ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠪᠠᠢᠴᠠᠭᠠᠯᠳᠠ ᠶ᠋ᠢᠨ ᠲᠦᠪ ᠤᠢᠷ᠎ᠠ ᠳ᠋ᠤ ᠮᠡᠳᠡᠭᠳᠡᠯ ᠲᠠᠷᠬᠠᠭᠠᠵᠤ᠂ ᠨᠡᠢᠭᠡᠮ ᠨᠡᠢᠳᠡ ᠡᠴᠡ ᠲᠤᠰᠬᠠᠢ ᠮᠡᠷᠭᠡᠵᠢᠯᠳᠡᠨ ᠡᠯᠰᠡᠵᠤ ᠪᠠᠢᠭᠠᠳ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ《ᠡᠮ ᠤ᠋ᠨ ᠵᠦᠢᠯᠡᠰ᠂ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ》 ᠤ᠋ᠨ ᠪᠠᠢᠴᠠᠭᠠᠯᠳᠠ ᠶ᠋ᠢᠨ ᠲᠤᠰᠬᠠᠢ ᠮᠡᠷᠭᠡᠵᠢᠯᠳᠡᠨ ᠤ᠋ ᠬᠦᠮᠦᠷᠭᠡ ᠵᠢ ᠪᠠᠢᠭᠤᠯᠬᠤ ᠪᠡᠷ ᠳᠤᠭᠳᠠᠪᠠ᠃
ᠡᠨᠡ ᠬᠦ᠌ ᠲᠤᠰᠬᠠᠢ ᠮᠡᠷᠭᠡᠵᠢᠯᠳᠡᠨ ᠤ᠋ ᠬᠦᠮᠦᠷᠭᠡ ᠨᠢ ᠡᠮ ᠤ᠋ᠨ ᠵᠦᠢᠯᠡᠰ ᠤ᠋ᠨ ᠲᠦᠷᠦᠯ᠂ ᠭᠤᠶᠤᠯᠠᠯ ᠤ᠋ᠨ ᠡᠳ᠋ ᠤ᠋ᠨ ᠲᠦᠷᠦᠯ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠦᠷᠦᠯ᠂ ᠸᠠᠺᠼᠢᠨ ᠤ᠋ ᠲᠦᠷᠦᠯ ᠵᠡᠷᠭᠡ 4 ᠲᠦᠷᠦᠯ ᠢ᠋ ᠪᠠᠭᠳᠠᠭᠠᠪᠠ᠃ ᠲᠤᠰᠬᠠᠢ ᠮᠡᠷᠭᠡᠵᠢᠯᠳᠡᠳ ᠦᠪᠡᠷᠳᠡᠭᠡᠨ ᠵᠠᠰᠠᠬᠤ ᠤᠷᠤᠨ ᠤ᠋ 《ᠡᠮ ᠤ᠋ᠨ ᠵᠦᠢᠯᠡᠰ᠂ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ》 ᠤ᠋ᠨ ᠪᠠᠢᠴᠠᠭᠠᠯᠳᠠ ᠶ᠋ᠢᠨ ᠠᠵᠢᠯ ᠳ᠋ᠤ ᠮᠡᠷᠭᠡᠵᠢᠯ ᠤ᠋ᠨ ᠳᠡᠮᠵᠢᠯᠭᠡ ᠪᠠ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠬᠤ; ᠪᠠᠢᠴᠠᠭᠠᠯᠳᠠ ᠶ᠋ᠢᠨ ᠳᠤᠮᠳᠠ ᠲᠤᠯᠭᠠᠷᠠᠭᠰᠠᠨ ᠬᠦᠴᠢᠷ ᠲᠦᠪᠡᠭ ᠮᠡᠷᠭᠡᠵᠢᠯ ᠤ᠋ᠨ ᠠᠰᠠᠭᠤᠳᠠᠯ ᠳ᠋ᠤ ᠡᠳᠦᠷ ᠲᠤᠳᠤᠮ ᠤ᠋ᠨ ᠵᠦᠪᠯᠡᠯᠭᠡ ᠦᠭᠭᠦ;ᠶᠠᠰᠤ ᠴᠢᠨᠠᠷ ᠤ᠋ᠨ ᠠᠮᠦᠷ ᠲᠦᠪᠰᠢᠨ ᠤ᠋ ᠲᠦᠭᠰᠢᠭᠦᠷᠢ ᠶᠡᠬᠡ᠂ ᠮᠡᠷᠭᠡᠵᠢᠯ ᠨᠢ ᠪᠤᠳᠤᠯᠢᠶᠠᠨᠳᠠᠢ᠂ ᠲᠤᠰᠬᠠᠢ ᠮᠡᠷᠭᠡᠵᠢᠯ ᠤ᠋ᠨ ᠴᠢᠨᠠᠷ ᠶ᠋ᠢᠡᠷ ᠴᠢᠩᠭ᠎ᠠ ᠪᠠᠢᠴᠠᠭᠠᠯᠳᠠ ᠶ᠋ᠢᠨ ᠠᠵᠢᠯ ᠳ᠋ᠤ ᠲᠤᠰᠬᠠᠢ ᠮᠡᠷᠭᠡᠵᠢᠯ ᠤ᠋ᠨ ᠰᠠᠨᠠᠯ ᠰᠠᠨᠠᠭᠤᠯᠭ᠎ᠠ ᠦᠭᠭᠦ ᠵᠢᠴᠢ ᠪᠠᠢᠴᠠᠭᠠᠯᠳᠠ ᠶ᠋ᠢᠨ ᠠᠵᠢᠯ ᠳ᠋ᠤ ᠬᠤᠯᠪᠤᠭᠳᠠᠬᠤ ᠪᠤᠰᠤᠳ ᠮᠡᠷᠭᠡᠵᠢᠯ ᠤ᠋ᠨ ᠵᠢᠯᠤᠭᠤᠳᠤᠯᠭ᠎ᠠ ᠪᠠ ᠳᠡᠮᠵᠢᠯᠭᠡ ᠬᠠᠩᠭᠠᠬᠤ ᠵᠡᠷᠭᠡ ᠭᠤᠤᠯ ᠬᠠᠷᠢᠭᠤᠴᠠᠯᠭ᠎ᠠ ᠶ᠋ᠢ ᠭᠦᠢᠴᠡᠳᠭᠡᠬᠦ ᠪᠤᠯᠤᠨ᠎ᠠ᠃
ᠤᠢᠯᠠᠭᠠᠭᠰᠠᠨ ᠶ᠋ᠢᠡᠷ᠂ ᠡᠯ᠎ᠠ ᠪᠠᠢᠭᠤᠯᠭ᠎ᠠ ᠠᠵᠢᠯ ᠦᠢᠯᠡᠰ ᠤ᠋ᠨ ᠨᠢᠭᠡᠴᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ᠂ ᠡᠮᠴᠢᠯᠡᠭᠡᠨ ᠤ᠋ ᠪᠠᠢᠭᠤᠯᠤᠮᠵᠢ᠂ ᠰᠢᠯᠭᠠᠨ ᠪᠠᠢᠴᠠᠭᠠᠬᠤ ᠪᠠᠢᠭᠤᠯᠤᠮᠵᠢ᠂ ᠠᠵᠢᠯ ᠲᠦᠷᠦᠯ ᠤ᠋ᠨ ᠨᠡᠢᠭᠡᠮᠯᠢᠭ ᠤ᠋ᠨ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ᠂ ᠭᠤᠶᠤᠯᠠᠯ ᠤ᠋ᠨ ᠡᠳ᠋ ᠤ᠋ᠨ ᠬᠡᠷᠡᠭᠯᠡᠭᠡ᠂ ᠵᠢᠭᠠᠨ ᠰᠤᠷᠭᠠᠯᠳᠠ ᠡᠷᠳᠡᠮ ᠰᠢᠨᠵᠢᠯᠡᠭᠡᠨ᠂ ᠰᠢᠯᠭᠠᠨ ᠪᠠᠢᠴᠠᠭᠠᠯᠳᠠ ᠬᠢᠨᠠᠨ ᠬᠡᠮᠵᠢᠯᠳᠡ ᠵᠡᠷᠭᠡ ᠲᠤᠬᠠᠢᠯᠠᠭᠰᠠᠨ ᠠᠵᠢᠯ ᠡᠷᠬᠢᠯᠡᠵᠤ ᠪᠠᠢᠭ᠎ᠠ᠂ ᠶᠡᠬᠡ ᠰᠤᠷᠭᠠᠭᠤᠯᠢ ᠶ᠋ᠢᠨ ᠵᠢᠩᠬᠢᠨᠢ ᠠᠩᠬᠢ ᠡᠴᠡ ᠳᠡᠭᠡᠭᠰᠢ ᠰᠤᠷᠤᠯᠭ᠎ᠠ ᠶ᠋ᠢᠨ ᠨᠠᠮᠳᠠᠷ ᠲᠠᠢ᠂ ᠳᠡᠳ᠋ ᠡᠴᠡ ᠳᠡᠭᠡᠭᠰᠢ ᠳᠡᠭᠡᠳᠦ ᠵᠡᠷᠭᠡ ᠶ᠋ᠢᠨ ᠠᠵᠢᠯ ᠮᠡᠷᠭᠡᠵᠢᠯ ᠤ᠋ᠨ ᠴᠤᠯᠠ ᠲᠠᠢ᠂ ᠵᠠᠷᠴᠢᠮ ᠳᠡᠭᠡᠷ᠎ᠠ ᠪᠡᠨ ᠪᠦᠬᠦᠯᠢ 65 ᠨᠠᠰᠤᠨ ᠡᠴᠡ ᠳᠤᠷᠤᠭᠰᠢᠬᠢ᠂ ᠠᠵᠢᠯ ᠲᠦᠷᠦᠯ ᠤ᠋ᠨ ᠬᠢᠨ ᠳ᠋ᠤ ᠵᠤᠬᠢᠬᠤ ᠨᠡᠷ᠎ᠠ ᠨᠦᠯᠦᠭᠡ ᠲᠠᠢ ᠲᠤᠰᠬᠠᠢ ᠮᠡᠷᠭᠡᠵᠢᠯᠳᠡᠨ ᠨᠡᠷ᠎ᠠ ᠮᠡᠳᠡᠭᠦᠯᠵᠦ ᠪᠤᠯᠤᠨ᠎ᠠ᠂ ᠬᠦᠮᠦᠨ ᠤ᠋ ᠲᠤᠭ᠎ᠠ ᠶ᠋ᠢᠨ ᠬᠢᠵᠠᠭᠠᠷ ᠪᠠᠢᠬᠤ ᠦᠭᠡᠢ᠃