ᠥᠪᠥᠷ ᠮᠣᠩᠭᠣᠯ᠎ᠤᠨ ᠲᠠᠮᠢᠷᠴᠢᠨ ᠵᠣᠣ ᠱᠢᠤᠸᠠᠨ 2026 ᠣᠨ᠎ᠤ ᠠᠽᠢᠶ᠎ᠠ ᠲᠢᠪ᠎ᠦᠨ ᠪᠤᠺᠰ᠎ᠤᠨ ᠲᠡᠮᠡᠴᠡᠭᠡᠨ᠎ᠤ᠎ᠮᠠᠩᠯᠠᠶ ᠱᠢᠯᠭᠠᠷᠠᠭᠤᠯᠬᠤ ᠤᠷᠤᠯᠳᠤᠭᠠᠨ᠎ᠳᠦ ᠬᠦᠷᠡᠯ ᠮᠧᠳᠠᠯ ᠭᠠᠷᠳᠠᠪᠠ
2026-04-20 09:32:37
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 2026 ᠣᠨ᠎ᠤ ᠠᠽᠢᠶ᠎ᠠ ᠲᠢᠪ᠎ᠦᠨ ᠪᠤᠺᠰ᠎ᠤᠨ ᠲᠡᠮᠡᠴᠡᠭᠡᠨ᠎ᠤ ᠮᠠᠩᠯᠠᠶ ᠱᠢᠯᠭᠠᠷᠠᠭᠤᠯᠬᠤ ᠤᠷᠤᠯᠳᠤᠭᠠᠨ 3 ᠰᠠᠷ᠎ᠠ᠎ᠶ᠋ᠢᠨ 30 ᠎ᠤ᠋ ᠡᠳᠦᠷ᠎ᠡᠴᠡ 4 ᠰᠠᠷ᠎ᠠ᠎ᠶ᠋ᠢᠨ 10 ᠎ᠤ᠋ ᠡᠳᠦᠷ ᠪᠣᠯᠲᠠᠯ᠎ᠠ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠶᠠᠪᠤᠭ᠍ᠳᠠᠵᠤ ᠂ ᠥᠪᠥᠷ ᠮᠣᠩᠭᠣᠯ᠎ᠤᠨ ᠡᠮᠡᠭ᠌ᠲᠡᠶ᠎ᠶ᠋ᠢᠨ ᠪᠤᠺᠰ᠎ᠤᠨ ᠲᠡᠮᠡᠴᠡᠭᠡᠨ᠎ᠤ ᠲᠠᠮᠢᠷᠴᠢᠨ ᠵᠣᠣ ᠱᠢᠤᠸᠠᠨ ᠤᠯᠤᠰ᠎ᠤᠨ ᠠᠩᠭᠢ᠎ᠶ᠋ᠢ ᠲᠥᠯᠥᠭᠡᠯᠡᠨ ᠤᠷᠤᠯᠴᠠᠭᠠᠳ ᠡᠮᠡᠭ᠌ᠲᠡᠶ᠎ᠶ᠋ᠢᠨ 54 ᠺᠢᠯᠣᠭ᠌ᠷᠠᠮ᠎ᠤᠨ ᠲᠠᠰ᠎ᠤᠨ ᠤᠷᠤᠯᠳᠤᠭᠠᠨ᠎ᠳᠤ ᠬᠦᠷᠡᠯ ᠮᠧᠳᠠᠯ ᠭᠠᠷᠳᠠᠵᠦ᠂ ᠡᠬᠡ ᠤᠯᠤᠰ ᠲᠠᠭᠠᠨ ᠢᠷᠠᠭᠤ ᠠᠯᠳᠠᠷ ᠨᠡᠮᠡᠷᠢᠯᠡᠪᠡ᠃

ᠲᠤᠰ ᠤᠳᠠᠭᠠᠨ᠎ᠤ ᠠᠽᠢᠶ᠎ᠠ ᠲᠢᠪ᠎ᠦᠨ ᠪᠤᠺᠰ᠎ᠤᠨ ᠲᠡᠮᠡᠴᠡᠭᠡᠨ᠎ᠤ ᠮᠠᠩᠯᠠᠶ ᠱᠢᠯᠭᠠᠷᠠᠭᠤᠯᠬᠤ ᠤᠷᠤᠯᠳᠤᠭᠠᠨ ᠪᠣᠯ ᠠᠽᠢᠶ᠎ᠠ ᠲᠢᠪ᠎ᠦᠨ  ᠬᠠᠮᠤᠭ᠎ᠤᠨ ᠥᠨᠳᠥᠷ  ᠲᠦᠪᠰᠢᠨ ᠪᠦᠬᠦᠢ ᠪᠤᠺᠰ᠎ᠤᠨ ᠲᠡᠮᠡᠴᠡᠭᠡᠨ᠎ᠤ ᠤᠷᠤᠯᠳᠤᠭᠠᠨ ᠮᠥᠨ᠃ ᠲᠤᠰ ᠤᠷᠤᠯᠳᠤᠭᠠᠨ᠎ᠳᠦ 22 ᠤᠯᠤᠰ ᠪᠠ ᠭᠠᠵᠠᠷ ᠣᠷᠣᠨ᠎ᠠᠴᠠ ᠢᠷᠡᠭ᠌ᠰᠡᠨ 289 ᠱᠢᠯᠢᠳᠡᠭ ᠲᠠᠮᠢᠷᠴᠢᠨ ᠤᠷᠤᠯᠴᠠᠪᠠ᠃ ᠵᠣᠣ ᠱᠢᠤᠸᠠᠨ ᠲᠤᠰ ᠤᠷᠤᠯᠳᠤᠭᠠᠨ᠎ᠳᠦ ᠬᠦᠷᠡᠯ ᠮᠧᠳᠠᠯ ᠭᠠᠷᠳᠠᠭᠰᠠᠨ ᠨᠢ ᠬᠤᠪᠢ ᠬᠥᠮᠦᠨ᠎ᠦ ᠴᠢᠬᠤᠯᠠ ᠱᠢᠪᠲᠤᠯᠤᠯᠲᠠ ᠪᠣᠯᠬᠤ ᠪᠥᠭᠡᠳ ᠥᠪᠥᠷ ᠮᠣᠩᠭᠣᠯ᠎ᠤᠨ ᠡᠮᠡᠭ᠌ᠲᠡᠶ᠎ᠶ᠋ᠢᠨ ᠪᠤᠺᠰ᠎ᠤᠨ ᠲᠡᠮᠡᠴᠡᠭᠡᠨ᠎ᠤ ᠲᠥᠷᠥᠯ ᠵᠦᠶ᠋ᠯ᠎ᠤᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠢᠯᠡᠷᠡᠭᠦᠯᠦᠭ᠌ᠰᠡᠨ ᠪᠠᠢᠨ᠎ᠠ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠪᠤᠺᠰ᠎ᠤᠨ ᠲᠦᠷᠦᠯ ᠵᠦᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠯᠢᠳᠡᠭ ᠲᠠᠮᠢᠷᠴᠢᠨ᠎ᠢ ᠲᠠᠰᠤᠷᠠᠯᠳᠠ ᠦᠭᠡᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠷᠤᠯᠳᠤᠭᠠᠨ᠎ᠳᠦ ᠤᠷᠤᠯᠴᠠᠭᠤᠯᠵᠦ᠂ ᠨᠡᠩ ᠤᠯᠠᠨ ᠱᠢᠯᠢᠳᠡᠭ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠦᠷᠭᠦᠯᠵᠢᠯᠡᠨ ᠬᠥᠮᠦᠵᠢᠭᠦᠯᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号