ᠥᠪᠥᠷ ᠮᠣᠩᠭᠣᠯ ᠤ᠋ᠨ 2 ᠬᠥᠮᠦᠨ ᠨᠢᠭᠡᠳᠦᠭᠡᠷ ᠤᠯᠠᠷᠢᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ᠎ᠦᠨ ᠵᠢᠭ᠍ᠰᠠᠭᠠᠯᠲᠠ ᠳ᠋ᠤ ᠤᠷᠤᠵᠠᠢ
2026-04-20 10:28:23
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠥᠪ᠎ᠦᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠡᠮᠦᠨᠡᠬᠡᠨ 2026 ᠣᠨ᠎ᠤ ᠨᠢᠭᠡᠳᠦᠭᠡᠷ ᠤᠯᠠᠷᠢᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ 64 ᠪᠠᠭᠠᠲᠤᠷᠴᠤᠤᠯ᠎ᠢ ᠵᠠᠷᠯᠠᠨ ᠰᠠᠢᠰᠢᠶᠠᠪᠠ᠃ ᠡᠬᠦᠨ ᠳ᠋ᠤ᠂ ᠦᠪᠦᠷ ᠮᠤᠡᠭᠭᠤᠯ ᠤ᠋ᠨ 2 ᠬᠦᠮᠦᠨ ᠲᠤᠰ ᠵᠢᠬᠰᠠᠭᠠᠯᠳᠠ ᠳ᠋ᠤ ᠤᠷᠤᠵᠠᠢ᠃

ᠯᠢ ᠴᠢᠤᠸᠠᠨ ᠯᠦ᠍᠂ ᠡᠷᠡᠭ᠌ᠲᠡᠶ᠂ ᠬᠢᠲᠠᠳ ᠦᠨᠳᠦᠰᠦᠲᠡᠨ᠂ 1972 ᠣᠨ᠎ᠤ 7 ᠰᠠᠷ᠎ᠠ᠎ᠳᠤ ᠲᠦᠷᠦᠵᠡᠢ᠂ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠤᠬᠢᠶᠠᠯᠭ᠎ᠠ᠎ᠶ᠋ᠢᠨ ᠭᠠᠵᠠᠷ᠎ᠤᠨ ᠠᠵᠢᠯᠲᠠᠨ᠃ 2025 ᠣᠨ᠎ᠤ 9 ᠰᠠᠷ᠎ᠠ᠎ᠶ᠋ᠢᠨ 4 ᠎ᠤ᠋ ᠡᠳᠤᠷ ᠎ᠤᠨ 11 ᠴᠠᠭ᠎ᠤᠨ ᠦᠶ᠎ᠡ᠎ᠪᠡᠷ᠂ ᠯᠢ ᠴᠢᠤᠸᠠᠨ ᠯᠦ᠍ ᠠᠵᠢᠯ ᠤ᠋ᠨ ᠳᠤᠮᠳᠠ᠎ᠪᠠᠨ ᠤᠬᠢᠶᠠᠯᠭ᠎ᠠ᠎ᠶ᠋ᠢᠨ ᠭᠠᠵᠠᠷ᠎ᠤᠨ ᠭᠠᠳᠠᠨᠠᠬᠢ ᠣᠯᠠᠨ ᠨᠡᠢᠲᠡ᠎ᠶ᠋ᠢᠨ ᠲᠠᠯᠠᠪᠤᠷ ᠲᠸ᠋ ᠲᠤᠰᠠᠯᠠᠮᠵᠢ ᠬᠦᠰᠡᠭᠰᠡᠨ ᠲᠠᠭᠤᠨ ᠢ᠋ ᠰᠣᠨᠣᠰᠪᠠ᠃ ᠲᠡᠷᠡ ᠲᠤᠬᠠᠢ᠎ᠶ᠋ᠢᠨ ᠲᠠᠯᠠᠪᠠᠢ᠎ᠳᠤ ᠬᠦᠷᠬᠦ ᠳ᠋ᠤ᠂ ᠨᠢᠭᠡᠨ ᠡᠷᠡᠭ᠌ᠲᠡᠢ ᠬᠢᠲᠤᠭ᠎ᠠ ᠪᠠᠷᠢᠵᠤ ᠶᠠᠩ ᠣᠪᠣᠭ᠍ᠲᠤ᠎ᠵᠢ ᠰᠢᠷᠠᠬᠳᠠᠭᠤᠯᠤᠬᠰᠠᠨ ᠢ᠋ ᠤᠯᠵᠤ ᠬᠠᠷᠠᠵᠠᠢ᠂ ᠶᠠᠩ ᠣᠪᠣᠭ᠍ᠲᠤ᠎ᠶ᠋ᠢᠨ ᠴᠡᠭᠡᠵᠢᠨ ᠬᠡᠰᠡᠭ ᠨᠢ ᠰᠢᠷᠠᠬᠳᠤᠵᠤ᠂ ᠬᠠᠵᠠᠭᠤ ᠳ᠋ᠤᠨᠢ ᠪᠠᠰᠠ ᠨᠢᠭᠡ ᠬᠦᠮᠦᠨ ᠰᠢᠷᠠᠬᠳᠤᠵᠦ ᠤᠨᠠᠭᠰᠠᠨ ᠬᠠᠷᠠᠭᠳᠠᠨ᠎ᠠ᠃ ᠯᠢ ᠴᠢᠤᠸᠠᠨ ᠯᠦ᠍ ᠳᠡᠷᠡ ᠬᠦ᠌  ᠡᠷᠡᠭᠳᠡᠢ ᠵᠢ ᠬᠤᠷᠢᠬᠯᠠᠨ ᠬᠢᠲᠤᠭ᠎ᠠ᠎ᠶ᠋ᠢ ᠨᠢ ᠪᠤᠯᠢᠶᠠᠨ ᠠᠪᠴᠤ᠌᠂ ᠲᠤᠬᠠᠶ᠎ᠶ᠋ᠢᠨ ᠲᠠᠯᠠᠪᠠᠢ᠎ᠳᠤ ᠬᠦᠷᠦᠯᠴᠠᠨ ᠢᠷᠡᠭᠰᠡᠨ ᠠᠷᠠᠳ᠎ᠤᠨ ᠴᠠᠭ᠍ᠳᠠᠭ᠎ᠠ᠎ᠳᠤ ᠲᠤᠱᠢᠶᠠᠪᠠ᠃ 2025 ᠣᠨ᠎ᠤ 12 ᠰᠠᠷ᠎ᠠ᠎ᠳᠤ᠂ ᠳᠡᠬᠦᠨ᠎ᠦ ᠶᠠᠯᠠᠲᠤ ᠡᠳᠡᠭᠡᠳ ᠳᠠᠢ ᠲᠡᠮᠡᠴᠡᠭ᠌ᠰᠡᠨ ᠠᠵᠢᠯᠯᠠᠭ᠎ᠠ᠎ᠨᠢ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠠᠵᠢᠯᠯᠠᠭ᠎ᠠ᠎ᠪᠠᠷ ᠨᠤᠲᠠᠯᠠᠭ᠍ᠳᠠᠵᠡᠢ᠃

ᠯᠢ ᠶᠦᠩ ᠴᠢᠶᠠᠩ᠂ ᠡᠷᠡᠭ᠌ᠲᠡᠶ᠂ ᠬᠢᠲᠠᠳ ᠦᠨᠳᠦᠰᠦᠲᠡᠨ᠂ 1977 ᠣᠨ᠎ᠤ 1 ᠰᠠᠷ᠎ᠠ᠎ᠳᠤ ᠲᠦᠷᠦᠵᠠᠢ᠂ ᠡᠪ ᠬᠠᠮᠲᠤ ᠨᠠᠮ᠎ᠤᠨ ᠭᠡᠱᠢᠭᠦᠨ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠰᠢᠷᠠᠯᠵᠢᠳᠠᠢ ᠱᠢᠶᠠᠩ᠎ᠤᠨ ᠺᠠᠩ ᠪᠦ᠋ᠸᠧ ᠲᠣᠰᠭᠣᠨ᠎ᠤ ᠺᠠᠳ᠋ᠷ᠃ 2025 ᠣᠨ᠎ᠤ 12 ᠰᠠᠷ᠎ᠠ᠎ᠶ᠋ᠢᠨ 22 ᠎ᠤ᠋ᠨ  ᠡᠳᠤᠷ ᠎ᠤᠨ 16 ᠴᠠᠭ᠎ᠤᠨ ᠦᠶ᠎ᠡ᠎ᠪᠡᠷ᠂ ᠯᠢ ᠶᠦᠩ ᠴᠢᠶᠠᠩ ᠳᠠᠯᠠᠳ ᠬᠣᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠳ᠋ᠤ ᠬᠡᠷ ᠤ᠋ᠨ ᠬᠦᠮᠦᠰ ᠲᠡᠭᠡᠨ ᠪᠠᠷ᠎ᠠ ᠪᠤᠯᠵᠤ ᠪᠡᠶ᠎ᠠ ᠵᠢᠨ ᠪᠠᠢᠴᠠᠭᠠᠯᠲᠠ᠎ᠬᠢᠭᠰᠡᠨ ᠮᠠᠲ᠋ᠧᠷᠢᠶᠠᠯ᠎ᠠᠪᠬᠤ᠎ᠪᠠᠷ ᠬᠦᠯᠢᠶᠡᠵᠦ᠍ ᠪᠠᠢᠲᠠᠯ᠎ᠠ ᠭᠡᠨᠡᠳᠲᠡ ᠲᠤᠰᠠᠯᠠᠮᠵᠢ ᠬᠦᠰᠡᠬᠦ ᠲᠠᠭᠤᠨ ᠰᠣᠨᠣᠰᠳᠠᠵᠦ᠂ ᠨᠢᠭᠡᠨ ᠡᠷᠡᠭ᠌ᠲᠡᠶ 20 ᠰᠠᠨᠲ᠋ᠢᠮᠧᠲ᠋ᠷ ᠣᠷᠳᠣ ᠬᠢᠲᠤᠭ᠎ᠠ ᠪᠠᠷᠢᠵᠤ᠂ ᠨᠥᠭᠥᠭᠡ ᠡᠳᠡᠭᠡᠳ ᠢ᠋ ᠰᠢᠷᠠᠬᠳᠠᠭᠤᠯᠤᠬᠰᠠᠨ ᠪᠠᠢᠨ᠎ᠠ᠃ ᠱᠢᠷᠬᠠᠲᠤᠭ᠍ᠰᠠᠳ᠎ᠢ ᠨᠢᠭᠡᠨᠳᠡ ᠬᠡᠳᠦ ᠬᠢᠲᠤᠭᠠᠯᠠᠵᠦ᠂ ᠬᠤᠪᠴᠠᠰᠤ ᠬᠤᠨᠠᠷ᠎ᠨᠢ ᠴᠢᠰᠦᠨ ᠳ᠋ᠤ ᠳᠡᠪᠲᠦᠵᠡᠢ᠃ ᠯᠢ ᠶᠦᠩ ᠴᠢᠶᠠᠩ ᠬᠠᠷᠬᠢᠰᠯᠠᠬᠴᠢ ᠵᠢᠨ ᠠᠷᠤ ᠲᠠᠯ᠎ᠠ᠎ᠠᠴᠠ᠎ᠨᠢ ᠲᠦᠷᠭᠡᠨ ᠣᠢᠷᠠᠳᠴᠤ᠂ ᠬᠤᠷᠴᠠ ᠬᠢᠲᠤᠭ᠎ᠠ᠎ᠶ᠋ᠢ ᠪᠤᠯᠢᠶᠠᠨ ᠠᠪᠴᠤ᠌᠂ ᠶᠠᠯᠠᠳᠤ ᠠᠵᠢᠯᠯᠠᠭ᠎ᠠ ᠵᠢ ᠴᠠᠭ ᠲᠤᠬᠠᠢ ᠳ᠋ᠤᠨᠢ ᠬᠣᠷᠢᠭ᠍ᠯᠠᠪᠠ᠃ ᠶᠠᠯ᠎ᠠ ᠵᠢᠨ ᠰᠡᠵᠢᠭ᠌ᠳᠡᠨ ᠳᠤᠬᠠᠢ ᠵᠢᠨ ᠳᠠᠯᠠᠪᠠᠢ ᠡᠴᠡ ᠳᠤᠲᠠᠭᠠᠵᠦ᠂ ᠲᠤᠬᠠᠶ᠎ᠶ᠋ᠢᠨ ᠡᠳᠦᠷ ᠴᠠᠭ᠍ᠳᠠᠭ᠎ᠠ᠎ᠳᠤ ᠪᠠᠷᠢᠪᠴᠢᠯᠠᠭ᠍ᠳᠠᠪᠠ᠃ 2026 ᠣᠨ᠎ᠤ 2 ᠰᠠᠷ᠎ᠠ᠎ᠳᠤ᠂ ᠯᠢ ᠶᠦᠩ ᠴᠢᠶᠠᠩ᠎ᠤᠨ ᠶᠠᠯᠠᠲᠤ ᠠᠵᠢᠯᠯᠠᠭ᠎ᠠ᠎ᠲᠠᠶ ᠲᠡᠮᠡᠴᠡᠭ᠌ᠰᠡᠨ ᠠᠵᠢᠯᠯᠠᠭ᠎ᠠ ᠨᠢ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠠᠵᠢᠯᠯᠠᠭ᠎ᠠ᠎ᠪᠠᠷ ᠨᠤᠲᠠᠯᠠᠭ᠍ᠳᠠᠪᠠ᠃

ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ᠎ᠢ ᠨᠡᠢᠲᠡᠯᠡᠬᠦ᠌ ᠠᠵᠢᠯᠯᠠᠭ᠎ᠠ᠎ᠶ᠋ᠢ ᠲᠥᠪ᠎ᠦᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ᠎ᠠᠴᠠ ᠭᠣᠣᠯᠯᠠᠨ ᠡᠷᠬᠢᠯᠡᠵᠦ᠍᠂ ᠳᠤᠮᠳᠠᠳᠤ᠎ᠶ᠋ᠢᠨ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠳᠠᠭᠠᠭᠠᠴᠢᠯᠠᠨ ᠡᠷᠬᠢᠯᠡᠪᠡ᠃ 2022 ᠣᠨ᠎ᠤ 9 ᠰᠠᠷ᠎ᠠ᠎ᠠᠴᠠ ᠨᠠᠭᠠᠰᠢ᠂ 13 ᠤᠳᠠᠭ᠎ᠠ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠤᠨ ᠨᠡᠷᠡᠰ᠎ᠢ ᠨᠡᠢᠲᠡᠯᠡᠵᠦ᠍᠂ ᠨᠡᠢ᠌ᠳᠡ 721 ᠨᠡᠷᠡᠰ  ᠪᠠᠭᠠᠲᠤᠷᠴᠤᠳ᠎ᠢ ᠬᠥᠬᠢᠭᠦᠯᠦᠨ ᠰᠠᠢᠱᠢᠶᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号