ᠥᠪᠥᠷ ᠮᠣᠩᠭᠣᠯ ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠤ ᠵᠢᠨ ᠬᠠᠮᠢᠶᠠᠷᠤᠯᠲᠠ ᠵᠢᠨ ᠦᠢᠯᠡᠴᠢᠯᠡᠭᠡᠨ ᠤ᠋ ᠢᠨᠵᠧᠨᠧᠷᠢᠩ ᠤ᠋ᠨ ᠲᠦᠷᠪᠡᠨ ᠭᠤᠤᠯᠳᠠᠯᠭ᠎ᠠ ᠲᠠᠢ ᠡᠭᠦᠷᠭᠡ ᠵᠢ ᠪᠡᠶᠡᠯᠡᠭᠦᠯᠦᠨ᠎ᠡ
2026-04-20 11:00:42
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠦᠪᠤᠷ ᠮᠤᠡᠭᠭᠤᠯ ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠤ ᠵᠢᠨ ᠬᠠᠮᠢᠶᠠᠷᠤᠯᠲᠠ ᠵᠢᠨ ᠦᠢᠯᠡᠴᠢᠯᠡᠭᠡᠨ ᠤ᠋ ᠢᠨᠵᠧᠨᠧᠷᠢᠩ ᠢ᠋ ᠬᠡᠷᠡᠭᠵᠢᠭᠦᠯᠵᠤ᠂ ᠲᠠᠪᠤᠨ ᠱᠠᠳᠤ ᠵᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ᠋ ᠰᠢᠰᠲ᠋ᠧᠮ ᠢ᠋ ᠪᠠᠢᠭᠤᠯᠬᠤ᠂ ᠡᠮᠴᠢᠯᠡᠭᠡᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠶᠡᠷᠦᠩᠬᠡᠢᠯᠡᠭᠰᠡᠨ ᠦᠢᠯᠡᠴᠢᠯᠡᠭᠡᠨ ᠤ᠋ ᠴᠢᠳᠠᠪᠤᠷᠢ ᠵᠢᠨ ᠪᠠᠢᠭᠤᠯᠤᠯᠲᠠ ᠵᠢ ᠳᠡᠭᠡᠭᠰᠢᠯᠡᠭᠦᠯᠬᠦ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠰᠢᠰᠲ᠋ᠧᠮ ᠢ᠋ ᠲᠡᠭᠦᠯᠳᠡᠷᠵᠢᠭᠦᠯᠬᠦ ᠳᠦᠷᠪᠠᠨ ᠭᠤᠤᠯᠳᠠᠯᠭ᠎ᠠ ᠲᠠᠢ ᠡᠭᠦᠷᠭᠡ ᠳ᠋ᠤ ᠠᠩᠬᠠᠷᠤᠯ ᠵᠢᠡᠨ ᠬᠠᠨᠳᠤᠭᠤᠯᠤᠨ ᠨᠠᠢᠳᠠᠪᠤᠷᠢᠵᠢᠭᠤᠯᠤᠯᠲᠠ ᠵᠢ ᠠᠬᠢᠭᠤᠯᠵᠤ ᠪᠤᠢ᠃

ᠲᠠᠪᠤᠨ ᠱᠠᠳᠤ ᠵᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ᠋ ᠰᠢᠰᠲ᠋ᠧᠮ ᠢ᠋ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠡᠴᠡ ᠨᠢᠭᠡᠳᠦᠯᠲᠡᠢ ᠲᠥᠯᠥᠪᠵᠢᠭᠦᠯᠬᠦ᠂ ᠠᠢᠮᠠᠭ ᠬᠣᠲᠠ ᠡᠴᠡ ᠵᠣᠬᠢᠶᠠᠨ ᠪᠠᠢᠭᠤᠯᠬᠤ᠂ ᠬᠣᠰᠢᠭᠤ ᠰᠢᠶᠠᠨ ᠲᠦᠯᠬᠢᠨ ᠠᠬᠢᠭᠤᠯᠬᠤ᠂ ᠰᠤᠮᠤ ᠰᠢᠶᠠᠩ ᠪᠠᠯᠭᠠᠰᠤ ᠨᠠᠢᠳᠠᠪᠤᠷᠢᠵᠢᠭᠤᠯᠬᠤ᠂ ᠭᠠᠴᠠᠭ᠎ᠠ ᠲᠣᠰᠬᠣᠨ ᠲᠤᠰᠠᠯᠠᠬᠤ ᠬᠠᠷᠢᠭᠤᠴᠠᠯᠭ᠎ᠠ ᠵᠢ ᠨᠠᠢᠳᠠᠪᠤᠷᠢᠵᠢᠭᠤᠯᠤᠨ᠂ ᠦᠢᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠦ᠂ ᠡᠯ᠎ᠡ ᠵᠦᠢᠯ ᠤ᠋ᠨ ᠠᠷᠭ᠎ᠠ ᠬᠡᠮᠵᠢᠶ᠎ᠡ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃

ᠡᠮᠴᠢᠯᠡᠭᠡᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠎ᠡ᠃ ᠨᠢᠭᠲᠠᠷᠠᠭᠰᠠᠨ ᠬᠡᠯᠪᠡᠷᠢ ᠵᠢᠨ ᠡᠮᠴᠢᠯᠡᠭᠡᠨ ᠤ᠋ ᠬᠣᠯᠪᠣᠭᠠᠲᠤ ᠴᠣᠭᠴᠠ ᠵᠢᠨ ᠪᠠᠢᠭᠤᠯᠤᠯᠲᠠ ᠪᠠᠷ ᠳᠠᠮᠵᠢᠨ ᠴᠢᠨᠠᠷ ᠰᠠᠢᠲᠠᠢ ᠡᠮᠴᠢᠯᠡᠭᠡᠨ ᠤ᠋ ᠡᠬᠢ ᠪᠠᠶᠠᠯᠢᠭ ᠢ᠋ ᠳᠣᠷᠣᠭᠰᠢ ᠪᠠᠭᠤᠯᠭᠠᠬᠤ ᠪᠠ ᠲᠡᠩᠴᠡᠭᠦᠷᠢᠲᠡᠢ ᠪᠠᠶ᠋ᠢᠷᠢᠰᠢᠭᠤᠯᠬᠤ ᠵᠢ ᠠᠬᠢᠭᠤᠯᠤᠨ᠎ᠠ; ᠡᠮᠴᠢᠯᠡᠭᠡᠨ ᠤ᠋ ᠦᠢᠯᠡᠴᠢᠯᠡᠭᠡᠨ ᠤ᠋ ᠰᠠᠭᠤᠷᠢ ᠵᠢ ᠪᠡᠬᠢᠵᠢᠭᠦᠯᠬᠦ ᠢᠨᠵᠧᠨᠧᠷᠢᠩ ᠢ᠋ ᠬᠡᠷᠡᠭᠵᠢᠭᠦᠯᠵᠦ᠂ ᠦᠨᠳᠦᠰᠦᠨ ᠱᠠᠲᠤᠨ ᠤ᠋ ᠦᠢᠯᠡᠴᠢᠯᠡᠭᠡᠨ ᠤ᠋ ᠲᠣᠣᠷ ᠢ᠋ ᠪᠡᠬᠢᠵᠢᠭᠦᠯᠦᠨ᠎ᠡ; ᠬᠡᠰᠡᠭ ᠬᠣᠶᠠᠳᠤᠭᠠᠷ ᠳᠡᠰ ᠤ᠋ᠨ ᠡᠮᠨᠡᠯᠭᠡ ᠵᠢᠨ ᠬᠣᠷᠢᠶ᠎ᠠ ᠵᠢ ᠡᠷᠡᠭᠦᠯᠵᠢᠯ ᠰᠤᠪᠢᠯᠠᠯᠳᠠ ᠵᠢᠨ ᠪᠠᠢᠭᠤᠯᠤᠮᠵᠢ ᠳᠠᠢᠰᠢ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠵᠤ᠂ ᠦᠢᠯᠡᠴᠢᠯᠡᠭᠡᠨ ᠤ᠋ ᠳᠤᠲᠠᠭᠳᠠᠯ ᠢ᠋ ᠨᠥᠬᠥᠪᠥᠷᠢᠯᠡᠨ᠎ᠡ; ᠪᠥᠬᠥ ᠠᠷᠠᠳ ᠤ᠋ᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ ᠢ᠋ ᠲᠡᠰ ᠳᠡᠪᠰᠢᠭᠦᠯᠵᠦ᠂ ᠲᠣᠭᠠᠴᠢᠯᠠᠯᠳᠠ ᠤᠶᠤᠨᠴᠢᠯᠠᠯᠳᠠ ᠪᠡᠷ ᠴᠢᠳᠠᠮᠵᠢ ᠣᠯᠭᠣᠭᠰᠠᠨ ᠡᠮᠴᠢᠯᠡᠭᠡᠨ ᠤ᠋ ᠦᠢᠯᠡᠴᠢᠯᠡᠭᠡ ᠵᠢᠨ ᠦᠷ᠎ᠡ ᠠᠰᠢᠭ ᠢ᠋ ᠳᠡᠭᠡᠭᠰᠢᠯᠡᠭᠦᠯᠦᠨ᠎ᠡ᠃

ᠶᠡᠷᠦᠩᠬᠡᠢᠯᠡᠭᠰᠡᠨ ᠦᠢᠯᠡᠴᠢᠯᠡᠭᠡᠨ ᠤ᠋ ᠴᠢᠳᠠᠪᠤᠷᠢ ᠵᠢᠨ ᠪᠠᠢᠭᠤᠯᠤᠯᠲᠠ ᠵᠢ ᠳᠡᠭᠡᠭᠰᠢᠯᠡᠭᠦᠯᠦᠨ᠎ᠡ᠃ ᠤᠳᠠᠭᠠᠨ ᠴᠢᠨᠠᠷᠲᠠᠢ ᠡᠪᠡᠳᠴᠢᠨ᠂ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤ᠋ᠨ ᠡᠪᠡᠳᠴᠢᠨ ᠵᠡᠷᠭᠡ ᠡᠪᠡᠳᠴᠢᠨ ᠢ᠋ ᠡᠷᠲᠡ ᠰᠡᠷᠭᠡᠢᠯᠡᠨ ᠡᠷᠲᠡ ᠣᠨᠣᠰᠢᠯᠠᠵᠤ ᠡᠷᠲᠡ ᠡᠮᠨᠡᠵᠦ ᠡᠷᠲᠡ ᠡᠷᠡᠭᠦᠯᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ; ᠤᠯᠤᠰ ᠤ᠋ᠨ 4 ᠣᠷᠣᠨ ᠪᠦᠰᠡ ᠵᠢᠨ ᠡᠮᠴᠢᠯᠡᠭᠡᠨ ᠤ᠋ ᠲᠥᠪ᠂ ᠥᠪᠡᠷᠲᠡᠭᠡᠨ ᠵᠠᠰᠠᠬᠤ ᠣᠷᠣᠨ ᠤ᠋ 39 ᠲᠤᠰᠬᠠᠢ ᠰᠠᠯᠠᠭ᠎ᠠ ᠵᠢᠨ ᠣᠷᠣᠨ ᠪᠦᠰᠡ ᠵᠢᠨ ᠡᠮᠴᠢᠯᠡᠭᠡᠨ ᠤ᠋ ᠲᠥᠪ ᠤ᠋ᠨ ᠪᠦᠲᠦᠭᠡᠨ ᠪᠠᠢᠭᠤᠯᠤᠯᠲᠠ ᠵᠢ ᠲᠦᠷᠭᠡᠳᠬᠡᠵᠦ᠂ ᠡᠮᠴᠢᠯᠡᠭᠡᠨ ᠤ᠋ ᠲᠤᠰᠬᠠᠢ ᠰᠠᠯᠠᠭ᠎ᠠ ᠵᠢᠨ ᠬᠢᠷᠢ ᠲᠦᠪᠰᠢᠨ ᠢ᠋ ᠳᠡᠭᠡᠭᠰᠢᠯᠡᠭᠦᠯᠦᠨ᠎ᠡ; ᠡᠷᠡᠭᠦᠯ ᠮᠡᠨᠳᠦ ᠵᠢᠨ ᠬᠠᠮᠢᠶᠠᠷᠤᠯᠲᠠ᠂ ᠡᠮᠴᠢᠯᠡᠬᠦ ᠠᠰᠠᠷᠠᠬᠤ ᠵᠢ ᠤᠶᠠᠯᠳᠤᠭᠤᠯᠤᠭᠰᠠᠨ ᠦᠢᠯᠡᠴᠢᠯᠡᠭᠡᠨ ᠤ᠋ ᠰᠢᠰᠲ᠋ᠧᠮ ᠢ᠋ ᠲᠡᠭᠦᠯᠳᠡᠷᠵᠢᠭᠦᠯᠦᠨ᠎ᠡ; ᠰᠢᠶᠠᠨ ᠤ᠋ ᠬᠡᠪᠴᠢᠶᠡᠨ ᠤ᠋ ᠨᠢᠭᠲᠠᠷᠠᠭᠰᠠᠨ ᠬᠡᠯᠪᠡᠷᠢ ᠵᠢᠨ ᠡᠮᠴᠢᠯᠡᠭᠡᠨ ᠤ᠋ ᠬᠠᠮᠲᠤ ᠵᠢᠨ ᠴᠣᠭᠴᠠ ᠵᠢᠨ ᠪᠠᠶ᠋ᠢᠭᠤᠯᠥᠯᠳᠡ ᠳ᠋ᠦ᠍ ᠲᠦᠰᠢᠭᠯᠡᠨ᠂ ᠭᠡᠷ ᠪᠦᠯᠢ ᠵᠢᠨ ᠡᠮᠴᠢ ᠵᠢᠨ ᠡᠩᠨᠡᠭᠡ ᠬᠢᠭᠡᠳ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠦᠨᠳᠦᠰᠦᠨ ᠦᠢᠯᠡᠴᠢᠯᠡᠭᠡᠨ ᠤ᠋ ᠲᠥᠷᠥᠯ ᠵᠤᠶ᠋ᠢᠯ ᠤ᠋ᠨ ᠬᠡᠷᠡᠭᠵᠢᠭᠦᠯᠦᠯᠲᠡ ᠵᠢ ᠨᠢᠭᠡᠳᠦᠯᠲᠡᠢ ᠲᠥᠯᠥᠪᠵᠢᠭᠦᠯᠦᠨ᠂ ᠬᠢᠳᠠᠳ (ᠮᠣᠩᠭᠣᠯ) ᠎ᠡᠮ ᠡᠮᠨᠡᠯᠭᠡ ᠵᠢᠨ ᠣᠨᠴᠠᠯᠢᠭᠲᠤ ᠳᠠᠪᠠᠭᠤᠯᠢᠭ ᠢ᠋ ᠪᠠᠳᠠᠷᠠᠭᠤᠯᠵᠤ᠂ ᠠᠷᠠᠳ ᠣᠯᠠᠨ ᠤ᠋ ᠡᠷᠡᠭᠦᠯ ᠮᠡᠨᠳᠦ ᠵᠢᠨ ᠠᠮᠤᠷ ᠲᠦᠪᠰᠢᠨ ᠤ᠋ ᠬᠠᠮᠠᠭᠠᠯᠠᠯᠲᠠ ᠵᠢᠨ ᠰᠦᠯᠵᠢᠶ᠎ᠡ ᠵᠢ ᠨᠢᠭᠲᠠ ᠰᠦᠯᠵᠢᠨ᠎ᠡ᠃

ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠰᠢᠰᠲ᠋ᠧᠮ ᠢ᠋ ᠲᠡᠭᠦᠯᠳᠡᠷᠵᠢᠭᠦᠯᠦᠨ᠎ᠡ᠃ ᠵᠠᠰᠠᠭ ᠤ᠋ᠨ ᠣᠷᠳᠣᠨ ᠵᠢᠠᠷ ᠭᠣᠣᠯᠯᠠᠭᠤᠯᠬᠤ᠂ ᠰᠡᠷᠭᠡᠢᠯᠡᠬᠦ ᠪᠡᠷ ᠭᠣᠣᠯ ᠪᠣᠯᠭᠠᠬᠤ᠂ ᠬᠣᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ᠂ ᠰᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ᠂ ᠨᠡᠢᠲᠡ ᠵᠢᠨ ᠠᠰᠠᠷᠠᠮᠵᠢ ᠵᠢ ᠤᠷᠢᠳ ᠵᠢᠡᠷ ᠪᠤᠳᠤᠯᠬᠢᠯᠠᠬᠤ ᠵᠠᠷᠴᠢᠮ ᠢ᠋ ᠪᠠᠷᠢᠮᠲᠠᠯᠠᠨ᠂ ᠡᠯ᠎ᠡ ᠲᠠᠯ᠎ᠠ ᠵᠢᠨ ᠡᠬᠢ ᠪᠠᠶᠠᠯᠢᠭ ᠢ᠋ ᠨᠢᠭᠡᠳᠦᠯᠲᠡᠢ ᠲᠥᠯᠥᠪᠵᠢᠭᠦᠯᠦᠨ᠂ ᠲᠥᠷᠥ ᠵᠢᠨ ᠪᠣᠳᠣᠯᠭ᠎ᠠ ᠵᠢᠨ ᠬᠠᠮᠳᠤᠷᠠᠯ ᠬᠦᠴᠦᠨ ᠢ᠋ ᠪᠣᠢ ᠪᠣᠯᠭᠠᠵᠤ᠂ ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠤ ᠵᠢᠨ ᠬᠠᠮᠢᠶᠠᠷᠤᠯᠲᠠ ᠵᠢᠨ ᠪᠦᠬᠦ ᠬᠡᠯᠬᠢᠶ᠎ᠡ ᠵᠢᠨ ᠦᠢᠯᠡᠴᠢᠯᠡᠭᠡᠨ ᠤ᠋ ᠰᠢᠰᠲ᠋ᠧᠮ ᠤ᠋ᠨ ᠤᠷᠲᠤ ᠬᠤᠭᠤᠴᠠᠭ᠎ᠠ ᠪᠠᠷ ᠪᠦᠲᠦᠮᠵᠢᠲᠡᠢ ᠠᠵᠢᠯᠯᠠᠬᠤ ᠵᠢ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号