ᠥᠪᠥᠷ ᠮᠣᠩᠭᠣᠯ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ᠎ᠢ ᠪᠥᠬᠥ᠌ ᠲᠠᠯ᠎ᠠ ᠪᠡᠷ ᠰᠠᠢᠵᠢᠷᠠᠭᠤᠯᠵᠦ ᠪᠤᠢ
2026-04-20 10:57:59
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠵᠠᠩᠭᠢᠯᠠᠭ᠎ᠠ ᠶ᠋ᠢ ᠡᠵᠡᠮᠳᠡᠬᠦ᠌᠂ ᠭᠤᠤᠯᠳᠠᠯᠭ᠎ᠠ ᠶ᠋ᠢ ᠳᠣᠪᠣᠢᠯᠭᠠᠬᠤ ᠶ᠋ᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠤ᠋ᠨ ᠰᠠᠢᠵᠢᠷᠠᠯᠲᠠ ᠶ᠋ᠢ ᠪᠥᠬᠥ᠌ ᠲᠠᠯ᠎ᠠ ᠪᠡᠷ ᠠᠬᠢᠭᠤᠯᠤᠨ᠂ ᠠᠷᠠᠳ ᠣᠯᠠᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠢ᠋ ᠲᠠᠰᠤᠷᠠᠯᠲᠠ ᠥᠬᠡᠶ ᠨᠡᠮᠡᠭ᠌ᠳᠡᠭᠦᠯᠪᠡ᠃

ᠡᠨᠡ ᠵᠢᠯ ᠠᠮᠢ ᠠᠬᠤᠶ ᠵᠢᠨ ᠪᠦᠲᠦᠭᠡᠨ ᠪᠠᠢᠭᠤᠯᠤᠯᠲᠠ ᠵᠢᠨ ᠡᠭᠦᠷᠭᠡ ᠶ᠋ᠢ 4000 ᠲᠦᠮᠡᠨ ᠮᠤ᠌ ᠡᠴᠡ ᠳᠡᠭᠡᠭ᠌ᠰᠢ ᠪᠡᠶᠡᠯᠡᠭᠦᠯᠵᠦ᠍᠂ ᠡᠭᠦᠨ᠎ᠳᠦ 1500 ᠲᠦᠮᠡᠨ ᠮᠤ᠌ ᠡᠴᠡ ᠳᠡᠭᠡᠭ᠌ᠰᠢ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠨ᠎ᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠶ᠋ᠢ ᠥᠷᠨᠢᠭᠦᠯᠵᠦ᠍᠂ ᠲᠥᠷᠥᠯ ᠵᠦᠢᠯ ᠤ᠋ᠨ ᠪᠦᠬᠦ᠌ ᠶᠠᠪᠤᠴᠠ ᠵᠢᠨ ᠬᠠᠮᠢᠶᠠᠷᠤᠯᠲᠠ ᠶ᠋ᠢ ᠴᠢᠩᠭᠠᠳᠭᠠᠨ᠎ᠠ᠃ ᠣᠷᠳᠣ ᠬᠤᠭᠤᠴᠠᠭᠠᠨ ᠤ᠋ ᠪᠦᠲᠦᠮᠵᠢᠲᠡᠶ ᠬᠠᠮᠢᠶᠠᠷᠴᠤ᠌ ᠬᠠᠮᠠᠭᠠᠯᠠᠬᠤ ᠲᠣᠭ᠍ᠲᠠᠴᠠ ᠶ᠋ᠢ ᠪᠦᠷᠢᠨᠱᠢᠬᠦᠯᠵᠦ᠍᠂ ᠵᠤᠯᠵᠠᠭ᠎ᠠ ᠮᠣᠳᠣᠨ ᠤ᠋ ᠡᠳᠡᠭᠡᠷᠡᠯᠲᠡ ᠵᠢᠨ ᠨᠣᠷᠮ᠎ᠠ ᠪᠠ ᠪᠠᠢᠭᠤᠯᠤᠭ᠍ᠰᠠᠨ ᠲᠣᠭᠣᠷᠢᠭ ᠤ᠋ᠨ ᠬᠠᠮᠢᠶᠠᠷᠴᠤ᠌ ᠬᠠᠮᠠᠭᠠᠯᠠᠬᠤ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ᠃ 《ᠵᠠᠮ ᠵᠢᠡᠷ ᠡᠯᠡᠰᠦ ᠶ᠋ᠢ ᠵᠠᠰᠠᠬᠤ》 ᠶ᠋ᠢ ᠬᠡᠷᠡᠭ᠌ᠵᠢᠭᠦᠯᠬᠦ᠌ ᠬᠡᠪᠴᠢᠶ᠎ᠡ ᠶ᠋ᠢ ᠤᠯᠠᠮ ᠨᠢᠭᠡ ᠠᠯᠬᠤᠮ ᠥᠷᠭᠡᠵᠢᠭᠦᠯᠵᠦ᠍᠂ ᠮᠠᠱᠢᠨ ᠵᠢᠡᠷ ᠡᠯᠡᠰᠦ ᠶ᠋ᠢ ᠵᠠᠰᠠᠬᠤ ᠶ᠋ᠢ ᠢᠳᠡᠪᠬᠢᠲᠡᠶ ᠪᠡᠷ ᠳᠡᠯᠭᠡᠷᠡᠭᠦᠯᠦᠨ᠂ ᠠᠵᠢᠯ ᠣᠯᠭᠤᠯᠲᠠ ᠪᠡᠷ᠎ᠲᠡᠳᠬᠦᠮᠵᠢ ᠶ᠋ᠢ ᠣᠷᠣᠯᠠᠭᠤᠯᠬᠤ ᠶ᠋ᠢ ᠶᠡᠬᠡ ᠪᠡᠷ ᠳᠡᠯᠭᠡᠷᠡᠭᠦᠯᠵᠤ᠂ ᠨᠡᠩ ᠣᠯᠠᠨ ᠮᠠᠯᠴᠢᠨ ᠲᠠᠷᠢᠶᠠᠴᠢᠨ ᠢ᠋ ᠵᠣᠬᠢᠶᠠᠨ ᠪᠠᠢᠭᠤᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠳ᠋ᠤ ᠣᠷᠣᠯᠴᠠᠭᠤᠯᠵᠤ᠂ ᠡᠯᠡᠰᠦ ᠶ᠋ᠢ ᠵᠠᠰᠠᠬᠤ᠂ ᠪᠠᠶᠠᠵᠢᠨ ᠴᠢᠨᠡᠭᠡᠯᠢᠭ᠌ᠵᠢᠬᠦ ᠵᠢᠨ ᠬᠤᠤᠰ ᠠᠮᠵᠢᠯᠲᠠ ᠶ᠋ᠢ ᠪᠡᠶᠡᠯᠡᠭᠦᠯᠦᠨ᠎ᠡ᠃

ᠲᠠᠷᠢᠶᠠᠨ ᠭᠠᠵᠠᠷ ᠤ᠋ᠨ ᠬᠥᠷᠥᠰᠥ᠍ ᠱᠢᠷᠣᠶ ᠵᠢᠨ ᠬᠦᠨᠳᠦ ᠲᠡᠮᠦᠷᠯᠢᠭ ᠤ᠋ᠨ ᠪᠣᠬᠢᠷᠲᠤᠯ ᠤ᠋ᠨ ᠡᠬᠢ ᠰᠤᠷᠪᠤᠯᠵᠢ ᠶ᠋ᠢ ᠮᠦᠷᠳᠡᠨ ᠵᠠᠰᠠᠬᠤ ᠶ᠋ᠢ ᠥᠷᠨᠢᠭᠦᠯᠵᠦ᠍᠂ ᠭᠤᠤᠯᠳᠠᠯᠭ᠎ᠠ᠎ᠲᠠᠶ ᠣᠷᠣᠨ ᠪᠦᠰᠡ ᠵᠢᠨ ᠭᠠᠵᠠᠷ ᠳᠤᠤᠷᠠᠬᠢ ᠤᠰᠤᠨ ᠤ᠋ ᠪᠣᠬᠢᠷᠲᠤᠯ ᠢ᠋ ᠴᠡᠭ᠌ᠴᠡᠯᠡᠨ ᠵᠠᠰᠠᠬᠤ ᠶ᠋ᠢ ᠴᠢᠩᠭᠠᠳᠭᠠᠨ᠂ ᠭᠠᠵᠠᠷ ᠳᠤᠤᠷᠠᠬᠢ ᠤᠰᠤᠨ ᠤ᠋ ᠣᠷᠴᠢᠨ ᠲᠣᠭᠣᠷᠢᠨ ᠢ᠋ ᠲᠣᠭᠣᠷᠢᠭ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠰᠡᠷᠭᠡᠢᠯᠡᠨ ᠡᠵᠡᠮᠳᠡᠬᠦ᠌ ᠶ᠋ᠢ ᠠᠬᠢᠭᠤᠯᠵᠤ᠂ ᠡᠨᠡ ᠵᠢᠯ 500 ᠵᠠᠰᠠᠭ ᠵᠠᠬᠢᠷᠭᠠᠨ ᠤ᠋ ᠲᠣᠰᠭᠣᠨ ᠤ᠋ ᠠᠮᠢᠳᠤᠷᠠᠯ ᠤ᠋ᠨ ᠪᠣᠬᠢᠷ ᠤᠰᠤ ᠶ᠋ᠢ ᠵᠠᠰᠠᠬᠤ ᠶ᠋ᠢ ᠪᠡᠶᠡᠯᠡᠭᠦᠯᠦᠨ᠎ᠡ᠃ 《ᠬᠠᠶᠠᠭ᠍ᠳᠠᠮᠠᠯ ᠪᠣᠳᠠᠰ ᠥᠬᠡᠶ ᠬᠣᠲᠠ》 ᠵᠢᠨ ᠪᠥᠲᠥᠭᠡᠨ ᠪᠠᠢᠭᠤᠯᠤᠯᠲᠠ ᠶ᠋ᠢ ᠭᠦᠨᠵᠡᠭᠡᠶ ᠠᠬᠢᠭᠤᠯᠤᠨ᠂ ᠱᠢᠨ᠎ᠡ ᠪᠣᠬᠢᠷᠲᠤᠯ ᠪᠣᠳᠠᠰ ᠢ᠋ ᠵᠠᠰᠠᠬᠤ ᠪᠠ ᠣᠷᠴᠢᠨ ᠲᠣᠭᠣᠷᠢᠨ ᠤ᠋ ᠠᠶᠤᠯ ᠲᠦᠭ᠌ᠰᠢᠭᠦᠷᠢ ᠶ᠋ᠢ ᠬᠠᠮᠢᠶᠠᠷᠤᠨ ᠡᠵᠡᠮᠳᠡᠬᠦ᠌ ᠱᠢᠰᠲ᠋ᠧᠮ ᠢ᠋᠎ᠲᠦᠷᠭᠡᠳᠭᠡᠨ ᠪᠠᠢᠭᠤᠯᠵᠤ᠂ ᠠᠮᠢ ᠠᠬᠤᠶ ᠣᠷᠴᠢᠨ ᠲᠣᠭᠣᠷᠢᠨ ᠤ᠋ ᠠᠮᠤᠷ ᠲᠦᠪᠱᠢᠨ᠎ᠦ ᠬᠣᠷᠢᠭ᠎ᠠ ᠱᠤᠭᠤᠮ ᠢ᠋ ᠡᠷᠡᠰ ᠰᠠᠢᠲᠤᠷ ᠰᠠᠬᠢᠨ᠎ᠠ᠃

ᠬᠥᠬᠡᠬᠣᠲᠠ ᠪᠤᠭᠤᠲᠤ ᠣᠷᠳᠣᠰ ᠪᠠ ᠦᠬᠠᠶ ᠵᠢᠴᠢ ᠡᠷᠬᠢᠨ ᠲᠣᠭᠣᠷᠢᠨ ᠤ᠋ ᠭᠠᠵᠠᠷ ᠣᠷᠣᠨ ᠤ᠋ ᠠᠭᠠᠷ ᠮᠠᠨᠳᠠᠯ ᠤ᠋ᠨ ᠪᠣᠬᠢᠷᠲᠤᠯ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ ᠶ᠋ᠢ ᠭᠦᠨᠵᠡᠭᠡᠢᠷᠡᠭᠦᠯᠵᠦ᠍᠂ ᠭᠤᠤᠯᠳᠠᠯᠭ᠎ᠠ᠎ᠲᠠᠶ ᠠᠵᠢᠯ ᠲᠥᠷᠥᠯ ᠤ᠋ᠨ ᠬᠡᠲᠦ ᠳᠤᠤᠷ᠎ᠠ ᠭᠠᠳᠠᠭ᠍ᠰᠢᠯᠠᠭᠤᠯᠤᠯᠲᠠ ᠶ᠋ᠢ ᠥᠭᠡᠷᠡᠴᠢᠯᠡᠬᠦ᠌ ᠪᠠ ᠳᠡᠭ᠌ᠳᠡᠮᠡᠬᠡᠶ ᠴᠢᠨᠠᠷᠲᠠᠶ ᠣᠷᠭᠠᠨᠢᠭ ᠪᠣᠳᠠᠰ ᠢ᠋ ᠶᠡᠷᠦᠩᠬᠡᠢᠯᠡᠨ ᠵᠠᠰᠠᠬᠤ ᠶ᠋ᠢ ᠠᠬᠢᠭᠤᠯᠤᠨ᠂ ᠭᠤᠤᠯᠳᠠᠯᠭ᠎ᠠ᠎ᠲᠠᠶ ᠠᠵᠢᠯ ᠲᠥᠷᠥᠯ ᠤ᠋ᠨ ᠬᠦᠨᠳᠦ ᠪᠣᠬᠢᠷᠲᠤᠯ᠎ᠲᠠᠶ ᠴᠠᠭ ᠠᠭᠤᠷ ᠤ᠋ᠨ ᠠᠵᠢᠯ ᠤ᠋ᠨ ᠠᠮᠵᠢᠯᠲᠠ ᠪᠦᠲᠦᠮᠵᠢ ᠶ᠋ᠢ ᠲᠠᠰ ᠬᠤᠪᠢᠶᠠᠨ ᠬᠠᠮᠢᠶᠠᠷᠬᠤ ᠶ᠋ᠢ ᠠᠬᠢᠭᠤᠯᠵᠤ᠂ ᠬᠦᠨᠳᠦ ᠪᠣᠬᠢᠷᠲᠤᠯ᠎ᠲᠠᠶ ᠴᠠᠭ ᠠᠭᠤᠷ ᠢ᠋ ᠦᠨᠳᠦᠰᠦᠨ᠎ᠳᠡᠭᠡᠨ ᠠᠷᠢᠯᠭᠠᠵᠦ᠂ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠤᠰᠤᠨ ᠤ᠋ ᠪᠣᠬᠢᠷᠲᠤᠯ ᠢ᠋ ᠴᠡᠭ᠌ᠴᠡᠯᠡᠨ ᠵᠠᠰᠠᠬᠤ ᠠᠵᠢᠯᠯᠠᠭ᠎ᠠ ᠶ᠋ᠢ ᠥᠷᠨᠢᠭᠦᠯᠵᠦ᠍᠂ ᠭᠤᠤᠯᠳᠠᠯᠭ᠎ᠠ᠎ᠲᠠᠶ ᠰᠠᠪᠠ ᠭᠠᠵᠠᠷ ᠤ᠋ᠨ ᠤᠰᠤᠨ ᠤ᠋ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠬᠤ ᠶ᠋ᠢ ᠠᠬᠢᠭᠤᠯᠤᠨ᠂ 《ᠬᠦᠯᠦᠨ ᠨᠠᠭᠤᠷ ᠳᠠᠭ᠎ᠠ ᠵᠢᠨ ᠨᠠᠭᠤᠷ ᠤᠯᠠᠭᠠᠨᠰᠤᠬᠠᠢ ᠨᠠᠭᠤᠷ》 ᠵᠢᠴᠢ ᠴᠠᠭᠠᠨᠨᠠᠭᠤᠷ ᠤ᠋ᠨ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠲᠣᠭ᠍ᠲᠠᠭᠤᠨ ᠰᠠᠢᠵᠢᠷᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号