2026 ᠣᠨ ᠤ᠋ ᠠᠽᠢᠶ᠎ᠠ ᠲᠢᠪ ᠤ᠋ᠨ ᠵᠢᠣᠳᠣᠣ ᠪᠦᠭᠡ ᠶ᠋ᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠣᠷᠳᠣᠰ ᠬᠣᠲᠠ ᠳ᠋ᠤ ᠡᠬᠢᠯᠡᠪᠡ
2026-04-20 17:04:04
ᠵᠣᠬᠢᠶᠠᠭ᠍ᠴᠢ᠄
​ ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

4 ᠰᠠᠷ᠎ᠠ ᠵᠢᠨ 16 ᠤ᠋ ᠡᠳᠦᠷ᠂ ᠣᠯᠠᠨ ᠤ᠋ ᠠᠩᠬᠠᠷᠤᠯ ᠢ᠋ ᠲᠠᠲᠠᠭᠰᠠᠨ 2026 ᠣᠨ ᠤ᠋ ᠠᠽᠢᠶ᠎ᠠ ᠲᠢᠪ ᠤ᠋ᠨ ᠵᠢᠣᠳᠣᠣ ᠪᠦᠭᠡ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠣᠷᠳᠣᠰ ᠬᠣᠲᠠ ᠳ᠋ᠤ ᠡᠬᠢᠯᠡᠪᠡ᠃ ᠠᠽᠢᠶ᠎ᠠ ᠲᠢᠪ ᠤ᠋ᠨ 21 ᠤᠯᠤᠰ ᠪᠠ ᠭᠠᠵᠠᠷ ᠣᠷᠣᠨ ᠡᠴᠡ ᠢᠷᠡᠭᠰᠡᠨ 288 ᠲᠠᠮᠢᠷᠴᠢᠨ᠂ ᠳᠠᠰᠬᠠᠯᠵᠢᠭᠤᠯᠤᠭ᠍ᠴᠢ ᠵᠢᠴᠢ 77 ᠠᠯᠪᠠᠨ ᠲᠤᠰᠢᠶᠠᠯᠲᠠᠨ᠂ ᠳᠤᠰᠬᠠᠢ ᠤᠷᠢᠭᠰᠠᠨ ᠵᠣᠴᠢᠨ᠂ ᠬᠢᠨᠠᠭ᠍ᠴᠢ ᠨᠠᠷ ᠡᠨᠡ ᠤᠳᠠᠭᠠᠨ ᠤ᠋ ᠤᠷᠤᠯᠳᠤᠭᠠᠨ ᠳ᠋ᠤ ᠣᠷᠣᠯᠴᠠᠪᠠ᠃

ᠳᠤᠬᠠᠢ ᠶ᠋ᠢᠨ ᠲᠠᠯᠠᠪᠠᠢ ᠳ᠋ᠤ ᠦᠩᠬᠡᠳᠦ ᠳ᠋ᠧᠩ ᠬᠢᠯᠠᠯᠵᠠᠨ᠂ 《ᠪᠠᠶᠠᠰᠤᠯᠳᠤ ᠣᠷᠳᠣᠰ》 ᠬᠡᠬᠦ ᠳᠠᠭᠤᠤ ᠪᠦᠵᠢᠭ ᠤ᠋ᠨ ᠳᠤᠭᠯᠠᠯᠳᠠ ᠪᠡᠷ ᠤᠷᠤᠯᠳᠤᠭᠠᠨ ᠡᠬᠢᠯᠡᠵᠡᠢ᠃ ᠳᠥᠷᠪᠡᠨ ᠲᠤᠭ᠍ᠴᠢ ᠲᠤᠰ ᠲᠤᠰ ᠣᠯᠠᠨ ᠤᠯᠤᠰ ᠤ᠋ᠨ ᠵᠢᠣᠳᠣᠣ ᠪᠦᠭᠡ ᠵᠢᠨ ᠬᠣᠯᠪᠣᠭᠠᠲᠤ ᠬᠤᠷᠠᠯ ᠤ᠋ᠨ ᠳᠤᠭ᠂ ᠠᠽᠢᠶ᠎ᠠ ᠲᠢᠪ ᠤ᠋ᠨ ᠵᠢᠣᠳᠣᠣ ᠪᠦᠭᠡ ᠵᠢᠨ ᠬᠣᠯᠪᠣᠭᠠᠲᠤ ᠬᠤᠷᠠᠯ ᠤ᠋ᠨ ᠳᠤᠭ᠂ ᠳᠤᠮᠳᠠᠳᠤ ᠤᠯᠤᠰ ᠤ᠋ᠨ ᠵᠢᠣᠳᠣᠣ ᠪᠦᠭᠡ ᠵᠢᠨ ᠨᠡᠢᠭᠡᠮᠯᠢᠭ ᠤ᠋ᠨ ᠳᠤᠭ ᠵᠢᠴᠢ ᠲᠤᠰ ᠬᠤᠭᠤᠴᠠᠭᠠᠨ ᠤ᠋ ᠤᠷᠤᠯᠳᠤᠭᠠᠨ ᠤ᠋ ᠲᠤᠭ ᠢ᠋ ᠠᠳᠬᠤᠨ᠂ ᠳᠡᠰ ᠳᠠᠷᠠᠭᠠᠯᠠᠨ ᠲᠠᠯᠠᠪᠠᠢ ᠳ᠋ᠤ ᠣᠷᠣᠪᠠ᠃ ᠳᠠᠷᠠᠭ᠎ᠠ ᠳ᠋ᠤ ᠨᠢ᠂ 21 ᠤᠯᠤᠰ ᠪᠠ ᠭᠠᠵᠠᠷ ᠣᠷᠣᠨ ᠤ᠋ ᠲᠥᠯᠥᠭᠡᠯᠡᠭᠴᠢᠳ ᠤ᠋ᠨ ᠠᠩᠭᠢ ᠲᠠᠯᠠᠪᠠᠢ ᠳ᠋ᠤ ᠤᠷᠤᠵᠤ᠂ ᠳᠤᠮᠳᠠᠳᠤ ᠤᠯᠤᠰ ᠤ᠋ᠨ ᠵᠢᠣᠳᠣᠣ ᠪᠦᠭᠡ ᠵᠢᠨ ᠠᠩᠭᠢ ᠵᠢᠨ ᠲᠠᠮᠢᠷᠴᠢᠨ ᠪᠦᠬᠡᠪᠢᠯᠢᠭ᠌ ᠪᠦᠬᠦ ᠲᠠᠮᠢᠷᠴᠢᠳ ᠢ᠋ ᠲᠥᠯᠥᠭᠡᠯᠡᠨ ᠲᠥᠪ ᠴᠢᠩᠭ᠎ᠠ ᠪᠠᠷ ᠲᠠᠩᠭᠠᠷᠢᠭ᠍ᠯᠠᠪᠠ᠃

ᠡᠬᠢᠯᠡᠯᠲᠡ ᠵᠢᠨ ᠶᠣᠰᠣᠯᠠᠯ ᠤ᠋ᠨ ᠳᠠᠷᠠᠭ᠎ᠠ᠂ ᠤᠷᠤᠯᠳᠤᠭᠠᠨ ᠤ᠋ ᠠᠩᠬᠠᠨ ᠤ᠋ ᠡᠳᠦᠷ ᠤ᠋ᠨ ᠰᠢᠢᠳᠪᠦᠷᠢᠲᠦ ᠤᠷᠤᠯᠳᠤᠭᠠᠨ ᠵᠢᠩᠬᠢᠨᠢ ᠪᠡᠷ ᠡᠬᠢᠯᠡᠵᠡᠢ᠃ ᠠᠩᠬᠠᠨ ᠤ᠋ ᠡᠳᠦᠷ ᠤ᠋ᠨ ᠤᠷᠤᠯᠳᠤᠭᠠᠨ ᠳ᠋ᠤ᠂ ᠡᠷᠡᠭᠲᠡᠢ ᠵᠢᠨ 60 ᠺᠢᠯᠣᠭ᠌ᠷᠠᠮ ᠤ᠋ᠨ ᠳᠡᠰ᠂ 66 ᠺᠢᠯᠣᠭ᠌ᠷᠠᠮ ᠤ᠋ᠨ ᠳᠡᠰ᠂ ᠡᠮᠡᠭᠲᠡᠢ ᠵᠢᠨ 48 ᠺᠢᠯᠣᠭ᠌ᠷᠠᠮ ᠤ᠋ᠨ ᠳᠡᠰ᠂ 52 ᠺᠢᠯᠣᠭ᠌ᠷᠠᠮ ᠤ᠋ᠨ ᠳᠡᠰ ᠵᠡᠷᠭᠡ ᠳᠥᠷᠪᠡᠨ ᠤᠷᠤᠯᠳᠤᠭᠠᠨ ᠤ᠋ ᠳᠦᠷᠦᠯ ᠢ᠋ ᠲᠣᠬᠢᠷᠠᠭᠤᠯᠵᠠᠢ᠃ ᠬᠤᠷᠴᠠ ᠰᠢᠷᠦᠭᠦᠨ ᠥᠷᠢᠰᠦᠯᠳᠦᠭᠡᠨ ᠶ᠋ᠢᠡᠷ ᠳᠠᠮᠵᠢᠭᠠᠳ᠂ ᠤᠯᠤᠰ ᠤ᠋ᠨ ᠵᠢᠣᠳᠣᠣ ᠪᠦᠭᠡ ᠵᠢᠨ ᠠᠩᠭᠢ ᠵᠢᠨ ᠭᠡᠰᠢᠭᠦᠨ ᠾᠦᠢ ᠰᠢᠨ ᠷᠠᠨ᠂ ᠵᠤᠧᠠᠩ ᠸᠸᠨ ᠨᠠ ᠡᠮᠡᠭᠲᠡᠢ ᠵᠢᠨ 48 ᠺᠢᠯᠣᠭ᠌ᠷᠠᠮ ᠤ᠋ᠨ ᠳᠡᠰ ᠤ᠋ᠨ ᠭᠤᠳᠠᠭᠠᠷ ᠲᠤ᠌ ᠤᠷᠤᠵᠤ᠂ ᠲᠠᠮᠢᠷᠴᠢᠨ ᠰᠢᠤᠧᠠᠢ ᠽᠢ ᠶᠠᠩ ᠡᠷᠡᠭᠲᠡᠢ ᠵᠢᠨ 66 ᠺᠢᠯᠣᠭ᠌ᠷᠠᠮ ᠤ᠋ᠨ ᠳᠡᠰ ᠤ᠋ᠨ ᠭᠤᠳᠠᠭᠠᠷ ᠲᠤ᠌ ᠤᠷᠤᠵᠠᠢ᠃ ᠳᠠᠷᠠᠭᠠᠬᠢ ᠤᠷᠤᠯᠳᠤᠭᠠᠨ ᠤ᠋ ᠡᠳᠦᠷ ᠤ᠋ᠳ ᠲᠤ᠌᠂ ᠡᠯ᠎ᠡ ᠤᠯᠤᠰ ᠤ᠋ᠨ ᠵᠢᠣᠳᠣᠣ ᠪᠦᠭᠡ ᠵᠢᠨ ᠲᠠᠮᠢᠷᠴᠢᠳ ᠪᠠᠰᠠ ᠡᠷᠡᠭᠲᠡᠢ ᠵᠢᠨ 73 ᠺᠢᠯᠣᠭ᠌ᠷᠠᠮ ᠤ᠋ᠨ ᠳᠡᠰ᠂ 81 ᠺᠢᠯᠣᠭ᠌ᠷᠠᠮ ᠤ᠋ᠨ ᠳᠡᠰ᠂ ᠡᠮᠡᠭᠲᠡᠢ ᠵᠢᠨ 57 ᠺᠢᠯᠣᠭ᠌ᠷᠠᠮ ᠤ᠋ᠨ ᠳᠡᠰ᠂ 63 ᠺᠢᠯᠣᠭ᠌ᠷᠠᠮ ᠤ᠋ᠨ ᠳᠡᠰ᠂ 70 ᠺᠢᠯᠣᠭ᠌ᠷᠠᠮ ᠤ᠋ᠨ ᠳᠡᠰ᠎ᠲᠤ ᠦᠷᠢᠰᠦᠯᠳᠦᠬᠦ ᠪᠤᠯᠤᠨ᠎ᠠ᠃

ᠠᠽᠢᠶ᠎ᠠ ᠲᠢᠪ ᠤ᠋ᠨ ᠵᠢᠣᠳᠣᠣ ᠪᠦᠭᠡ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ ᠠᠽᠢᠶ᠎ᠠ ᠲᠢᠪ ᠤ᠋ᠨ ᠵᠢᠣᠳᠣᠣ ᠪᠦᠭᠡ ᠵᠢᠨ ᠬᠣᠯᠪᠣᠭᠠᠲᠤ ᠬᠤᠷᠠᠯ ᠡᠴᠡ ᠭᠣᠣᠯᠯᠠᠨ ᠡᠷᠭᠢᠯᠡᠭᠰᠡᠨ ᠠᠽᠢᠶ᠎ᠠ ᠲᠢᠪ ᠤ᠋ᠨ ᠬᠠᠮᠤᠭ ᠥᠨᠳᠥᠷ ᠳᠡᠰ ᠤ᠋ᠨ ᠵᠢᠣᠳᠣᠣ ᠪᠦᠭᠡ ᠵᠢᠨ ᠤᠷᠤᠯᠳᠤᠭᠠᠨ ᠪᠣᠯᠣᠨ᠎ᠠ᠃ 1966 ᠣᠨ ᠳ᠋ᠤ ᠠᠩᠬᠠᠳᠤᠭᠠᠷ ᠬᠤᠭᠤᠴᠠᠭᠠᠨ ᠤ᠋ ᠤᠷᠤᠯᠳᠤᠭᠠᠨ ᠢ᠋ ᠡᠷᠬᠢᠯᠡᠨ ᠶᠠᠪᠤᠭᠳᠠᠭᠤᠯᠤᠭᠰᠠᠨ ᠡᠴᠡ ᠨᠠᠭᠠᠰᠢ᠂ ᠨᠢᠭᠡᠨᠲᠡ ᠠᠽᠢᠶ᠎ᠠ ᠲᠢᠪ ᠤ᠋ᠨ ᠵᠢᠣᠳᠣᠣ ᠪᠦᠭᠡ ᠵᠢᠨ ᠬᠥᠭᠵᠢᠯᠲᠡ ᠵᠢᠨ ᠬᠢᠷᠢ ᠲᠦᠪᠰᠢᠨ ᠢ᠋ ᠳᠡᠯᠭᠡᠨ ᠦᠵᠡᠭᠦᠯᠬᠦ᠂ ᠡᠯ᠎ᠡ ᠤᠯᠤᠰ ᠤ᠋ᠨ ᠲᠠᠮᠢᠷᠴᠢᠳ ᠤ᠋ᠨ ᠰᠣᠯᠢᠯᠴᠠᠭ᠎ᠠ ᠵᠢ ᠠᠬᠢᠭᠤᠯᠬᠤ᠂ ᠤᠷᠤᠯᠳᠤᠭᠠᠨ ᠢ᠋ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠢᠨ᠎ᠠ᠃ ᠲᠣᠰ ᠤᠳᠠᠭᠠᠨ ᠤ᠋ ᠤᠷᠤᠯᠳᠤᠭᠠᠨ ᠨᠢ 4 ᠰᠠᠷ᠎ᠠ ᠵᠢᠨ 19 ᠤ᠋ ᠡᠳᠦᠷ ᠪᠣᠯᠲᠠᠯ᠎ᠠ ᠦᠷᠭᠦᠯᠵᠢᠯᠡᠵᠦ᠂ ᠡᠷᠡᠭᠲᠡᠢ᠂ ᠡᠮᠡᠭᠲᠡᠢ ᠵᠢᠨ ᠬᠤᠪᠢ ᠬᠥᠮᠥᠨ ᠤ᠋ ᠤᠷᠤᠯᠳᠤᠭᠠᠨ ᠵᠢᠴᠢ ᠡᠷᠡᠭᠳᠡᠢ ᠡᠮᠡᠭᠳᠡᠢ ᠬᠠᠮᠳᠤᠷᠠᠭᠰᠠᠠ ᠪᠦᠯᠬᠦᠮ ᠤ᠋ᠨ ᠤᠷᠤᠯᠳᠤᠭᠠᠨ ᠭᠡᠬᠦ ᠭᠤᠷᠪᠠᠨ ᠳᠦᠷᠦᠯ ᠢ᠋ ᠲᠣᠬᠢᠷᠠᠭᠤᠯᠵᠡᠢ᠃

ᠤᠷᠤᠯᠳᠤᠭᠠᠨ ᠤ᠋ ᠬᠤᠭᠤᠴᠠᠭᠠᠨ ᠳ᠋ᠤ᠂ ᠵᠣᠬᠢᠶᠠᠨ ᠪᠠᠶ᠋ᠢᠭᠤᠯᠬᠤ ᠺᠣᠮᠢᠰ ᠡᠴᠡ ᠬᠣᠭᠣᠯᠠ ᠬᠣᠨᠣᠭ᠂ ᠵᠠᠮ ᠬᠠᠷᠢᠯᠴᠠᠭ᠎ᠠ᠂ ᠡᠮ ᠡᠮᠨᠡᠯᠭᠡ᠂ ᠬᠥᠭᠡᠷᠦᠭᠦᠯᠬᠦ ᠡᠮ ᠬᠡᠷᠡᠭᠯᠡᠬᠦ ᠵᠢ ᠡᠰᠡᠷᠭᠦᠴᠡᠬᠦ᠂ ᠰᠠᠢᠨ ᠳᠤᠷ᠎ᠠ ᠵᠢᠨ ᠦᠢᠯᠡᠴᠢᠯᠡᠭᠡ ᠵᠡᠷᠭᠡ ᠲᠠᠯ᠎ᠠ ᠪᠠᠷ ᠨᠠᠷᠢᠨ ᠨᠢᠭ᠍ᠲᠠ ᠪᠠᠢᠷᠢᠯᠠᠭᠤᠯᠤᠯᠲᠠ ᠬᠢᠵᠦ᠂ ᠤᠷᠤᠯᠳᠤᠭᠠᠨ ᠤ᠋ ᠠᠮᠤᠷ ᠲᠦᠪᠰᠢᠨ᠂ ᠤᠷᠤᠭᠰᠢᠲᠠᠢ᠂ ᠭᠣᠢᠳᠠ ᠰᠠᠢᠬᠠᠨ ᠶᠠᠪᠤᠭᠳᠠᠬᠤ ᠵᠢ ᠪᠦᠬᠦ ᠬᠦᠴᠦᠨ ᠶ᠋ᠢᠡᠷ ᠶ᠋ᠢᠡᠨ ᠪᠠᠲᠤᠯᠠᠬᠤ ᠪᠤᠯᠤᠨ᠎ᠠ᠃ ᠡᠭᠦᠨ ᠡᠴᠡ ᠭᠠᠳᠠᠨ᠎ᠠ᠂ ᠣᠯᠠᠨ ᠤᠯᠤᠰ ᠤ᠋ᠨ ᠵᠢᠣᠳᠣᠣ ᠪᠦᠭᠡ ᠵᠢᠨ ᠬᠣᠯᠪᠣᠭᠠᠨ ᠤ᠋ ᠳᠡᠭᠡᠳᠦ ᠰᠤᠷᠭᠠᠭᠤᠯᠢ ᠵᠢᠨ ᠰᠤᠷᠭᠠᠭ᠍ᠴᠢ ᠵᠢᠨ ᠪᠣᠯᠪᠠᠰᠤᠷᠠᠯ ᠤ᠋ᠨ ᠠᠩᠭᠢ ᠵᠢ ᠤᠷᠤᠯᠳᠤᠭᠠᠨ ᠤ᠋ ᠳᠠᠷᠠᠭ᠎ᠠ ᠵᠠᠯᠭᠠᠨ ᠶᠠᠪᠤᠭᠳᠠᠭᠤᠯᠵᠤ᠂ ᠵᠢᠣᠳᠣᠣ ᠪᠦᠭᠡ ᠵᠢᠨ ᠲᠦᠭᠡᠮᠡᠯᠵᠢᠯᠲᠡ ᠪᠠ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号