ ᠦᠬᠡᠢ ᠲᠤᠭᠤᠷᠢᠨ ᠪᠠᠢᠴᠠᠭᠠᠵᠤ᠂ ᠠᠶᠤᠯ ᠲᠦᠭ᠌ᠰᠢᠭᠦᠷᠢ ᠵᠢᠨ ᠬᠡᠮ ᠰᠤᠭᠤᠭ ᠢ᠋ ᠪᠦᠬᠦ᠌ ᠲᠠᠯ᠎ᠠ ᠪᠠᠷ ᠢᠯᠭᠠᠨ ᠲᠤᠳᠤᠯᠠᠵᠦ᠍᠂ ᠨᠡᠭᠦᠳᠡᠯ ᠤ᠋ᠨ ᠱᠢᠪᠠᠭᠤᠳ ᠤ᠋ᠨ ᠦᠷᠳᠡᠭᠡ ᠶ᠋ᠢ ᠪᠦᠬᠦ ᠬᠦᠴᠦᠨ ᠵᠢᠡᠷ ᠵᠢᠡᠨ ᠰᠠᠬᠢᠨ ᠬᠠᠮᠠᠭᠠᠯᠠᠵᠤ ᠪᠠᠢᠨ᠎ᠠ》 ᠭᠡᠵᠦ᠍ ᠬᠡᠱᠢᠭ᠌ᠲᠡᠨ ᠬᠤᠱᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠳᠠᠷᠬᠠᠨ ᠲᠣᠮᠢᠯᠠᠭ᠍ᠰᠠᠨ ᠰᠠᠯᠪᠤᠷᠢ ᠶ᠋ᠢᠨ ᠠᠷᠠᠳ ᠤ᠋ᠨ ᠴᠠᠭ᠍ᠳᠠᠭᠠ ᠨᠤᠮᠤᠨᠰᠠᠩ ᠬᠡᠯᠡᠨ᠎ᠠ᠃
ᠲᠡᠳᠡ ᠲᠣᠭᠤᠷᠢᠨ ᠪᠠᠢᠴᠠᠭᠠᠯᠳᠠ ᠶ᠋ᠢᠨ ᠠᠵᠢᠯ ᠢ᠋ ᠴᠢᠩᠭᠠᠳᠭᠠᠬᠤ ᠶ᠋ᠢᠨ ᠬᠠᠮᠲᠤ ᠬᠠᠮᠠᠭᠠᠯᠠᠯᠲᠠ ᠶ᠋ᠢᠨ ᠣᠷᠣᠨ ᠤ᠋ ᠡᠷᠭᠢᠨ ᠲᠣᠭᠤᠷᠢᠨ ᠤ᠋ ᠠᠢᠯ ᠲᠣᠰᠭᠤᠨ᠂ ᠮᠠᠯᠵᠢᠬᠤ ᠲᠠᠷᠢᠶᠠᠯᠠᠬᠤ ᠡᠷᠦᠬᠡ ᠳ᠋ᠤ ᠭᠦᠨᠵᠡᠭᠡᠢᠷᠡᠵᠦ᠍᠂ ᠤᠬᠠᠭᠤᠯᠭ᠎ᠠ ᠶ᠋ᠢᠨ ᠮᠠᠲ᠋ᠧᠷᠢᠶᠠᠯ ᠲᠠᠷᠬᠠᠭᠠᠬᠤ᠂ ᠲᠤᠬᠠᠶ ᠶ᠋ᠢᠨ ᠲᠠᠯᠠᠪᠤᠷ ᠲᠤ᠌ ᠲᠠᠢᠯᠤᠮᠵᠢ ᠬᠢᠬᠦ᠌ ᠵᠡᠷᠭᠡ ᠠᠷᠭ᠎ᠠ ᠪᠠᠷ ᠣᠯᠠᠨ ᠲᠦᠮᠡᠨ ᠳ᠋ᠤ 《ᠬᠡᠭᠡᠷ᠎ᠡ ᠶ᠋ᠢᠨ ᠠᠮᠢᠲᠠᠨ ᠢ᠋ ᠬᠠᠮᠠᠭᠠᠯᠠᠬᠤ ᠬᠠᠤᠯᠢ》 ᠵᠡᠷᠭᠡ ᠬᠠᠤᠯᠢ ᠲᠣᠭ᠍ᠲᠠᠭᠠᠯ ᠢ᠋ ᠲᠦᠭᠡᠮᠡᠯᠵᠢᠭᠦᠯᠤᠨ᠂ ᠨᠡᠭᠦᠳᠡᠯ ᠤ᠋ᠨ ᠱᠢᠪᠠᠭᠤ ᠶ᠋ᠢ ᠬᠠᠮᠠᠭᠠᠯᠠᠬᠤ ᠪᠠ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠴᠢᠬᠤᠯᠠ ᠠᠴᠢ ᠬᠤᠯᠪᠣᠭ᠍ᠳᠠᠯ ᠢ᠋ ᠲᠣᠳᠣᠷᠬᠠᠢᠯᠠᠵᠤ᠂ ᠣᠯᠠᠨ ᠲᠦᠮᠡᠨ ᠢ᠋ ᠲᠠᠢᠴᠢᠯᠠᠨ ᠨᠡᠭᠦᠳᠡᠯ ᠤ᠋ᠨ ᠱᠢᠪᠠᠭᠤ ᠶ᠋ᠢᠨ ᠬᠠᠮᠠᠭᠠᠯᠠᠯᠳᠠ ᠳ᠋ᠤ ᠢᠳᠡᠪᠬᠢᠳᠠᠢ ᠣᠷᠣᠯᠴᠠᠭᠤᠯᠵᠤ᠂ ᠨᠡᠭᠦᠳᠡᠯ ᠤ᠋ᠨ ᠱᠢᠪᠠᠭᠤ ᠶ᠋ᠢ ᠬᠠᠤᠯᠢ ᠪᠤᠰᠤ ᠪᠠᠷ ᠠᠩᠨᠠᠬᠤ᠂ ᠬᠤᠳᠠᠯᠳᠤᠵᠦ᠍ ᠪᠤᠷᠤᠯᠠᠭᠤᠯᠬᠤ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠶ᠋ᠢ ᠤᠬᠠᠮᠰᠠᠷ ᠡᠴᠡ ᠪᠡᠨ ᠬᠤᠷᠢᠭ᠍ᠯᠠᠬᠤ ᠦᠵᠡᠯᠳᠡ ᠲᠠᠨᠢᠯᠳᠠ ᠶ᠋ᠢ ᠨᠢ ᠲᠡᠭᠡᠭ᠌ᠰᠢᠯᠡᠭᠦᠯᠵᠠᠢ᠃

《ᠳᠠᠯᠠᠢᠨᠠᠭᠤᠷ ᠪᠣᠯ ᠨᠡᠭᠦᠳᠡᠯ ᠤ᠋ᠨ ᠱᠢᠪᠠᠭᠤᠳ ᠤ᠋ᠨ ᠴᠡᠩᠬᠡᠯ ᠤ᠋ᠨ ᠤᠷᠤᠨ ᠮᠦᠨ᠂ ᠡᠨᠡ ᠨᠢ ᠭᠡᠷᠡᠯ ᠵᠢᠷᠤᠭ ᠲᠤ᠌ ᠪᠠᠭ᠍ᠠᠳᠠᠢ ᠨᠠᠳᠠ ᠳ᠋ᠤ ᠣᠨᠴᠠᠭᠠᠢ ᠰᠠᠢᠬᠠᠨ ᠰᠠᠨᠠᠭ᠍ᠳᠠᠵᠦ᠍ ᠪᠠᠢᠨ᠎ᠠ᠃ ᠠᠳᠡᠬᠢ ᠠᠮᠢ ᠠᠬᠤᠢ ᠤᠯᠠᠮ ᠡᠴᠡ ᠤᠯᠠᠮ ᠰᠠᠢᠵᠢᠷᠠᠵᠤ᠂ ᠵᠢᠯ ᠪᠦᠷᠢ ᠶ᠋ᠢᠨ ᠬᠠᠪᠤᠷᠤᠨ ᠤᠯᠠᠷᠢᠯᠵᠢᠡᠷ ᠬᠡᠳᠦᠨ ᠲᠦᠮᠡᠨ ᠬᠤᠨ ᠭᠠᠯᠠᠭᠤ ᠪᠤᠯᠵᠤᠭ᠎ᠠ ᠶᠤᠰᠤᠭᠠᠷ ᠡᠨᠳᠡ ᠬᠤᠷᠠᠨ ᠴᠤᠭ᠍ᠯᠠᠷᠠᠳᠠᠭ᠂ ᠡᠨᠡ ᠪᠤᠯ ᠪᠢᠳᠡᠨ ᠤ᠋ ᠭᠡᠷᠡᠯ ᠵᠢᠷᠤᠭ᠍ᠴᠢᠳ ᠤ᠋ᠨ ᠤᠯᠳᠠᠰᠢ ᠦᠭᠡᠢ ᠡᠷᠬᠢᠮ ᠨᠠᠨᠳᠢᠨ ᠦᠵᠡᠮᠵᠢ ᠶᠤᠮ》 ᠭᠡᠵᠦ᠍ ᠭᠡᠷᠡᠯ ᠵᠢᠷᠤᠭ ᠤ᠋ᠨ ᠪᠠᠭ᠍ᠠᠳᠠᠨ ᠱᠧᠨ ᠶᠠᠨ ᠹᠠᠩ ᠲᠠᠯᠠᠢᠨᠠᠭᠤᠷ ᠤ᠋ᠨ ᠬᠦᠪᠡᠭᠡᠨ ᠳ᠋ᠡᠬᠢ ᠨᠠᠭᠦᠳᠠᠯ ᠤ᠋ᠨ ᠱᠢᠪᠠᠭᠤᠳ ᠢ᠋ ᠪᠠᠬᠠᠷᠬᠠᠨ ᠰᠡᠬᠦᠳᠡᠷᠯᠡᠨᠠ᠃
ᠨᠡᠭᠦᠳᠡᠯ ᠤ᠋ᠨ ᠱᠢᠪᠠᠭᠤᠳ ᠰᠦᠷᠦᠭ ᠰᠦᠷᠦᠭ ᠵᠢᠡᠷ ᠲᠠᠯᠠᠢᠨᠠᠭᠤᠷ ᠤ᠋ᠨ ᠬᠥᠪᠡᠭᠡᠨ ᠳ᠋ᠤ ᠰᠠᠭᠠᠳᠠᠬᠤ ᠪᠤᠯᠤᠭᠰᠠᠨ ᠨᠢ ᠬᠡᠱᠢᠭ᠌ᠲᠡᠨ ᠬᠤᠱᠢᠭᠤᠨ ᠤ᠋ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠭᠰᠠᠨ ᠤ᠋ ᠪᠤᠳᠠᠳᠠᠢ ᠭᠡᠷᠡᠴᠢ ᠪᠤᠯᠬᠤ ᠪᠦᠭᠡᠳ ᠬᠡᠱᠢᠭ᠌ᠲᠡᠨ ᠬᠤᠱᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ 《ᠠᠮᠢ ᠠᠬᠤᠶ ᠶ᠋ᠢᠨ ᠴᠠᠭ᠍ᠳᠠᠭᠠᠨ ᠤ᠋ ᠶᠠᠪᠤᠳᠠᠯ》 ᠢ᠋ ᠭᠦᠨᠵᠡᠭᠡᠢ ᠶᠠᠪᠤᠭᠳᠠᠭᠤᠯᠤᠭᠰᠠᠨᠤ ᠦᠷ᠎ᠡ ᠪᠦᠲᠦᠮᠵᠢ ᠪᠤᠯᠬᠤ ᠶᠤᠮ᠃

ᠣᠢᠷ᠎ᠠ ᠶ᠋ᠢᠨ ᠵᠢᠯ ᠡᠴᠡ ᠨᠠᠭᠠᠰᠢ᠂ ᠬᠡᠱᠢᠭ᠌ᠲᠡᠨ ᠬᠤᠱᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠵᠢᠨ ᠬᠢᠨ ᠦᠪᠤᠷ ᠮᠤᠩᠭᠤᠯ ᠢ᠋ ᠮᠠᠨ ᠤ᠋ ᠤᠯᠤᠰ ᠤ᠋ᠨ ᠤᠮᠠᠷᠠᠳᠤ ᠵᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠪᠤᠯᠭᠠᠨ ᠪᠥᠲᠥᠭᠡᠨ ᠪᠠᠢᠭᠤᠯᠬᠤ ᠬᠠᠷᠠᠯᠳᠠ ᠱᠠᠭᠠᠷᠳᠠᠯᠭ᠎ᠠ ᠲᠠᠢ ᠨᠢᠭ᠍ᠲᠠ ᠤᠶᠠᠯᠳᠤᠭᠤᠯᠤᠨ᠂ ᠴᠠᠭ᠍ᠳᠠᠭᠠᠨ ᠤ᠋ ᠲᠥᠷᠥᠯ ᠤ᠋ᠨ ᠵᠠᠭᠠᠭ ᠬᠢᠵᠠᠭᠠᠷ ᠢ᠋ ᠡᠪᠳᠡᠨ᠂ ᠴᠠᠭ᠍ᠳᠠᠭᠠᠨ ᠤ᠋ ᠬᠦᠴᠦᠨᠤ ᠡᠬᠢ ᠪᠠᠶᠠᠯᠢᠭ ᠢ᠋ ᠨᠡᠢᠳᠭᠡᠵᠤ᠂ ᠠᠮᠢ ᠠᠬᠤᠶ ᠶ᠋ᠢ ᠲᠣᠭᠤᠷᠢᠨ ᠬᠠᠮᠠᠭᠠᠯᠠᠬᠤ ᠲᠤᠰᠭᠠᠶ ᠡᠩᠨᠡᠭᠡᠵᠢ ᠪᠠᠢᠭᠤᠯᠪᠠ᠃
ᠲᠤᠰ ᠡᠩᠨᠡᠭᠡ ᠵᠢᠨ ᠬᠢᠨ ᠲᠠᠯᠠᠢᠨᠠᠭᠤᠷ ᠤ᠋ᠨ 6 ᠭᠤᠣᠯᠳᠠᠯᠭ᠎ᠠ ᠲᠠᠢ ᠣᠷᠣᠨ ᠪᠦᠰᠡ ᠵᠢ 《ᠤᠯᠠᠭᠠᠨ ᠱᠢᠷᠠ ᠬᠥᠬᠡ》 ᠬᠡᠮᠡᠨ ᠭᠤᠷᠪᠠᠨ ᠦᠩᠭᠡ ᠶ᠋ᠢᠨ ᠲᠡᠰ ᠬᠤᠪᠢᠶᠠᠨ ᠬᠠᠮᠢᠶᠠᠷᠤᠨ ᠡᠵᠡᠮᠳᠡᠵᠦ᠍᠂ 《ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠬᠦ᠂ ᠠᠶᠤᠯ ᠲᠦᠭ᠌ᠰᠢᠭᠦᠷᠢ ᠶ᠋ᠢᠨ ᠭᠡᠮ ᠰᠣᠭᠤᠭ ᠢ᠋ ᠰᠡᠷᠭᠡᠢᠯᠡᠬᠦ᠂ ᠠᠮᠢ ᠠᠬᠤᠢ ᠣᠷᠴᠢᠨ ᠲᠣᠭᠤᠷᠢᠨ ᠢ᠋ ᠵᠠᠰᠠᠬᠤ᠂ ᠬᠡᠭᠡᠷ᠎ᠡ ᠶ᠋ᠢᠨ ᠠᠮᠢᠲᠠᠨ ᠤᠷᠭᠤᠮᠠᠯ ᠢ᠋ ᠬᠠᠮᠠᠭᠠᠯᠠᠬᠤ᠂ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠤᠬᠠᠭᠤᠯᠬᠤ》 ᠤᠯᠠᠨ ᠲᠠᠯ᠎ᠠ ᠶ᠋ᠢ ᠬᠠᠮᠤᠷᠤᠭᠰᠠᠨ ᠠᠮᠢ ᠠᠬᠤᠢ ᠶ᠋ᠢᠨ ᠴᠠᠭ᠍ᠳᠠᠭᠠᠨ ᠤ᠋ ᠶᠠᠪᠤᠳᠠᠯ ᠤ᠋ᠨ ᠠᠵᠢᠯ ᠤ᠋ᠨ ᠪᠠᠢᠷᠢᠱᠢᠯ ᠢ᠋ ᠪᠠᠢᠭᠤᠯᠵᠤ᠂ ᠪᠣᠳᠠᠲᠠᠢ ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠠᠷ ᠨᠡᠭᠦᠳᠡᠯ ᠤ᠋ᠨ ᠱᠢᠪᠠᠭᠤ ᠶ᠋ᠢᠨ ᠨᠡᠭᠦᠳᠡᠯ ᠤ᠋ᠨ ᠵᠠᠮ ᠢ᠋ ᠰᠠᠬᠢᠨ ᠬᠠᠮᠠᠭᠠᠯᠠᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠬᠠᠭᠤᠳᠠᠰᠤ ᠶ᠋ᠢ ᠵᠢᠷᠤᠭ᠍ᠯᠠᠬ᠍ᠰᠠᠭᠠᠷ ᠁