ᠦᠨᠢᠶᠠᠨ ᠰᠦ᠎ᠬᠢᠭᠡᠳ ᠠᠮᠢ ᠠᠬᠤᠢ
2026-04-20 10:45:08
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠠᠮᠢ ᠠᠬᠤᠢ ᠵᠢᠨ ᠬᠠᠮᠠᠭᠠᠯᠠᠯᠲᠠ ᠬᠢᠭᠡᠳ ᠠᠵᠤ ᠠᠬᠤᠢ ᠵᠢᠨ ᠬᠦᠭᠵᠢᠯᠳᠡ ᠨᠢ ᠬᠠᠷᠢᠯᠴᠠᠨ ᠠᠬᠢᠭᠤᠯᠬᠤ ᠬᠠᠷᠢᠴᠠᠭ᠎ᠠ ᠲᠠᠢ ᠶᠤᠮ

ᠨᠢᠭᠡᠨ ᠴᠤᠮᠤ ᠦᠨᠢᠶᠡᠨ ᠰᠦ ᠨᠢ 《ᠨᠤᠮᠢᠨ ᠤᠰᠤ ᠬᠦᠬᠡᠮᠳᠦᠭ ᠠᠭᠤᠯᠠ ᠪᠤᠯ ᠠᠯᠳᠠᠨ ᠠᠭᠤᠯᠠ ᠮᠦᠩᠭᠦᠨ ᠬᠠᠢᠷᠬᠠᠨ ᠮᠦᠨ》ᠬᠡᠭᠦ ᠠᠮᠢ ᠠᠬᠤᠢ ᠵᠢᠨ ᠵᠠᠰᠠᠯᠳᠠ ᠵᠢᠨ ᠦᠯᠢᠭᠡᠷ ᠢ᠋ ᠬᠦᠤᠷᠨᠢᠨ᠎ᠡ᠃ ᠪᠠᠶᠠᠨᠨᠠᠭᠤᠷ ᠬᠣᠲᠠ ᠵᠢᠨ ᠳ᠋ᠧᠩᠺᠧᠦ ᠰᠢᠶᠠᠨ ᠳ᠋ᠤ᠂ 35 ᠲᠦᠮᠡᠨ ᠮᠦ᠍ ᠪᠡᠯᠴᠢᠭᠡᠷ ᠲᠦ᠍14 ᠲᠦᠮᠡᠨ ᠰᠠᠭᠠᠯᠢ ᠵᠢᠨ ᠦᠨᠢᠶ᠎ᠡ ᠲᠠᠪᠠᠳᠠᠢᠬᠠᠨ ᠢᠳᠡᠰᠢᠯᠡᠨ᠎ᠠ ᠁ ᠡᠨᠡ ᠬᠦ᠌ ᠡᠯᠡᠰᠦᠨ ᠴᠦᠯ ᠳ᠋ᠡᠬᠢ ᠣᠷᠭᠠᠨᠢᠭ ᠦᠨᠢᠶᠡᠨ ᠰᠦ ᠵᠢᠨ ᠠᠩᠬᠢᠯᠤᠮ᠎ᠠ ᠦᠨᠦᠷ ᠨᠢ ᠠᠮᠢ ᠠᠬᠤᠢ ᠵᠢᠨ ᠬᠡᠯᠪᠡᠷᠢ ᠵᠢ ᠬᠤᠪᠢᠷᠠᠭᠤᠯᠤᠭᠰᠠᠨ ᠨᠣᠭᠣᠭᠠᠨ ᠥᠩᠭᠡ ᠵᠢᠨ ᠭᠠᠢᠬᠠᠮᠰᠢᠭ ᠢ᠋ ᠬᠠᠷᠠᠭᠤᠯᠵᠤ ᠪᠠᠢᠯ᠎ᠠ᠃

ᠤᠯᠠᠭᠠᠨᠪᠤᠬ᠎ᠠ ᠵᠢᠨ ᠡᠯᠡᠰᠤᠨ ᠴᠦᠯ ᠡᠴᠡ ᠤᠳᠤᠬᠢᠴᠢᠯᠠᠭᠰᠠᠨ ᠮᠠᠯᠵᠢᠯ ᠤ᠋ᠨ ᠲᠠᠯᠠᠪᠠᠢ ᠬᠦᠷᠲᠡᠯ᠎ᠡ᠂ ᠨᠢᠭᠡ ᠴᠤᠮᠤ ᠦᠨᠢᠶᠡᠨ ᠰᠦ ᠵᠢᠨ ᠠᠷᠤ ᠳ᠋ᠤ ᠥᠪᠥᠷ ᠮᠣᠩᠭᠣᠯ ᠤ᠋ᠨ ᠠᠮᠢ ᠠᠬᠤᠢ ᠵᠢᠨ ᠵᠠᠰᠠᠯᠳᠠ ᠵᠢᠨ ᠭᠦᠨᠵᠡᠭᠡᠢ ᠬᠤᠪᠢᠰᠤᠯᠲᠠ ᠵᠢ ᠲᠤᠰᠬᠠᠵᠠᠢ᠃ ᠰᠢᠷ᠎ᠡ ᠡᠯᠡᠰᠤ ᠬᠤᠢᠯᠠᠷᠠᠵᠤ ᠪᠠᠢᠭᠰᠠᠨ ᠤᠯᠠᠭᠠᠨᠪᠤᠬ᠎ᠠ ᠵᠢᠨ ᠡᠯᠡᠰᠦᠨ ᠴᠦᠯ ᠳ᠋ᠤ ᠡᠳᠦᠭᠡ ᠣᠢ ᠡᠪᠡᠰᠦᠨ ᠤ᠋ ᠪᠦᠷᠬᠦᠴᠡ ᠳᠡᠭᠡᠭᠰᠢᠯᠡᠭᠡᠳ 37.2% ᠲᠤ᠌ ᠬᠦᠷᠴᠦ᠂ ᠡᠪᠡᠰᠤ ᠪᠡᠯᠴᠢᠭᠡᠷ ᠵᠦᠯᠭᠡᠷᠠᠨ ᠨᠤᠭᠤᠭᠠᠷᠠᠵᠤ᠂ 《ᠡᠪᠡᠰᠦ ᠪᠡᠯᠴᠢᠭᠡᠷ — ᠮᠠᠯ ᠤᠨᠤᠭ᠎ᠠ — ᠰᠢᠭᠡᠭ ᠪᠣᠷᠳᠣᠭᠤᠷ — ᠡᠪᠡᠰᠦ ᠪᠡᠯᠴᠢᠭᠡᠷ》 ᠤ᠋ᠨ ᠡᠷᠬᠢᠯᠳᠡᠳᠦ ᠵᠠᠭᠪᠤᠷ ︱ ᠰᠠᠭᠠᠯᠢ ᠵᠢᠨ ᠦᠨᠢᠶᠡᠨ ᠤ᠋ ᠢᠯᠭᠠᠳᠠᠰᠤ ᠵᠢ ᠨᠠᠮᠤᠭ ᠤ᠋ᠨ ᠬᠡᠢ ᠪᠣᠯᠭᠠᠨ ᠤᠨᠳᠤᠤᠰᠢᠭᠤᠯᠵᠤ᠂ ᠣᠷᠭᠠᠨᠢᠭ ᠪᠣᠷᠳᠣᠭᠤᠷ ᠢ᠋ ᠡᠪᠡᠰᠤ ᠪᠡᠯᠴᠢᠭᠡᠷ ᠤ᠋ᠨ ᠤᠷᠭᠤᠯᠳᠠ ᠳ᠋ᠤ ᠤᠷᠤᠭᠤᠯᠬᠤ ᠵᠠᠭᠪᠤᠷ ᠢ᠋ ᠪᠤᠢ ᠪᠤᠯᠭᠠᠵᠤ᠂ ᠡᠯᠡᠰᠤᠨ ᠴᠦᠯ ᠤ᠋ᠨ ᠵᠢᠯ ᠤ᠋ᠨ ᠬᠤᠷ᠎ᠠ ᠳᠤᠨᠳᠠᠰᠤᠨ ᠤ᠋ ᠬᠡᠮᠵᠢᠶ᠎ᠡ 70 ᠮᠢᠯᠢᠮᠧᠲ᠋ᠷ ᠪᠠᠢᠭᠰᠠᠨ ᠡᠴᠡ 380 ᠮᠢᠯᠢᠮᠧᠲ᠋ᠷ ᠪᠣᠯᠤᠨ ᠳᠡᠭᠡᠭᠰᠢᠯᠡᠵᠤ᠂ ᠬᠠᠷ᠎ᠠ ᠥᠷᠪᠢ᠂ ᠳᠡᠰ ᠵᠡᠷᠭᠡ ᠬᠣᠪᠣᠷ ᠴᠤᠬᠠᠭ ᠠᠮᠢᠲᠠᠨ ᠨᠣᠭᠣᠭᠠᠨ ᠪᠦᠷᠢᠳᠤ ᠳ᠋ᠤ ᠨᠤᠳᠤᠭᠰᠢᠪᠠ᠃

ᠰᠦ᠎ᠵᠢᠨ ᠠᠵᠤ ᠦᠢᠯᠡᠰ ᠤ᠋ᠨ ᠪᠤᠬᠢᠷᠳᠤᠯ ᠦᠭᠡᠢ ᠦᠢᠯᠡᠳᠦᠯᠭᠡ ᠨᠢ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠵᠢᠴᠢ ᠡᠷᠭᠢᠯᠲᠡᠳᠤ ᠬᠡᠪ ᠵᠠᠭᠪᠤᠷ ᠵᠢᠠᠷ ᠳᠠᠮᠵᠢᠨ ᠠᠵᠤ ᠦᠢᠯᠡᠰ ᠬᠢᠭᠡᠳ ᠠᠮᠢ ᠠᠬᠤᠢ ᠵᠢᠨ ᠬᠠᠮᠵᠢᠯᠴᠠᠭ᠎ᠠ ᠵᠢ ᠠᠬᠢᠭᠤᠯᠤᠨ᠂ ᠠᠵᠤ ᠦᠢᠯᠡᠰ ᠤ᠋ᠨ ᠬᠦᠭᠵᠢᠯᠳᠡ ᠬᠢᠭᠡᠳ ᠠᠮᠢ ᠠᠬᠤᠢ ᠵᠢᠨ ᠬᠠᠮᠠᠭᠠᠯᠠᠯᠳᠠ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠵᠢ ᠪᠡᠶᠡᠯᠡᠭᠦᠯᠦᠭᠰᠡᠨ ᠪᠠᠢᠨ᠎ᠠ᠃ ᠡᠳᠦᠭᠡ᠂ ᠳᠤᠰ ᠰᠢᠶᠠᠨ ᠳ᠋ᠤ᠌ ᠱᠧᠩ ᠮᠦ᠍ ᠰᠦ ᠵᠢᠨ ᠦᠢᠯᠡᠰ᠂ ᠮᠧᠩ ᠨᠢᠦ ᠪᠦᠯᠦᠭᠯᠡᠯ ᠵᠡᠷᠭᠡ ᠪᠡᠷ ᠲᠥᠯᠥᠭᠡᠯᠡᠭᠦᠯᠦᠭᠰᠡᠨ ᠡᠯ᠎ᠡ ᠲᠥᠷᠥᠯ ᠤ᠋ᠨ ᠠᠵᠤ ᠦᠢᠯᠡᠰ ᠤ᠋ᠨ ᠡᠯᠡᠰᠦ ᠵᠢ ᠵᠠᠰᠠᠬᠤ ᠡᠵᠡᠩᠨᠡᠯᠲᠡ ᠵᠢᠨ ᠭᠣᠣᠯ ᠴᠣᠭᠴᠠ 90 ᠭᠠᠷᠤᠢ ᠪᠠᠢᠵᠤ᠂ ᠨᠡᠢᠭᠡᠮ ᠤ᠋ᠨ ᠬᠥᠷᠥᠩᠭᠡ ᠮᠥᠩᠭᠥ ᠵᠢ ᠨᠡᠢᠲᠡ 75.49 ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠠᠮᠢ ᠠᠬᠤᠢ ᠵᠢᠨ ᠵᠠᠰᠠᠯᠲᠠ ᠵᠢᠨ ᠲᠠᠯᠠᠪᠠᠢ 80 ᠲᠦᠮᠡᠨ ᠮᠦ᠍ ᠳ᠋ᠤ ᠬᠦᠷᠴᠦ᠂ ᠠᠵᠤ ᠦᠢᠯᠡᠰ ᠬᠦᠭᠵᠢᠨ ᠠᠮᠢ ᠠᠬᠤᠢ ᠰᠠᠢᠵᠢᠷᠠᠭᠰᠠᠨ ᠬᠤᠤᠰ ᠦᠷ᠎ᠡ ᠠᠰᠢᠭ ᠢ᠋ ᠪᠡᠶᠡᠯᠡᠭᠦᠯᠪᠡ᠃

ᠨᠢᠭᠡ ᠴᠤᠮᠤ ᠦᠨᠢᠶᠡᠨ ᠰᠦ ᠳ᠋ᠤ ᠰᠢᠰᠲ᠋ᠧᠮᠳᠤ ᠴᠢᠨᠠᠷᠲᠠᠢ ᠠᠮᠢ ᠠᠬᠤᠢ ᠵᠢᠨ ᠵᠠᠰᠠᠯᠳᠠ ᠵᠢᠨ ᠤᠬᠠᠭᠠᠨ ᠠᠭᠤᠯᠤᠭᠳᠠᠵᠤ ᠪᠤᠢ᠃ ᠠᠮᠢ ᠠᠬᠤᠢ ᠵᠢᠨ ᠬᠠᠮᠠᠭᠠᠯᠠᠯᠲᠠ ᠬᠢᠭᠡᠳ ᠠᠵᠤ ᠠᠬᠤᠢ ᠵᠢᠨ ᠬᠦᠭᠵᠢᠯᠳᠡ ᠨᠢ ᠬᠠᠷᠢᠯᠴᠠᠨ ᠤᠷᠤᠯᠠᠭᠤᠯᠬᠤ ᠬᠠᠷᠢᠴᠠᠭ᠎ᠠ ᠪᠢᠰᠢ᠂ ᠬᠠᠷᠢᠨ ᠬᠠᠷᠢᠯᠴᠠᠨ ᠠᠬᠢᠭᠤᠯᠬᠤ ᠬᠠᠷᠢᠴᠠᠭ᠎ᠠ ᠲᠠᠢ ᠶᠤᠮ᠃ ᠠᠵᠤ ᠠᠬᠤᠢᠯᠠᠯ ᠡᠴᠡ ᠡᠯᠡᠰᠦ ᠵᠢ ᠵᠠᠰᠠᠵᠤ᠂ ᠠᠵᠤ ᠦᠢᠯᠡᠰ ᠵᠢᠡᠷ ᠠᠮᠢ ᠠᠬᠤᠢ ᠵᠢ ᠲᠡᠳᠬᠦᠬᠦ ᠵᠢ ᠪᠠᠷᠢᠮᠲᠠᠯᠠᠵᠤ᠂ ᠦᠷᠭᠦᠯᠵᠢᠯᠡᠬᠦ ᠪᠣᠬᠢᠷᠲᠤᠯ ᠥᠬᠡᠢ ᠬᠥᠭᠵᠢᠯᠲᠡ ᠵᠢᠨ ᠪᠢᠲᠡᠭᠦᠦ ᠬᠡᠯᠬᠢᠶ᠎ᠡ ᠵᠢ ᠪᠣᠢ ᠪᠣᠯᠭᠠᠭᠰᠠᠨ ᠡᠨᠡ ᠬᠦ᠌ ᠡᠯᠡᠰᠤ ᠵᠢ ᠵᠠᠰᠠᠭᠰᠠᠨ ᠠᠮᠵᠢᠯᠳᠠ ᠪᠦᠳᠦᠮᠵᠢ ᠨᠢ 《ᠠᠮᠢ ᠠᠬᠤᠢ ᠵᠢ ᠠᠵᠤ ᠦᠢᠯᠡᠰᠵᠢᠭᠦᠯᠦᠭᠰᠡᠨ᠂ ᠠᠵᠤ ᠦᠢᠯᠡᠰ ᠢ᠋ ᠠᠮᠢ ᠠᠬᠤᠢᠵᠢᠭᠤᠯᠤᠭᠰᠠᠨ》 ᠤ᠋ ᠠᠮᠢᠳᠤᠯᠢᠭ ᠪᠤᠳᠠᠳᠠᠢ ᠲᠠᠢᠯᠤᠮᠵᠢ ᠪᠤᠯᠵᠤ᠂ ᠨᠡᠩ ᠣᠯᠠᠨ ᠠᠵᠢᠯ ᠲᠦᠷᠦᠯ ᠳ᠋ᠤ᠌ ᠳᠡᠯᠭᠡᠷᠡᠭᠦᠯᠵᠤ ᠪᠤᠯᠬᠤᠢᠴᠠ ᠠᠮᠢ ᠠᠬᠤᠢ ᠵᠢᠨ ᠪᠤᠯᠪᠠᠰᠤᠨ ᠤ᠋ ᠪᠠᠢᠭᠤᠯᠤᠯᠳᠠ ᠵᠢᠨ ᠠᠷᠭ᠎ᠠ ᠳᠤᠷᠰᠢᠯᠭ᠎ᠠ ᠬᠠᠩᠭᠠᠵᠤ ᠦᠭᠬᠦᠭᠰᠡᠨ ᠨᠢ ᠦᠨᠡᠨᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号