ᠰᠤᠷᠪᠤᠯᠵᠢᠯᠠᠭ᠍ᠴᠢ ᠦᠬᠠᠢ ᠬᠤᠳᠠ᠎ᠶ᠋ᠢᠨ ᠤᠳᠠ᠎ᠶᠢᠨ ᠳᠤᠬᠤᠢ ᠲᠣᠭᠣᠷᠢᠭ᠎ᠤᠨ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠦᠨ ᠦᠬᠠᠢ᠎ᠶ᠋ᠢᠨ ᠦᠵᠦᠮ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ ᠲᠤᠮᠤ ᠬᠦᠯᠡᠮᠵᠢ᠎ᠳᠦ ᠬᠦᠷᠬᠦ᠌᠎ᠳᠦ᠂ ᠮᠦᠷ ᠮᠥᠷ ᠪᠠᠷᠢᠮᠵᠢᠶᠠᠵᠢᠭ᠍ᠰᠠᠨ ᠦᠵᠦᠮ᠎ᠦᠨ ᠣᠷᠢᠶᠠᠩᠭᠤ ᠵᠢᠭ᠌ᠳᠡᠷᠡᠨ ᠨᠠᠬᠢᠶᠠᠯᠠᠵᠤ ᠪᠠᠢᠯ᠎ᠠ᠂ ᠲᠤᠰ ᠬᠦᠷᠢᠶᠡᠯᠡᠩ᠎ᠦᠨ ᠬᠠᠷᠢᠭᠤᠴᠠᠯᠭᠠᠲᠠᠨ ᠭᠦᠸᠧ ᠶᠦᠩ ᠱᠧᠩ ᠬᠦᠯᠡᠮᠵᠢ᠎ᠶ᠋ᠢᠨ ᠤᠷᠤᠢ᠎ᠳᠠᠬᠢ ᠠᠦ᠋ᠲ᠋ᠣ᠋ ᠮᠠᠱᠢᠨ᠎ᠢ ᠵᠠᠯᠠᠭᠤᠷᠳᠠᠨ᠂ ᠬᠦᠯᠡᠮᠵᠢ᠎ᠶ᠋ᠢᠨ ᠳᠣᠲᠣᠷᠠᠬᠢ ᠨᠡᠷᠡᠨ᠎ᠦ ᠲᠤᠰᠤᠯᠲᠠ ᠪᠣᠯᠤᠨ ᠳᠤᠯᠠᠭᠠᠨ᠎ᠤ ᠬᠡᠮᠵᠢᠶ᠎ᠡ᠎ᠶ᠋ᠢ ᠲᠤᠬᠢᠷᠠᠭᠤᠯᠵᠦ᠍ ᠪᠠᠢᠯ᠎ᠠ᠃
《ᠡᠨᠡ ᠪᠣᠯ ᠡᠷᠲᠡ ᠪᠣᠯᠪᠠᠰᠤᠷᠠᠬᠤ ᠦᠵᠦᠮ 〈ᠵᠢᠤᠢ ᠱᠧᠩ ᠨᠢᠭᠡᠳᠦᠭᠡᠷ〉 ᠪᠣᠯᠤᠨ᠎ᠠ᠂ ᠵᠢᠱ᠌ᠢᠯᠲᠡ᠎ᠪᠡᠷ 5 ᠰᠠᠷ᠎ᠠ᠎ᠶ᠋ᠢᠨ ᠳᠤᠮᠳᠠᠴᠢ᠎ᠪᠠᠷ ᠵᠠᠬ᠎ᠠ ᠳᠡᠯᠭᠡᠭᠦᠷ᠎ᠲᠦ ᠭᠠᠷᠤᠨ᠎ᠠ᠂ ᠶᠠᠭ ᠰᠠᠶᠢᠬᠠᠨ ᠵᠠᠳᠠᠭᠠᠶ ᠭᠠᠵᠠᠷ᠎ᠤᠨ ᠦᠵᠦᠮ᠎ᠦᠨ ᠵᠠᠬ᠎ᠠ ᠳᠡᠯᠭᠡᠭᠦᠷ᠎ᠲᠦ ᠭᠠᠷᠬᠤ ᠡᠴᠡ ᠡᠮᠦᠨᠡᠬᠢ ᠬᠤᠭᠤᠴᠠᠭ᠎ᠠ ᠵᠢ ᠵᠠᠪᠳᠤᠨ ᠵᠠᠬ᠎ᠠ ᠳᠡᠯᠭᠡᠭᠦᠷ᠎ᠲᠦ ᠭᠠᠷᠬᠤ ᠪᠣᠯᠤᠨ᠎ᠠ》᠃ ᠭᠦᠸᠧ ᠶᠦᠩ ᠱᠧᠩ ᠨᠣᠭᠣᠭᠠᠨ ᠨᠠᠪᠴᠢᠨ ᠤ᠋ ᠠᠷᠤ᠎ᠳᠦ ᠨᠢᠭᠤᠭᠳᠠᠭᠰᠠᠨ ᠦᠵᠦᠮ᠎ᠤᠨ ᠣᠷᠢᠶᠠᠩᠭᠤ ᠵᠢ ᠵᠢᠭᠠᠵᠦ ᠶᠠᠷᠢᠵᠦ ᠭᠠᠷᠤᠯ᠎ᠠ᠃ ᠡᠷᠲᠡ ᠪᠣᠯᠪᠠᠰᠤᠷᠠᠬᠤ ᠦᠵᠦᠮ ᠤᠷᠬᠢᠯ ᠬᠤᠭᠤᠴᠠᠭ᠎ᠠ ᠵᠢ ᠵᠦᠷᠢᠬᠦᠯᠦᠨ ᠵᠠᠬ᠎ᠠ ᠳᠡᠯᠭᠡᠭᠦᠷ᠎ᠲᠦ ᠭᠠᠷᠤᠭᠰᠠᠨ᠎ᠤ ᠳᠠᠷᠠᠭ᠎ᠠ ᠬᠤᠳᠠᠯᠳᠤᠬᠤ ᠦᠨ᠎ᠡ ᠵᠢᠨ ᠠᠱᠢᠭ ᠣᠷᠣᠯᠭ᠎ᠠ᠎ᠨᠢ ᠬᠣᠶᠠᠷ ᠳᠠᠬᠢᠨ᠎ᠢᠶᠠᠷ ᠨᠡᠮᠡᠭ᠌ᠳᠡᠳᠡᠭ᠂ ᠡᠨᠡ ᠪᠣᠯ ᠦᠬᠠᠶ᠎ᠶ᠋ᠢᠨ ᠦᠵᠦᠮ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠡᠴᠡ ᠲᠠᠷᠢᠶᠠᠴᠢᠨ ᠡᠷᠦᠬᠡ᠎ᠳᠦ ᠤᠯᠭᠤᠭᠰᠠᠨ 《ᠠᠱᠢᠭ ᠤᠯᠵᠠ》 ᠪᠣᠯᠤᠨ᠎ᠠ᠃
2022 ᠣᠨ᠎ᠳᠤ᠂ ᠦᠬᠠᠶ᠎ᠶ᠋ᠢᠨ ᠦᠵᠦᠮ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠨᠢ ᠦᠬᠠᠶ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠤᠳᠠ᠎ᠶᠢᠨ ᠳᠤᠬᠤᠢ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠬᠠᠮᠲᠤ᠎ᠶ᠋ᠢᠨ ᠳᠡᠮᠵᠢᠯᠭᠡ ᠳᠤᠤᠷ᠎ᠠ ᠪᠠᠢᠭᠤᠯᠤᠭ᠍ᠳᠠᠪᠠ᠂ ᠡᠨᠡ ᠬᠦ᠌ ᠮᠣᠳᠣ ᠳᠠᠷᠢᠵᠤ ᠴᠢᠬᠢ ᠪᠣᠢᠵᠢᠭᠤᠯᠬᠤ᠂ ᠦᠵᠦᠮ ᠳᠠᠷᠢᠬᠤ᠂ ᠮᠡᠷᠭᠡᠵᠢᠯ ᠳᠡᠯᠭᠡᠷᠡᠭᠦᠯᠬᠦ᠌᠂ ᠴᠢᠳᠠᠪᠤᠷᠢᠲᠠᠨ ᠬᠥᠮᠦᠵᠢᠭᠦᠯᠬᠦ᠌ ᠪᠠ ᠨᠡᠢᠭᠡᠮ᠎ᠦᠨ ᠦᠶ᠋ᠯᠡᠴᠢᠯᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠠᠪᠴᠠᠩᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨ᠋ᠸᠷᠬᠢ ᠣᠯᠭᠣᠬᠤ ᠪᠡᠷ ᠳᠠᠮᠵᠢᠨ ᠦᠬᠠᠶ᠎ᠶ᠋ᠢᠨ ᠦᠵᠦᠮ᠎ᠦᠨ ᠶᠠᠰᠤ ᠴᠢᠨᠠᠷ ᠪᠠ ᠭᠠᠷᠤᠯᠲᠠ᠎ᠶ᠋ᠢ ᠳᠡᠭᠡᠭ᠌ᠰᠢᠯᠡᠭᠦᠯᠵᠦ᠍᠂ ᠦᠬᠠᠶ᠎ᠶ᠋ᠢᠨ ᠦᠵᠦᠮ ᠳᠠᠷᠢᠬᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ᠃
ᠭᠦᠸᠧ ᠶᠦᠩ ᠱᠧᠩ ᠰᠤᠷᠪᠤᠯᠵᠢᠯᠠᠭ᠍ᠴᠢ᠎ᠳᠤ᠂ ᠦᠬᠠᠶ᠎ᠶ᠋ᠢᠨ ᠦᠵᠦᠮ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ ᠳᠡᠮᠵᠢᠯᠭᠡ ᠳᠤᠤᠷ᠎ᠠ᠂ ᠱᠢᠨ᠎ᠡ ᠰᠣᠷᠭᠣᠭ ᠦᠵᠦᠮ ᠴᠠᠭ᠎ᠢ ᠠᠮᠵᠢᠨ ᠵᠠᠬ᠎ᠠ ᠳᠡᠯᠭᠡᠭᠦᠷ᠎ᠲᠦ ᠭᠠᠷᠤᠭ᠍ᠰᠠᠨ ᠡᠴᠡ ᠬᠦᠯᠡᠮᠵᠢ ᠪᠦᠷᠢ ᠪᠠᠷᠤᠭ 2 ᠲᠦᠮᠡᠨ ᠲᠥᠭᠥᠷᠢᠭ᠎ᠦᠨ ᠣᠷᠣᠯᠭ᠎ᠠ ᠨᠡᠮᠡᠭ᠌ᠳᠡᠭᠦᠯᠬᠦ᠌᠎ᠪᠡᠷ ᠪᠠᠷᠠᠬᠤ ᠥᠬᠡᠶ᠂ ᠦᠵᠦᠮ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ᠎ᠤᠨ ᠳᠡᠯᠭᠡᠷᠡᠭᠦᠯᠦᠭ᠌ᠰᠡᠨ 《ᠡᠷᠲᠡ ᠪᠤᠯᠪᠠᠰᠤᠷᠠᠭᠤᠯᠵᠤ ᠬᠤᠷᠢᠶᠠᠯᠲᠠ ᠵᠢ ᠡᠯᠪᠡᠭᠵᠢᠬᠦᠯᠬᠦ ᠳᠠᠷᠢᠵᠤ ᠪᠣᠢᠵᠢᠭᠤᠯᠬᠤ ᠠᠷᠭ᠎ᠠ》 ᠨᠢ ᠨᠡᠩ᠎ᠴᠤ ᠦᠵᠦᠮ᠎ᠦᠨ ᠵᠢᠮᠢᠰ ᠰᠠᠭᠤᠬᠤ ᠦᠶᠡᠯᠡᠯ᠎ᠦᠨ ᠬᠤᠭᠤᠴᠠᠭ᠎ᠠ᠎ᠶ᠋ᠢ 30% ᠪᠠᠷ ᠪᠣᠭᠣᠨᠢᠰᠭᠠᠪᠠ᠃ 3 ᠵᠢᠯ᠎ᠦᠨ ᠲᠤᠷᠰᠢ᠂ ᠦᠬᠠᠶ᠎ᠶ᠋ᠢᠨ ᠦᠵᠦᠮ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠨᠢ ᠵᠠᠯᠭᠠᠭ᠎ᠠ᠎ᠪᠠᠷ ᠳᠤᠮᠳᠠᠳᠤ᠎ᠶ᠋ᠢᠨ ᠤᠯᠠᠭᠠᠨ ᠰᠠᠷᠭᠠᠶ ᠵᠡᠷᠭᠡ ᠠᠷᠪᠠ ᠭᠠᠷᠤᠶ ᠵᠦᠶ᠋ᠯ᠎ᠦᠨ ᠱᠢᠯᠢᠳᠡᠭ ᠡᠭᠦᠯᠳᠡᠷ᠎ᠢ ᠣᠷᠣᠭᠤᠯᠤᠨ ᠠᠪᠴᠢᠷᠠᠵᠤ᠂ ᠨᠡᠢᠲᠡ 11 ᠵᠦᠶ᠋ᠯ᠎ᠦᠨ ᠱᠢᠨ᠎ᠡ ᠮᠡᠷᠭᠡᠵᠢᠯ᠎ᠢ ᠳᠡᠯᠭᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠷᠢᠶᠠᠯᠠᠩ᠎ᠤᠨ ᠪᠠᠷᠢᠮᠵᠢᠶ᠎ᠠ ᠵᠢ 6 ᠵᠦᠶ᠋ᠯ᠂ ᠰᠢᠨ᠎ᠡ ᠡᠭᠦᠳᠦᠯᠲᠡ᠎ᠶ᠋ᠢᠨ ᠲᠤᠰᠭᠠᠶ ᠠᠱᠢᠭ᠎ᠢ 3 ᠵᠦᠶ᠋ᠯ᠂ ᠬᠡᠷᠡᠭ᠌ᠯᠡᠭᠡᠨ᠎ᠦ ᠱᠢᠨ᠎ᠡ ᠬᠡᠯᠪᠡᠷᠢ᠎ᠶ᠋ᠢᠨ ᠲᠤᠰᠭᠠᠶ ᠠᠱᠢᠭ᠎ᠢ 9 ᠵᠦᠶ᠋ᠯ ᠤᠯᠵᠤ᠂ ᠡᠲᠡᠭᠡᠷ ᠦᠷ᠎ᠡ ᠪᠦᠲᠦᠭᠡᠯ᠎ᠨᠢ 4000 ᠭᠠᠷᠤᠶ ᠲᠠᠷᠢᠮᠠᠯ᠎ᠤᠨ ᠡᠷᠦᠬᠡ᠎ᠳᠦ ᠠᠱᠢᠭ ᠬᠦᠷᠲᠡᠭᠡᠵᠦ᠍᠂ ᠲᠠᠷᠢᠮᠠᠯ᠎ᠤᠨ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠳᠤᠮᠳᠠᠴᠢ᠎ᠪᠠᠷ 30% ᠪᠠᠷ ᠨᠡᠮᠡᠭ᠌ᠳᠡᠭᠦᠯᠪᠡ᠃
ᠬᠠᠢ᠌ᠷᠤᠪ᠎ᠤᠨ ᠲᠤᠬᠤᠢ ᠵᠢᠨ ᠭᠦᠵᠡᠯᠵᠡᠭᠡᠨ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ᠎ᠢᠶᠡᠷ ᠦᠷ᠎ᠡ ᠠᠱᠢᠭ᠎ᠢ ᠳᠡᠭᠡᠭ᠌ᠰᠢᠯᠡᠬᠦᠯᠬᠦ ᠪᠠᠢᠳᠠᠯ ᠠᠳᠠᠯᠢᠬᠠᠨ ᠢᠯᠡᠷᠡᠵᠦ ᠪᠠᠢᠨ᠎ᠠ᠃
ᠬᠠᠢᠷᠤᠪ᠎ᠤᠨ ᠲᠣᠬᠣᠢ᠎ᠶᠢᠨ ᠲᠣᠭᠣᠷᠢᠭ᠋᠎ᠤᠨ ᠴᠢᠶᠠᠨ ᠯᠢ ᠱᠠᠨ ᠪᠠᠯᠭᠠᠰᠤᠨ᠎ᠤ ᠪᠦᠯᠬᠦᠮᠳᠡᠯ ᠰᠢᠨ᠎ᠡ ᠲᠣᠰᠬᠣᠨ᠎ᠤ ᠭᠦᠵᠡᠯᠵᠡᠭᠡᠨ᠎ᠡ᠎ᠶᠢᠨ ᠲᠠᠷᠢᠮᠠᠯ᠎ᠤᠨ ᠡᠷᠦᠬᠡ ᠨᠢᠦ ᠱᠠᠩ ᠬᠠᠢ ᠥᠩᠭᠡᠷᠡᠭᠰᠡᠨ᠎ᠳᠦ ᠤᠯᠠᠨ ᠵᠦᠢᠯ᠎ᠦᠨ ᠲᠠᠷᠢᠮᠠᠯ᠎ᠤᠨ ᠠᠰᠠᠭᠤᠳᠠᠯ᠎ᠳᠤ ᠲᠦᠪᠡᠭᠳᠡᠭᠰᠡᠭᠡᠷ ᠢᠷᠡᠵᠠᠢ ︱ ᠠᠳᠠᠯᠢᠬᠠᠨ ᠨᠢᠭᠡ ᠬᠡᠰᠡᠭ ᠭᠠᠵᠠᠷ᠎ᠲᠤ ᠬᠡᠳᠦᠨ ᠵᠢᠯ ᠭᠦᠵᠡᠯᠵᠡᠭᠡᠨ᠎ᠡ ᠳᠠᠷᠢᠭ᠍ᠰᠠᠨ᠎ᠡᠴᠡ ᠪᠤᠯᠵᠤ ᠡᠪᠡᠳᠴᠢᠨ᠎ᠦ ᠬᠣᠣᠷ ᠬᠥᠨᠥᠭᠡᠯ ᠨᠡᠮᠡᠭᠳᠡᠵᠦ᠂ ᠤᠨᠠᠯᠲᠠ ᠨᠢ ᠪᠠᠭᠤᠷᠠᠵᠠᠢ᠃
ᠬᠠᠢᠷᠤᠪ᠎ᠤᠨ ᠲᠤᠬᠤᠢ ᠵᠢᠨ ᠭᠦᠵᠡᠯᠵᠡᠭᠡᠨ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠪᠠᠢᠭᠤᠯᠤᠭᠳᠠᠭᠰᠠᠨ᠎ᠤ ᠲᠠᠷᠠᠭ᠎ᠠ᠂ ᠬᠤᠳᠠ᠂ ᠲᠣᠭᠣᠷᠢᠭ᠋᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠡᠴᠡ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠫᠷᠤᠹᠸᠰᠰᠤᠷ ᠯᠢ ᠰᠢᠶᠣᠣ ᠶᠠᠨ᠂ ᠳᠡᠳ᠋ ᠫᠷᠤᠹᠸᠰᠰᠤᠷ ᠹᠠᠨ ᠯᠢ ᠪᠣᠯᠣᠨ 3 ᠰᠤᠳᠤᠯᠬᠤ ᠰᠤᠷᠤᠭ᠍ᠴᠢ᠎ᠶᠢ ᠵᠢᠵᠢᠭ ᠬᠦᠷᠢᠶᠡᠯᠡᠩᠳᠡᠭᠡᠨᠤᠷᠢᠵᠤ ᠠᠪᠴᠢᠷᠠᠪᠠ᠃ ᠲᠡᠳᠡ ᠲᠠᠷᠢᠶᠠᠨ ᠭᠠᠵᠠᠷ᠎ᠲᠤ ᠬᠦᠷᠴᠦ᠂ ᠬᠥᠷᠥᠰᠥ ᠰᠢᠷᠣᠢ᠎ᠶᠢ ᠰᠠᠢᠵᠢᠷᠠᠭᠤᠯᠬᠤ᠎ᠡᠴᠡ ᠭᠠᠷᠳᠠᠵᠤ᠂ ᠲᠠᠷᠢᠮᠠᠯ᠎ᠤᠨ ᠡᠷᠦᠬᠡ᠎ᠲᠠᠢ ᠬᠠᠮᠲᠤ᠎ᠪᠠᠷ ᠬᠡᠳᠦ ᠡᠷᠲᠡ ᠪᠣᠯᠪᠠᠰᠤᠷᠠᠬᠤ ᠥᠨᠳᠥᠷ ᠦᠷ᠎ᠡ ᠠᠰᠢᠭᠲᠦ ᠲᠠᠷᠢᠬᠤ ᠮᠡᠷᠭᠡᠵᠢᠯ ᠪᠣᠯᠣᠨ ᠮᠢᠺᠷᠣᠪ ᠪᠠᠺᠲᠧᠷᠢ᠎ᠲᠦ ᠪᠣᠷᠳᠣᠭᠤᠷ ᠣᠷᠣᠭᠤᠯᠬᠤ ᠮᠡᠷᠭᠡᠵᠢᠯ᠎ᠢ ᠳ᠋ᠦᠩᠨᠡᠨ ᠳᠡᠯᠭᠡᠷᠡᠭᠦᠯᠪᠡ᠃ ᠬᠣᠶᠠᠷ ᠵᠦᠢᠯ᠎ᠦᠨ ᠮᠡᠷᠭᠡᠵᠢᠯ᠎ᠦᠨ ᠳᠡᠮᠵᠢᠯᠭᠡ᠎ᠲᠠᠢ ᠪᠣᠯᠤᠭᠰᠠᠨ ᠵᠢᠡᠷ ᠭᠦᠵᠡᠯᠵᠡᠭᠡᠨ᠎ᠡ᠎ᠶᠢᠨ ᠴᠢᠨᠠᠷ ᠴᠢᠨᠰᠠᠭ᠎ᠠ ᠪᠠ ᠭᠠᠷᠤᠯᠲᠠ ᠶᠡᠬᠡᠪᠡᠷ ᠳᠡᠭᠡᠭᠰᠢᠯᠡᠭᠰᠡᠨ ᠪᠥᠭᠡᠳ ᠲᠠᠷᠢᠮᠠᠯ᠎ᠤᠨ ᠡᠷᠦᠬᠡ᠎ᠶᠢᠨ ᠠᠰᠢᠭ᠋ ᠣᠷᠣᠯᠭ᠎ᠠ᠎ᠶᠢ ᠴᠤ᠌ ᠵᠡᠷᠭᠡ᠎ᠪᠡᠷ ᠳᠡᠭᠡᠭᠰᠢᠯᠡᠭᠦᠯᠦᠭᠰᠡᠨ ᠪᠠᠢᠨ᠎ᠠ᠃
ᠡᠭᠦᠨ᠎ᠦ ᠵᠡᠷᠭᠡ᠎ᠳᠦ᠂ ᠤᠷᠢᠵᠤ ᠠᠪᠴᠢᠷᠠᠭᠰᠠᠨ ᠲᠤᠰᠬᠠᠢ ᠮᠡᠷᠭᠡᠵᠢᠯᠲᠡᠨ ᠬᠠᠢᠷᠤᠪ᠎ᠤᠨ ᠲᠤᠬᠤᠢ ᠭᠦᠵᠡᠯᠵᠡᠭᠡᠨ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠬᠠᠪᠰᠤᠷᠤᠨ ᠭᠤᠷᠪᠠᠨ ᠬᠡᠮᠵᠢᠯᠳᠡ᠎ᠳᠦ ᠪᠤᠰᠤᠭ᠎ᠠ ᠴᠤᠬᠴᠠᠳᠤ ᠬᠡᠯᠪᠡᠷᠢ᠎ᠶᠢᠨ ᠲᠠᠷᠢᠮᠠᠯ᠎ᠤᠨ ᠲᠥᠰᠥᠯ᠎ᠢ ᠳᠠᠬᠢᠨ ᠰᠢᠯᠢᠳᠡᠭᠵᠢᠭᠦᠯᠵᠦ᠂ ᠣᠯᠠᠨ ᠳᠠᠪᠬᠤᠷᠭ᠎ᠠ ᠵᠢᠨ ᠳᠠᠪᠬᠤᠴᠠᠭᠰᠠᠨ ᠪᠠ ᠬᠠᠷᠢᠯᠴᠠᠨ ᠨᠥᠬᠥᠪᠦᠷᠢᠯᠡᠬᠦ ᠲᠠᠷᠢᠮᠠᠯ᠎ᠤᠨ ᠠᠷᠭ᠎ᠠ᠎ᠶᠢ ᠬᠡᠷᠡᠭᠯᠡᠵᠤ᠂ ᠦᠵᠦᠮ ᠪᠠ ᠭᠦᠵᠡᠯᠵᠡᠭᠡᠨ᠎ᠡ᠎ᠶᠢ 《ᠳᠡᠭᠡᠷ᠎ᠡ ᠳᠣᠣᠷ᠎ᠠ ᠣᠷᠣ᠌》 ᠳ᠋ᠤ ᠰᠠᠭᠤᠯᠭᠠᠪᠠ᠃ 3 ᠰᠠᠷ᠎ᠠ᠎ᠳᠤ ᠦᠵᠦᠮ ᠰᠣᠶᠣᠭᠠᠯᠠᠬᠤ ᠦᠶᠡᠰ ᠶᠠᠭ ᠰᠠᠶᠢᠬᠠᠨ ᠭᠦᠵᠡᠯᠵᠡᠭᠡᠨ᠎ᠡ᠎ᠶᠢᠨ ᠴᠡᠴᠡᠭᠯᠡᠬᠦ ᠬᠤᠭᠤᠴᠠᠭ᠎ᠠ ᠪᠣᠯᠵᠤ᠂ ᠥᠨᠳᠥᠷ ᠲᠣᠮᠣ᠌ ᠦᠵᠦᠮ᠎ᠦᠨ ᠵᠡᠯ᠎ᠡ ᠨᠢ ᠨᠡᠷᠡᠨ᠎ᠳᠦ ᠰᠢᠷᠠᠭᠳᠠᠬᠤ᠎ᠡᠴᠡ ᠠᠶᠤᠳᠠᠭ ᠭᠦᠵᠡᠯᠵᠡᠭᠡᠨ᠎ᠡ᠎ᠳᠦ ᠨᠠᠷᠠ ᠬᠠᠯᠬᠠᠯᠠᠬᠤ ᠰᠢᠬᠦᠷ ᠪᠤᠯᠳᠠᠭ᠃ ᠡᠨᠡ ᠨᠢ ᠭᠦᠵᠡᠯᠵᠡᠭᠡᠨ᠎ᠡ᠎ᠶᠢᠨ ᠥᠰᠦᠯᠲᠡ᠎ᠶᠢᠨ ᠳᠤᠯᠠᠭᠠᠨ᠎ᠤ ᠬᠡᠮᠵᠢᠶ᠎ᠡ᠎ᠶᠢ ᠪᠠᠭᠤᠷᠠᠭᠤᠯᠬᠤ᠎ᠳᠤ ᠠᠰᠢᠭ᠍ᠲᠠᠢ᠎ᠪᠠᠷ ᠪᠠᠷᠠᠬᠤ ᠦᠭᠡᠢ ᠪᠠᠰᠠ ᠲᠡᠭᠦᠨ᠎ᠦ ᠭᠠᠷᠤᠯᠲᠠ ᠪᠠ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃ 5 ᠰᠠᠷ᠎ᠠ᠎ᠳᠤ ᠭᠦᠵᠡᠯᠵᠡᠭᠡᠨ᠎ᠡ ᠲᠡᠭᠦᠬᠦ ᠤᠯᠠᠷᠢᠯ ᠳᠠᠭᠤᠰᠬᠤ ᠪᠡᠷ᠂ ᠦᠵᠦᠮ ᠪᠠᠰᠠ ᠡᠬᠢᠯᠡᠨ ᠲᠣᠮᠣᠷᠠᠵᠤ᠂ ᠪᠦᠬᠦᠶ᠋ᠢᠯᠡ ᠥᠰᠦᠯᠲᠡ᠎ᠶᠢᠨ ᠣᠷᠣᠨ ᠵᠠᠢ᠎ᠶᠢᠨ ᠬᠡᠷᠡᠯ᠎ᠦᠨ ᠲᠤᠰᠤᠯᠲᠠ ᠵᠢ ᠭᠠᠭᠴᠠᠭᠠᠷ ᠡᠵᠡᠯᠡᠬᠦ ᠪᠤᠯᠳᠠᠭ᠃
ᠨᠢᠦ ᠱᠠᠩ ᠬᠠᠢ ᠰᠤᠷᠪᠤᠯᠵᠢᠯᠠᠭ᠍ᠴᠢ᠎ᠳᠤ ᠨᠢᠭᠡ ᠬᠤᠪᠢ ᠳᠠᠨᠭᠰᠠ ᠪᠤᠳᠤᠵᠦ ᠦᠭᠪᠡ᠄ 《ᠥᠩᠭᠡᠷᠡᠭᠰᠡᠨ᠎ᠳᠦ ᠭᠦᠵᠡᠯᠵᠡᠭᠡᠨ᠎ᠡ᠎ᠶᠢᠨ ᠬᠦᠯᠡᠮᠵᠢ᠎ᠳᠦ ᠬᠠᠮᠤᠭ᠎ᠤᠨ ᠣᠯᠠᠨ᠎ᠳᠠᠭᠠᠨ 8000 ᠰᠠᠭᠤᠷᠢ ᠲᠠᠷᠢᠵᠤ᠂ ᠮᠦ᠍ ᠪᠦᠷᠢ᠎ᠶᠢᠨ ᠤᠨᠠᠯᠲᠠ ᠨᠢ 4000 ᠵᠢᠩ ᠪᠠᠢᠪᠠ᠂ ᠵᠠᠬ᠎ᠠ ᠳᠡᠯᠭᠡᠭᠦᠷ᠎ᠦᠨ ᠦᠨ᠎ᠡ ᠵᠢ 20 ᠲᠥᠭᠥᠷᠢᠭ᠎ᠢᠶᠡᠷ ᠪᠤᠳᠤᠪᠠᠯ᠂ ᠵᠢᠯ᠎ᠦᠨ ᠣᠷᠣᠯᠭ᠎ᠠ 7 ᠲᠦᠮᠡ᠎ᠡᠴᠡ 8 ᠲᠦᠮᠡᠨ ᠲᠥᠭᠥᠷᠢᠭ ᠪᠠᠢᠪᠠ᠂ ᠣᠲᠣ᠌ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ ᠮᠡᠷᠭᠡᠵᠢᠯ᠎ᠦᠨ ᠳᠡᠮᠵᠢᠯᠭᠡ ᠪᠡᠷ ᠬᠦᠯᠡᠮᠵᠢ ᠪᠦᠷᠢᠳᠦ 2.4 ᠲᠦᠮᠡᠨ ᠰᠠᠭᠤᠷᠢ ᠳᠠᠷᠢᠵᠤ᠂ ᠭᠠᠷᠤᠯᠲᠠ ᠨᠢ 3 ᠳᠠᠬᠢᠨ ᠳᠡᠭᠡᠭᠰᠢᠯᠡᠵᠡᠢ᠃ ᠦᠵᠦᠮ ᠠᠯᠠᠭᠯᠠᠨ ᠳᠠᠷᠢᠭ᠍ᠰᠠᠨᠤ ᠲᠠᠷᠠᠭ᠎ᠠ᠂ ᠭᠦᠵᠡᠯᠵᠡᠭᠡᠨ᠎ᠡ ᠲᠡᠭᠦᠬᠦ ᠬᠤᠭᠤᠴᠠᠭ᠎ᠠ᠎ᠶᠢ ᠪᠠᠰᠠ ᠬᠠᠭᠠᠰ ᠰᠠᠷ᠎ᠠ ᠤᠷᠲᠤᠳᠬᠠᠵᠤ᠂ ᠮᠦ᠍ ᠪᠦᠷᠢ᠎ᠡᠴᠡ ᠪᠠᠰᠠ 1000 ᠺᠢᠯᠣᠭ᠌ᠷᠠᠮ ᠦᠵᠦᠮ ᠢᠯᠡᠭᠦᠦ ᠬᠤᠷᠢᠶᠠᠳᠠᠭ᠃ ᠢᠩᠭᠢᠵᠦ ᠪᠤᠳᠤᠪᠠᠯ᠂ ᠶᠡᠷᠦᠩᠬᠡᠢᠯᠡᠭᠰᠡᠨ ᠮᠦ᠍ ᠪᠦᠷᠢ᠎ᠶᠢᠨ ᠦᠷ᠎ᠡ ᠠᠰᠢᠭ᠋᠎ᠢ ᠲᠠᠩ ᠭᠠᠭᠴᠠ ᠲᠠᠷᠢᠮᠠᠯ᠎ᠡᠴᠡ 3 ᠳᠠᠬᠢᠨ ᠨᠡᠮᠡᠭᠳᠡᠭᠦᠯᠦᠭᠰᠡᠨ ᠪᠠᠢᠨ᠎ᠠ》 ᠭᠡᠵᠡᠢ᠃
ᠣᠳᠣᠬᠠᠨ᠎ᠳᠤ ᠦᠬᠠᠢ ᠬᠤᠳᠠ᠎ᠳᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠨᠢ ᠦᠬᠠᠢ ᠬᠤᠳᠠ᠎ᠶᠢᠨ ᠵᠢᠵᠢᠭ ᠪᠦᠭᠡᠳ ᠨᠠᠷᠢᠯᠢᠭ᠋᠂ ᠵᠢᠵᠢᠭ ᠪᠦᠭᠡᠳ ᠭᠤᠢᠳᠠ ᠲᠠᠷᠢᠶᠠᠯᠠᠩ᠎ᠢ ᠪᠦᠲᠦᠭᠡᠨ ᠪᠠᠶ᠋ᠢᠭᠤᠯᠬᠤ ᠴᠢᠬᠤᠯᠠ ᠬᠥᠳᠡᠯᠭᠡᠬᠦ ᠬᠦᠴᠦᠨ ᠪᠣᠯᠵᠤ ᠪᠤᠢ᠃ ᠣᠳᠣᠬᠠᠨ᠎ᠳᠤ᠂ ᠦᠬᠠᠢ ᠬᠤᠳᠠ ᠨᠢᠭᠡᠨᠲᠡ ᠦᠬᠠᠢ᠎ᠶᠢᠨ ᠦᠵᠦᠮ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠂ ᠬᠠᠢᠷᠤᠪ᠎ᠤᠨ ᠲᠣᠬᠣᠢ᠎ᠶᠢᠨ ᠭᠦᠵᠡᠯᠵᠡᠭᠡᠨ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠂ ᠥᠪᠥᠷ ᠮᠣᠩᠭᠣᠯ᠎ᠤᠨ ᠦᠬᠠᠢ᠎ᠶᠢᠨ ᠥᠨᠳᠡᠭᠡᠨ ᠲᠠᠬᠢᠶ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠵᠡᠷᠭᠡ ᠥᠪᠡᠷᠮᠢᠴᠡ ᠣᠨᠴᠠᠯᠢᠭ᠋᠎ᠢᠶᠠᠷ ᠢᠯᠡ ᠲᠣᠳᠣ᠌ 3 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠪᠠᠢᠭᠤᠯᠤᠭᠳᠠᠵᠤ᠂ ᠵᠢᠮᠢᠰ ᠨᠣᠭᠣᠭ᠎ᠠ ᠲᠠᠷᠢᠬᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠵᠡᠷᠭᠡ ᠣᠨᠴᠠᠯᠢᠭ᠍ᠲᠤ ᠲᠠᠷᠢᠶᠠᠯᠠᠩ᠎ᠢ ᠪᠦᠷᠬᠦᠵᠦ᠂ ᠤᠯᠠᠨ ᠦᠢᠯᠡᠰ᠎ᠢ ᠵᠡᠷᠭᠡ ᠪᠡᠷ ᠬᠥᠭᠵᠢᠭᠦᠯᠤᠨ᠂ ᠬᠠᠮᠵᠢᠯᠴᠠᠨ ᠠᠬᠢᠭᠤᠯᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠲᠠᠷᠢᠶᠠᠯᠠᠩ᠎ᠢ ᠲᠤᠰᠠᠯᠠᠬᠤ ᠰᠢᠨ᠎ᠡ ᠪᠠᠢᠷᠢᠰᠢᠯ᠎ᠢ ᠪᠦᠷᠢᠯᠳᠦᠭᠦᠯᠵᠡᠢ᠃
ᠡᠭᠦᠨ᠎ᠦ ᠵᠡᠷᠭᠡ᠎ᠳᠦ᠂ ᠡᠯ᠎ᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠪᠠᠰᠠ ᠴᠢᠳᠠᠪᠤᠷᠢᠲᠠᠨ᠎ᠢ ᠬᠥᠮᠥᠵᠢᠭᠦᠯᠬᠦ ᠡᠭᠦᠷᠭᠡ ᠴᠢᠳᠠᠪᠬᠢ᠎ᠶᠢ ᠡᠭᠦᠷᠭᠡᠯᠡᠵᠦ᠂ ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ᠂ ᠮᠡᠷᠭᠡᠵᠢᠯ᠎ᠦᠨ ᠪᠣᠯᠪᠠᠰᠤᠷᠠᠯ ᠵᠡᠷᠭᠡ ᠠᠷᠭ᠎ᠠ ᠬᠡᠯᠪᠡᠷᠢ᠎ᠪᠡᠷ ᠨᠢᠭᠡ ᠪᠦᠯᠦᠭ ᠮᠡᠷᠭᠡᠵᠢᠯ ᠤᠢᠯᠠᠭᠠᠬᠤ᠂ ᠡᠵᠡᠩᠨᠡᠵᠦ ᠴᠢᠳᠠᠬᠤ ᠨᠤᠲᠤᠭ᠎ᠤᠨ ᠲᠠᠷᠢᠶᠠᠴᠢᠳ᠎ᠢ ᠬᠥᠮᠥᠵᠢᠭᠦᠯᠵᠦ᠂ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠳᠦ ᠥᠨᠢᠳᠡ᠎ᠶᠢᠨ ᠬᠥᠳᠡᠯᠭᠡᠬᠦ ᠬᠦᠴᠦᠨ ᠨᠡᠮᠡᠷᠢᠯᠡᠵᠡᠢ᠃
ᠦᠬᠠᠢ ᠬᠣᠲᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠳᠡᠳ᠋ ᠲᠡᠷᠢᠭᠦᠯᠡᠭᠴᠢ ᠵᠣᠣ ᠲᠤᠤ᠄ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ 〈ᠵᠠᠰᠠᠭ᠎ᠤᠨ ᠣᠷᠳᠣᠨ᠎ᠡᠴᠡ ᠲᠠᠪᠴᠠᠩ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠪᠠᠷ ᠲᠤᠯᠭᠠᠭᠤᠷᠢᠯᠠᠭᠤᠯᠵᠤ᠂ ᠠᠵᠤ ᠠᠬᠤᠢᠯᠠᠯ ᠣᠷᠣᠯᠴᠠᠵᠤ᠂ ᠲᠠᠷᠢᠶᠠᠴᠢᠳ ᠠᠰᠢᠭ᠋ ᠬᠦᠷᠳᠡᠬᠦ〉 ᠠᠭᠤᠰᠤᠯᠴᠠᠨ ᠬᠥᠭᠵᠢᠬᠦ ᠲᠣᠭᠲᠡᠴᠡ ᠨᠢ ᠴᠢᠳᠠᠪᠤᠷᠢᠲᠠᠨ᠂ ᠮᠡᠷᠭᠡᠵᠢᠯ᠂ ᠦᠢᠯᠡᠴᠢᠯᠡᠭᠡ᠎ᠶᠢ ᠦᠷᠭᠦᠯᠵᠢᠯᠡᠨ ᠲᠠᠷᠢᠶᠠᠯᠠᠬᠤ ᠣᠷᠣᠨ ᠲᠡᠢᠰᠢ ᠭᠦᠨᠵᠡᠭᠡᠢᠷᠡᠭᠦᠯᠬᠦ᠎ᠶᠢ ᠬᠦᠴᠦᠲᠡᠢ ᠠᠬᠢᠭᠤᠯᠵᠤ᠂ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 〈ᠡᠴᠦᠰ᠎ᠦᠨ ᠨᠢᠭᠡ ᠺᠢᠯᠣᠮᠧᠲᠷ〉 ᠤ᠋ᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠠᠰᠢᠭ᠍ᠲᠠᠢ ᠰᠡᠩᠬᠡᠷᠡᠭᠦᠯᠦᠯ ᠬᠠᠩᠭᠠᠵᠤ᠂ ᠲᠠᠷᠢᠶᠠᠴᠢᠨ ᠡᠷᠦᠬᠡ᠎ᠶᠢᠨ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠶᠢ ᠳᠠᠢᠴᠢᠯᠠᠬᠤ ᠲᠠᠯ᠎ᠠ᠎ᠪᠠᠷ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ ᠦᠢᠯᠡᠳᠦᠯ ᠦᠵᠡᠭᠦᠯᠦᠭᠰᠡᠨ᠎ᠢ 3 ᠵᠢᠯ᠎ᠦᠨ ᠲᠤᠷᠰᠢᠬᠢ ᠦᠢᠯᠡᠳᠦᠯᠭᠡ ᠭᠡᠷᠡᠴᠢᠯᠡᠵᠡᠢ》 ᠭᠡᠵᠤ ᠢᠯᠡᠳᠭᠡᠵᠡᠢ᠃