4 ᠰᠠᠷ᠎ᠠ᠎ᠶᠢᠨ 8᠎ᠤ᠋ ᠡᠳᠦᠷ᠂ ᠬᠥᠬᠡᠬᠣᠲᠠ᠎ᠶᠢᠨ ᠴᠢᠩ ᠱᠦᠢ ᠾᠧ ᠰᠢᠶᠠᠨ᠎ᠤ ᠲᠡᠭᠷᠢ ᠪᠦᠷᠬᠦᠭ᠂ ᠤᠷᠢᠬᠠᠨ ᠰᠠᠯᠬᠢ ᠬᠠᠴᠠᠷ ᠢ ᠵᠦᠭᠡᠯᠡᠨ ᠢᠯᠪᠢᠨ᠎ᠡ᠃ ᠰᠤᠷᠪᠤᠯᠵᠢᠯᠠᠭ᠍ᠴᠢ ᠴᠢᠳ᠋ᠸᠩᠤᠨ ᠭᠤᠤ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠶᠦᠨ ᠸᠧᠨ ᠯᠦᠩ᠎ᠤᠨ ᠲᠡᠷᠡ ᠬᠦ᠌ ᠲᠣᠭᠣᠰᠣ᠌ ᠰᠢᠷᠣᠢ᠎ᠳᠤ ᠳᠠᠷᠤᠭᠳᠠᠭᠰᠠᠨ ᠬᠠᠭᠤᠴᠢᠨ ᠲᠡᠷᠭᠡᠨ᠎ᠳᠦ ᠰᠠᠭᠤᠵᠤ᠂ ᠳᠡᠮᠡᠢ ᠬᠤᠯᠠ ᠶᠠᠪᠤᠭᠰᠠᠨ ᠦᠭᠡᠢ ᠲᠡᠷᠭᠡᠨ ᠠᠷᠤ ᠲᠠᠯ᠎ᠠ᠎ᠡᠴᠡ ᠲᠦᠨᠭᠭᠡᠷ ᠳᠠᠨᠭᠭᠠᠷ ᠲᠠᠭᠤ ᠭᠠᠷᠴᠤ ᠪᠠᠢᠯ᠎ᠠ᠃ ᠶᠠᠭ ᠭᠠᠢᠬᠠᠵᠤ ᠪᠠᠢᠲᠠᠯ᠎ᠠ ᠶᠦᠨ ᠸᠸᠨ ᠯᠦᠩ ᠢᠨᠢᠶᠡᠮᠰᠦᠭᠯᠡᠨ᠄ 《ᠮᠢᠨᠤ ᠡᠨᠡ ᠨᠠᠮ᠎ᠤᠨ ᠡᠭᠦᠷ᠎ᠦᠨ ᠱᠦᠵᠢ ᠪᠣᠯ ᠳᠠᠷᠤᠢ ᠲᠣᠰᠬᠣᠨ᠎ᠤ ᠠᠷᠠᠳ᠎ᠤᠨ 〈ᠰᠡᠯᠪᠢᠨ ᠵᠠᠰᠠᠬᠤ ᠠᠵᠢᠯᠴᠢᠨ〉 ᠪᠣᠯᠣᠨ᠎ᠠ᠃ ᠲᠡᠷᠭᠡᠨ ᠳᠡᠭᠡᠷ᠎ᠡ ᠵᠢᠯ ᠲᠤᠷᠰᠢ ᠪᠠᠭᠠᠵᠢ᠎ᠶᠢᠨ ᠬᠠᠢᠷᠴᠠᠭ ᠠᠪᠴᠤ ᠶᠠᠪᠤᠵᠤ᠂ ᠬᠠᠮᠢᠭ᠎ᠠ ᠨᠢ ᠡᠪᠳᠡᠷᠡᠪᠡᠯ ᠬᠠᠮᠢᠭ᠎ᠠ ᠨᠢ ᠵᠠᠰᠠᠨ᠎ᠠ; ᠣᠯᠠᠨ ᠲᠦᠮᠡᠨ᠎ᠦ ᠰᠡᠳᠬᠢᠯ᠎ᠳᠦ ᠵᠠᠩᠭᠢᠷᠠᠭ᠎ᠠ᠎ᠲᠠᠢ᠂ ᠬᠦᠴᠢᠷᠳᠡᠯ ᠲᠠᠢ ᠪᠠᠢᠪᠠᠯ᠂ ᠪᠢ ᠪᠠᠰᠠ ᠣᠴᠢᠵᠤ ᠬᠠᠪᠰᠤᠷᠤᠨ ᠰᠢᠢᠳᠪᠦᠷᠢᠯᠡᠳᠡᠭ᠃ ᠣᠯᠠᠨ᠎ᠢᠶᠠᠷ᠎ᠢᠶᠠᠨ ᠬᠡᠷᠡᠭᠴᠡᠭᠡ᠎ᠲᠠᠢ ᠪᠣᠯ ᠪᠢ ᠬᠡᠵᠢᠶ᠎ᠡ ᠳᠠᠭᠤᠳᠠᠪᠠᠯ ᠬᠡᠵᠢᠶ᠎ᠡ ᠤᠴᠢᠳᠠᠭ》 ᠭᠡᠪᠡ᠃
ᠨᠢᠳᠤᠨᠤᠨ ᠪᠢᠳᠡ ᠶᠦᠨ ᠸᠧᠨ ᠯᠦᠩ᠎ᠢ ᠳᠠᠭᠠᠵᠤ ᠶᠡᠬᠡ ᠪᠣᠷᠣᠭᠠᠨ᠎ᠳᠤ ᠳᠠᠭᠠᠷᠢᠭ᠍ᠳᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ ᠬᠦᠷᠴᠡᠢ᠃ ᠡᠨᠡ ᠬᠡᠰᠡᠭ ᠲᠠᠷᠢᠶᠠᠨ ᠭᠠᠵᠠᠷ᠎ᠤᠨ ᠶᠡᠬᠡᠩᠬᠢ ᠬᠡᠰᠡᠭ ᠨᠢ ᠨᠤᠷᠠᠨ ᠶᠡᠭᠦᠷᠡᠵᠦ᠂ ᠤᠰᠤᠨ ᠬᠣᠭᠣᠯᠠᠢ ᠨᠢ ᠡᠪᠳᠡᠷᠡᠵᠦ᠂ ᠲᠣᠰᠬᠣᠨ᠎ᠤ ᠠᠷᠠᠳ᠎ᠤᠨ ᠰᠡᠳᠬᠢᠯ᠎ᠦᠨ ᠡᠪᠡᠳᠴᠢᠨ ᠪᠣᠯᠵᠠᠢ᠃ 《ᠬᠠᠪᠤᠷ᠎ᠤᠨ ᠡᠬᠢᠨ᠎ᠦ ᠨᠢᠭᠡᠳᠦᠭᠡᠷ ᠠᠵᠢᠯ ᠪᠣᠯ ᠡᠨᠡ ᠬᠡᠰᠡᠭ ᠭᠠᠵᠠᠷ᠎ᠢ ᠵᠠᠰᠠᠵᠤ ᠳᠠᠭᠤᠰᠬᠠᠬᠤ ᠶᠠᠪᠤᠳᠠᠯ ᠪᠣᠯᠣᠨ᠎ᠠ᠂ ᠡᠷᠬᠡᠪᠰᠢ 4 ᠰᠠᠷ᠎ᠠ᠎ᠶᠢᠨ 20 ᠤ᠋ ᠡᠳᠦᠷ᠎ᠡᠴᠡ ᠡᠮᠦᠨ᠎ᠡ ᠵᠠᠰᠠᠵᠤ ᠳᠠᠭᠤᠰᠬᠠᠬᠤ ᠬᠡᠷᠡᠭᠲᠡᠢ》᠃ ᠶᠦᠨ ᠸᠧᠨ ᠯᠦᠩ ᠪᠠᠰᠠ 《ᠲᠠᠷᠢᠶᠠᠨ ᠭᠠᠵᠠᠷ ᠪᠣᠯ ᠠᠷᠠᠳ᠎ᠤᠨ ᠠᠮᠢ ᠭᠣᠣᠯ᠂ ᠵᠠᠰᠠᠵᠤ ᠪᠠᠷᠠᠬᠤ ᠦᠭᠡᠢ ᠪᠣᠯ ᠣᠯᠠᠨ᠎ᠢᠶᠠᠷ᠎ᠢᠶᠠᠨ ᠰᠠᠨᠠᠭ᠎ᠠ ᠠᠮᠤᠷ ᠦᠭᠡᠢ》ᠭᠡᠨ᠎ᠡ᠃ ᠤᠬᠤᠭᠤᠷ ᠮᠠᠰᠢᠨ ᠬᠦᠷᠴᠢᠭᠢᠨᠡᠵᠦ᠂ ᠵᠠᠪᠳᠤᠨ ᠵᠠᠰᠠᠬᠤ ᠠᠵᠢᠯ ᠲᠤᠬᠠᠢ᠎ᠶᠢᠨ ᠲᠠᠯᠠᠪᠠᠢᠳ᠋ᠦ ᠬᠦᠷ ᠬᠥᠭᠵᠢᠶᠡᠨ᠎ᠲᠠᠢ ᠶᠠᠪᠤᠭᠳᠠᠪᠠ᠃
ᠮᠠᠰᠢᠨᠴᠢᠯᠠᠨ ᠲᠠᠷᠢᠬᠤ ᠮᠡᠷᠭᠡᠵᠢᠯ᠎ᠢ ᠳᠡᠯᠭᠡᠷᠡᠭᠦᠯᠬᠦ ᠪᠣᠯ ᠶᠦᠨ ᠸᠸᠨ ᠯᠦᠩ᠎ᠤᠨ ᠲᠣᠰᠬᠣᠨ᠎ᠤ ᠠᠷᠠᠳ᠎ᠲᠤ ᠬᠠᠪᠰᠤᠷᠤᠨ ᠰᠢᠢᠳᠪᠦᠷᠢᠯᠡᠬᠦ ᠪᠠᠰᠠ ᠨᠢᠭᠡᠨ ᠬᠦᠴᠢᠷ ᠠᠰᠠᠭᠤᠳᠠᠯ ᠪᠣᠯᠣᠨ᠎ᠠ᠃ 《ᠳᠡᠯᠭᠡᠷᠡᠭᠦᠯᠬᠦ᠎ᠳᠦ ᠪᠡᠷᠬᠡ᠂ ᠤᠯᠠᠨ᠎ᠢᠶᠠᠷ᠎ᠢᠶᠠᠨ ᠡᠬᠢᠯᠡᠩᠭᠦᠲᠡ᠎ᠪᠡᠨ ᠵᠥᠪᠰᠢᠶᠡᠷᠡᠬᠦ ᠦᠭᠡᠢ ᠪᠠᠢᠭᠰᠠᠨ ᠪᠣᠯᠬᠣᠷ ᠬᠠᠷᠰᠢ ᠰᠠᠭᠠᠳ ᠲᠤᠩ ᠶᠡᠬᠡ ᠪᠠᠢᠵᠠᠢ》᠃ ᠶᠦᠨ ᠸᠸᠨ ᠯᠦᠩ᠂ ᠲᠣᠰᠬᠣᠨ᠎ᠤ ᠠᠷᠠᠳ ᠥᠪᠡᠷ᠎ᠦᠨ ᠰᠠᠢᠨ ᠭᠠᠵᠠᠷ᠎ᠨᠢ ᠰᠣᠯᠢᠭᠳᠠᠵᠤ᠂ ᠡᠷᠬᠡ᠎ᠶᠢᠨ ᠬᠠᠷᠢᠶᠠᠯᠠᠯ ᠨᠢ ᠬᠤᠪᠢᠷᠠᠬᠤ ᠡᠴᠡ ᠠᠶᠤᠵᠤ᠂ ᠳᠣᠲᠣᠷ᠎ᠠ᠎ᠪᠠᠨ ᠲᠦᠭ ᠳᠠᠭ᠎ᠲᠠᠢ ᠪᠠᠢᠯ᠎ᠠ ᠭᠡᠵᠦ ᠰᠢᠭᠤᠳ ᠬᠡᠯᠡᠪᠡ᠃
ᠲᠡᠷᠡ ᠠᠯᠪᠠ᠎ᠪᠠᠷ ᠠᠬᠢᠭᠤᠯᠤᠭᠰᠠᠨ ᠪᠢᠰᠢ᠂ ᠬᠠᠷᠢᠨ ᠰᠡᠳᠬᠢᠯ᠎ᠦᠨ ᠵᠠᠩᠭᠢᠷᠠᠭ᠎ᠠ᠎ᠶᠢ ᠨᠢ ᠲᠠᠢᠯᠬᠤ 《ᠰᠡᠯᠪᠢᠨ ᠵᠠᠰᠠᠬᠤ ᠠᠵᠢᠯᠴᠢᠨ》 ᠪᠣᠯᠵᠤ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠤᠯᠠᠨ᠎ᠳᠤ ᠤᠳᠠᠭ᠎ᠠ ᠳᠠᠷᠠᠭᠠᠯᠠᠨ ᠬᠦᠯᠢᠴᠡᠨᠭᠭᠦᠢ ᠪᠡᠷ ᠲᠠᠢᠯᠪᠤᠷᠢᠯᠠᠵᠠᠢ᠄ 《ᠲᠠᠨ᠎ᠤ ᠭᠡᠷ᠎ᠦᠨ ᠲᠠᠷᠢᠶᠠᠨ ᠭᠠᠵᠠᠷ ᠤᠤᠯ ᠨᠢ ᠬᠠᠮᠢᠭ᠎ᠠ ᠪᠠᠢᠭᠰᠠᠨ ᠪᠤᠯ ᠲᠣᠬᠢᠷᠠᠭᠤᠯᠤᠯᠲᠠ ᠬᠢᠭᠰᠡᠨ᠎ᠦ ᠲᠠᠷᠠᠭ᠎ᠠ ᠪᠠᠰᠠ ᠲᠡᠨᠳᠡ ᠪᠠᠨ ᠪᠤᠢ᠂ ᠥᠴᠥᠬᠡᠨ ᠴᠦ᠍ ᠬᠤᠪᠢᠷᠠᠬᠤ ᠦᠭᠡᠢ᠃ ᠰᠠᠨᠠᠭ᠎ᠠ ᠠᠮᠤᠷ ᠪᠠᠢ᠂ ᠡᠨᠡ ᠤᠴᠢᠷ᠎ᠢ ᠪᠢ ᠪᠥᠬᠥ ᠶᠠᠪᠤᠴᠠ᠎ᠳᠤ ᠠᠩᠬᠠᠷᠴᠤ ᠪᠠᠢᠨ᠎ᠠ᠂ ᠶᠠᠮᠠᠷ ᠠᠰᠠᠭᠤᠳᠠᠯ ᠪᠠᠢᠪᠠᠯ ᠰᠢᠭᠤᠳ ᠨᠠᠮᠠᠢ᠍ᠢ ᠡᠷᠢ》᠃ ᠬᠦᠯᠢᠴᠡᠩᠭᠦᠢ᠎ᠪᠡᠷ ᠰᠡᠳᠬᠢᠯ ᠵᠢᠠᠨ ᠰᠤᠯᠢᠯᠴᠠᠬᠤ ᠪᠠᠷ ᠳᠠᠮᠵᠢᠨ ᠡᠴᠦᠰ᠎ᠲᠡᠬᠡᠨ ᠤᠯᠠᠨ ᠲᠦᠮᠡᠨ᠎ᠤ ᠡᠷᠡᠭᠡᠯᠵᠡᠭᠡ᠎ᠶᠢ ᠠᠯᠳᠠᠷᠠᠭᠠᠭᠰᠠᠨ ᠪᠠᠢᠨ᠎ᠠ᠃
《ᠰᠡᠳᠬᠢᠯ᠎ᠦᠨ ᠵᠠᠩᠭᠢᠷᠠᠭ᠎ᠠ ᠲᠠᠢᠯᠤᠭᠳᠠᠪᠠᠯ᠂ ᠤᠴᠢᠷ ᠶᠠᠪᠤᠳᠠᠯ ᠠᠶᠠᠨ᠎ᠳᠠᠭᠠᠨ ᠰᠢᠯᠤᠭᠤᠬᠠᠨ ᠪᠣᠯᠣᠨ᠎ᠠ》 ᠭᠡᠵᠦ ᠶᠦᠨ ᠸᠸᠨ ᠯᠦᠩ ᠬᠡᠯᠡᠪᠡ᠃ ᠡᠳᠦᠭᠡ᠂ 1.3 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠦᠬᠦᠨᠵᠢᠡᠷᠵᠢᠡᠨ ᠮᠠᠰᠢᠨᠴᠢᠯᠠᠨ ᠲᠠᠷᠢᠬᠤ᠎ᠶᠢ ᠪᠡᠶᠡᠯᠡᠭᠦᠯᠵᠦ᠂ ᠲᠣᠮᠣ᠌ ᠬᠡᠯᠪᠡᠷᠢ᠎ᠶᠢᠨ ᠮᠠᠰᠢᠨ ᠮᠧᠬᠠᠨᠢᠭ᠋ ᠬᠡᠳᠦᠨ ᠡᠳᠦᠷ᠎ᠲᠦ ᠥᠩᠭᠡᠷᠡᠭᠰᠡᠨ᠎ᠤ ᠬᠠᠭᠠᠰ ᠰᠠᠷ᠎ᠠ᠎ᠶᠢᠨ ᠠᠵᠢᠯ᠎ᠢ ᠪᠡᠶᠡᠯᠡᠭᠦᠯᠵᠦ ᠳᠠᠭᠤᠰᠬᠠᠵᠠᠢ᠃ ᠭᠠᠵᠠᠷ ᠰᠢᠷᠣᠢ ᠵᠢᠨ ᠡᠵᠡᠩᠨᠡᠯᠳᠡ ᠵᠢᠨ ᠡᠷᠭᠡ᠎ᠶᠢ ᠭᠦᠢᠯᠭᠡᠭᠡᠭᠰᠡᠨᠤ ᠳᠠᠷᠠᠭ᠎ᠠ᠂ ᠬᠠᠭᠤᠷᠠᠢ ᠲᠠᠷᠢᠶ᠎ᠠ ᠨᠢ ᠤᠰᠤᠨ ᠲᠠᠷᠢᠶ᠎ᠠ ᠪᠣᠯᠵᠤ᠂ ᠮᠦ᠍ ᠪᠦᠷᠢ᠎ᠶᠢᠨ ᠵᠢᠯ᠎ᠦᠨ ᠲᠦᠷᠢᠶᠡᠰᠦᠨ ᠮᠥᠩᠭᠥ ᠨᠢ 200 ᠲᠥᠭᠥᠷᠢᠭ ᠪᠠᠢᠭᠰᠠᠨ᠎ᠡᠴᠡ᠎ᠪᠠᠨ 500 ᠲᠥᠭᠥᠷᠢᠭ ᠪᠣᠯᠵᠤ ᠨᠡᠮᠡᠭᠳᠡᠡ᠂ ᠴᠥᠭᠡᠨ ᠪᠤᠰᠤ ᠲᠠᠷᠢᠶᠠᠴᠢᠨ ᠡᠷᠦᠬᠡ ᠵᠥᠪᠬᠡᠨ ᠲᠦᠷᠢᠶᠡᠰᠦᠨ ᠮᠥᠩᠭᠥ᠎ᠳᠦ ᠲᠦᠰᠢᠭᠯᠡᠨ ᠵᠢᠯ᠎ᠦᠨ ᠣᠷᠣᠯᠭ᠎ᠠ ᠨᠢ ᠳᠠᠷᠤᠢ ᠭᠤᠷᠪᠠ ᠡᠴᠡ ᠲᠠᠪᠤᠨ ᠲᠦᠮᠡᠨ ᠲᠥᠭᠥᠷᠢᠭ ᠪᠣᠯᠵᠠᠢ᠃
ᠠᠵᠤ ᠦᠢᠯᠡᠰ᠎ᠦᠨ ᠬᠥᠭᠵᠢᠯᠲᠡ᠎ᠶᠢᠨ ᠲᠠᠯ᠎ᠠ᠎ᠪᠠᠷ᠂ 《ᠰᠡᠯᠪᠢᠨ ᠵᠠᠰᠠᠬᠤ ᠠᠵᠢᠯᠴᠢᠨ》ᠶᠦᠨ ᠸᠸᠨ ᠯᠦᠩ ᠲᠣᠰᠬᠣᠨ᠎ᠤ ᠠᠵᠤ ᠦᠢᠯᠡᠰ᠎ᠦᠨ ᠲᠠᠩ ᠴᠤᠯᠭᠤᠢ ᠳᠤᠲᠠᠭᠤᠳᠠᠯ᠎ᠢ ᠬᠦᠴᠦᠯᠡᠨ ᠨᠥᠬᠥᠪᠦᠷᠢᠯᠡᠵᠦ᠂ ᠰᠤᠯᠠ ᠪᠠᠢᠭ᠎ᠠ ᠭᠠᠵᠠᠷ ᠰᠢᠷᠣᠢ᠎ᠶᠢ ᠠᠮᠢᠳᠤᠯᠢᠭ᠍ᠵᠢᠭᠤᠯᠵᠤ᠂ ᠣᠨᠴᠠᠯᠢᠭ᠍ᠲᠤ ᠲᠠᠷᠢᠮᠠᠯ᠎ᠢ ᠣᠷᠣᠭᠤᠯᠤᠨ ᠠᠪᠴᠢᠷᠠᠵᠤ᠂ ᠲᠣᠰᠬᠣᠨ᠎ᠤ ᠠᠷᠠᠳ᠎ᠢ ᠭᠡᠷ᠎ᠦᠨ᠎ᠢᠶᠡᠨ ᠡᠭᠦᠳᠡᠨ ᠳ᠋ᠡᠬᠡᠨ ᠣᠷᠣᠯᠭ᠎ᠠ᠎ᠪᠠᠨ ᠨᠡᠮᠡᠭᠳᠡᠭᠦᠯᠵᠦ ᠴᠢᠳᠠᠬᠤ ᠪᠣᠯᠭᠠᠪᠠ᠃
ᠵᠥᠩ ᠴᠢᠩ ᠲᠠᠷᠢᠶᠠᠯᠠᠩ᠎ᠤᠨ ᠶᠠᠩ ᠭᠤᠸᠠᠩ ᠮᠸᠢ ᠭᠦᠢ ᠦᠵᠦᠮ᠎ᠦᠨ ᠬᠦᠷᠢᠶᠡᠯᠡᠩ᠎ᠦᠨ ᠬᠦᠯᠡᠮᠵᠢ᠎ᠳᠦ ᠣᠷᠣᠪᠠᠯ᠂ ᠦᠵᠦᠮ᠎ᠦᠨ ᠵᠢᠶᠠᠰᠠ᠎ᠪᠠᠷ ᠳᠦᠭᠦᠷᠡᠩ ᠨᠢᠯᠬ᠎ᠠ ᠮᠥᠴᠢᠷ ᠬᠠᠷᠠᠭᠳᠠᠨ᠎ᠠ᠃ 《ᠡᠨᠡ ᠬᠦᠯᠡᠮᠵᠢ᠎ᠵᠢ 2022 ᠣᠨ᠎ᠳᠤ ᠪᠠᠷᠢᠵᠤ ᠳᠠᠭᠤᠰᠬᠠᠨ᠂ 2023 ᠣᠨ᠎ᠳᠤ ᠴᠢᠬᠢ ᠰᠠᠭᠤᠯᠭᠠᠵᠤ᠂ ᠨᠢᠭᠡ ᠬᠦᠯᠡᠮᠵᠢ᠎ᠳᠤ ᠪᠠᠷᠤᠭ 120 ᠰᠠᠭᠤᠷᠢ ᠦᠵᠦᠮ᠎ᠤᠨ ᠮᠤᠳᠤ ᠪᠠᠢᠨ᠎ᠠ》᠃ ᠬᠠᠷᠢᠭᠤᠴᠠᠯᠭᠠᠲᠠᠨ ᠯᠢᠦ ᠰᠢᠶᠣᠣ ᠯᠦᠩ᠎ᠤᠨ ᠲᠠᠨᠢᠯᠴᠠᠭᠤᠯᠤᠭᠰᠠᠨ᠎ᠢᠶᠠᠷ᠂ ᠨᠢᠳᠤᠨᠤᠨ ᠨᠢᠭᠡ ᠮᠦ᠍ ᠭᠠᠵᠠᠷ᠎ᠤᠨ ᠤᠨᠠᠯᠲᠠ 2000 ᠡᠴᠡ 2500 ᠵᠢᠩ᠎ᠳᠦ ᠬᠦᠷᠴᠦ᠂ ᠪᠥᠬᠥ ᠶᠠᠪᠤᠴᠠ᠎ᠳᠤ ᠲᠣᠰ ᠲᠣᠰᠬᠣᠨ᠎ᠤ ᠣᠷᠭᠠᠨᠢᠭ᠋ ᠪᠣᠷᠳᠣᠭᠤᠷ᠎ᠤᠨ ᠦᠢᠯᠡᠳᠪᠦᠷᠢ᠎ᠶᠢᠨ ᠪᠣᠷᠳᠣᠭᠤᠷ᠎ᠢ ᠬᠡᠷᠡᠭᠯᠡᠵᠦ᠂ ᠳᠠᠷᠢᠭ᠍ᠰᠠᠨ ᠦᠵᠦᠮ᠎ᠦᠨ ᠦᠨᠦᠷ ᠠᠮᠲᠠ ᠨᠢ ᠮᠠᠰᠢ ᠰᠠᠢᠬᠠᠨ ᠪᠠᠢᠪᠠ᠃ ᠲᠣᠰᠬᠣᠨ᠎ᠤ ᠠᠷᠠᠳ ᠲᠠᠬᠢᠨ ᠬᠦᠯᠡᠮᠵᠢ᠎ᠳᠤ ᠬᠦᠴᠦ ᠶᠠᠪᠤᠵᠤ᠂ ᠡᠪᠡᠰᠦ ᠠᠷᠢᠯᠭᠠᠬᠤ᠂ ᠴᠡᠴᠡᠭ ᠰᠡᠢᠷᠡᠭᠦᠯᠬᠦ᠂ ᠵᠢᠮᠢᠰ ᠰᠡᠢᠷᠡᠭᠦᠯᠬᠦ ᠠᠵᠢᠯ ᠬᠢᠵᠦ᠂ ᠰᠠᠷ᠎ᠠ ᠪᠦᠷᠢ 4500 ᠲᠥᠭᠥᠷᠢᠭ ᠣᠯᠣᠨ᠎ᠠ᠂ ᠵᠢᠯ ᠪᠦᠷᠢ᠎ᠶᠢᠨ 3 ᠰᠠᠷ᠎ᠠ᠎ᠡᠴᠡ 11 ᠰᠠᠷ᠎ᠠ ᠪᠣᠯᠲᠠᠯ᠎ᠠ ᠠᠵᠢᠯ ᠬᠢᠪᠡᠯ᠂ ᠨᠢᠬᠡ ᠬᠡᠷ᠎ᠤᠨ ᠬᠣᠶᠠᠭᠤᠯᠠ ᠨᠢᠭᠡ ᠵᠢᠯ᠎ᠳᠦ 8 ᠲᠦᠮᠡᠨ ᠲᠥᠭᠥᠷᠢᠭ᠎ᠦᠨ ᠣᠷᠣᠯᠭ᠎ᠠ ᠣᠯᠵᠤ᠂ ᠡᠭᠦᠨ᠎ᠦ ᠳᠡᠭᠡᠷ᠎ᠡ ᠭᠠᠵᠠᠷ ᠰᠢᠷᠣᠢ᠎ᠶᠢᠨ ᠲᠦᠷᠢᠶᠡᠰᠦᠨ ᠮᠥᠩᠭᠥ᠎ᠶᠢ ᠨᠡᠮᠡᠪᠡᠯ᠂ ᠵᠢᠯ᠎ᠦᠨ ᠣᠷᠣᠯᠭ᠎ᠠ ᠨᠢ 10 ᠲᠦᠮᠡᠨ ᠲᠥᠭᠥᠷᠢᠭ᠎ᠢ ᠳᠠᠪᠠᠵᠤ᠂ ᠥᠩᠭᠡᠷᠡᠭᠰᠡᠨ᠎ᠦ ᠬᠢ᠎ᠡᠴᠡ ᠬᠡᠳᠦᠨ ᠳᠠᠬᠢᠨ ᠨᠡᠮᠡᠭᠳᠡᠵᠡᠢ᠃
ᠰᠤᠷᠪᠤᠯᠵᠢᠯᠠᠬᠤ ᠵᠠᠮ ᠵᠠᠭᠤᠷ᠎ᠠ ᠲᠣᠰᠬᠣᠨ᠎ᠤ ᠴᠠᠬᠢᠯᠭᠠᠨ᠎ᠤ ᠠᠵᠢᠯᠴᠢᠨ ᠵᠠᠩ ᠵᠢᠶᠦ᠋ᠨ ᠲᠠᠢ ᠲᠠᠭᠠᠷᠠᠯᠳᠤᠵᠤ᠂ ᠶᠦᠨ ᠸᠧᠨ ᠯᠦᠩ᠄ 《ᠲᠡᠷᠡ᠎ᠬᠦ ᠤᠨᠠᠵᠤ ᠢᠷᠡᠭᠰᠡᠨ ᠴᠠᠬᠢᠯᠭᠠᠨ ᠤᠲᠠᠰᠤ᠎ᠶᠢ ᠵᠠᠰᠠᠭᠰᠠᠨ ᠦᠦ? ᠨᠠᠷᠢᠨ ᠪᠠᠢᠴᠠᠭᠠᠷᠠᠢ᠂ ᠳᠠᠯᠳᠠ ᠭᠡᠮ ᠦᠯᠡᠳᠡᠭᠡᠵᠦ ᠪᠣᠯᠬᠤ ᠦᠭᠡᠢ ᠰᠢᠦ》 ᠭᠡᠪᠡ᠃ ᠲᠤᠬᠢᠳᠠᠢ ᠰᠢᠢᠳᠪᠦᠷᠢᠯᠡᠭᠰᠡᠨᠢ ᠨᠢ ᠨᠤᠲᠠᠯᠠᠭᠠᠳ ᠲᠡᠷᠡ ᠰᠠᠶᠢ ᠰᠠᠨᠠᠭ᠎ᠠ ᠠᠮᠠᠷᠠᠪᠠ᠃
ᠲᠠᠷᠢᠶᠠᠨ ᠭᠠᠵᠠᠷ᠎ᠲᠤ ᠬᠦᠷᠬᠦ ᠳ᠋ᠤ᠂ ᠲᠣᠰᠬᠣᠨ᠎ᠤ ᠠᠷᠠᠳ ᠭᠠᠵᠠᠷ ᠬᠠᠭᠠᠯᠪᠤᠷᠢᠯᠠᠵᠤᠪᠠᠢᠯᠠ᠂ ᠲᠡᠷᠡ ᠰᠢᠭᠤᠳ ᠲᠡᠷᠭᠡᠳᠡ ᠨᠢ ᠬᠦᠷᠴᠦ᠂ ᠲᠠᠷᠢᠶᠠᠯᠠᠩ᠎ᠤᠨ ᠮᠠᠰᠢᠨ᠎ᠢ ᠨᠢ ᠪᠣᠯᠪᠠᠰᠤᠷᠠᠩᠭᠤᠢ ᠬᠡᠷᠡᠭᠯᠡᠨ ᠬᠠᠮᠲᠤᠠᠵᠢᠯᠯᠠᠪᠠ᠄ 《ᠲᠣᠰᠬᠣᠨ᠎ᠤ ᠲᠠᠷᠢᠶᠠᠯᠠᠩ᠎ᠤᠨ ᠪᠠᠭᠠᠵᠢ᠎ᠶᠢ ᠪᠢ ᠪᠦᠷ ᠵᠢᠯᠤᠭᠣᠳᠴᠤ ᠴᠢᠳᠠᠨ᠎ᠠ᠂ ᠤᠯᠠᠨ ᠲᠦᠮᠡᠨ ᠲᠠᠢ ᠴᠤᠭ ᠲᠠᠷᠢᠶᠠᠨ ᠠᠵᠢᠯ ᠳ᠋ᠦ ᠤᠷᠤᠯᠴᠠᠪᠠᠯ ᠰᠠᠶᠢ ᠲᠡᠳᠡᠨ ᠤ᠋ ᠰᠠᠨᠠᠭ᠎ᠠ ᠵᠢ ᠨᠢ ᠭᠦᠨ ᠤᠢᠯᠠᠭᠠᠵᠤ ᠬᠦᠨᠵᠡᠭᠡᠢ ᠨᠡᠪᠳᠡᠷᠡᠯᠴᠡᠨ᠂ ᠤᠴᠢᠷ ᠶᠠᠪᠤᠳᠠᠯ ᠢ᠋ ᠨᠢ ᠦᠨᠡᠨ ᠬᠦ᠌ ᠰᠢᠢᠳᠪᠦᠷᠢᠯᠡᠵᠦ ᠴᠢᠳᠠᠨ᠎ᠠ》 ᠭᠡᠪᠡ᠃
ᠣᠷᠭᠠᠨᠢᠭ᠋ ᠬᠢᠮᠢ᠎ᠶᠢᠨ ᠪᠣᠷᠳᠣᠭᠤᠷ᠎ᠤᠨ ᠦᠢᠯᠡᠳᠪᠦᠷᠢ᠎ᠳᠦ ᠮᠠᠯ ᠵᠢᠭᠦᠷᠲᠡᠨ᠎ᠦ ᠢᠯᠭᠠᠳᠠᠰᠤ᠎ᠶᠢ ᠢᠰᠬᠡᠵᠦ ᠢᠯᠵᠢᠷᠡᠭᠦᠯᠦᠭᠡᠳ ᠡᠷᠳᠡᠨᠢ ᠪᠣᠯᠭᠠᠵᠤ᠂ ᠦᠵᠦᠮ᠎ᠦᠨ ᠬᠦᠷᠢᠶᠡᠯᠡᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ ᠬᠠᠩᠭᠠᠵᠤ᠂ ᠪᠠᠰᠠ ᠡᠷᠬᠢᠨ ᠲᠣᠭᠣᠷᠢᠨ᠎ᠤ ᠠᠢᠯ ᠲᠣᠰᠬᠣᠨ᠎ᠳᠤ ᠪᠣᠷᠣᠯᠠᠭᠤᠯᠵᠤ ᠪᠠᠢᠨ᠎ᠠ᠃ ᠶᠦᠨ ᠸᠧᠨ ᠯᠦᠩ ᠣᠷᠴᠢᠯ ᠲᠠᠷᠢᠶᠠᠯᠠᠩ᠎ᠤᠨ ᠰᠡᠳᠬᠢᠴᠡ᠎ᠪᠡᠷ ᠲᠡᠵᠢᠭᠡᠨ ᠦᠷᠡᠵᠢᠭᠦᠯᠬᠦ ᠦᠢᠯᠡᠰ᠎ᠦᠨ ᠪᠣᠬᠢᠷᠲᠤᠯ᠎ᠤᠨ ᠠᠰᠠᠭᠤᠳᠠᠯ᠎ᠢ ᠰᠢᠢᠳᠪᠦᠷᠢᠯᠡᠪᠡ᠃ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠴᠡᠭ᠎ᠲᠦ᠂ ᠨᠤᠲᠤᠭ᠎ᠲᠠᠭᠠᠨ ᠪᠤᠴᠠᠵᠤ ᠦᠢᠯᠡᠰ ᠪᠣᠰᠬᠠᠭᠰᠠᠨ ᠸᠧᠢ ᠽᠠᠢ ᠫᠢᠩ᠄ 《ᠰᠠᠶᠢ ᠬᠠᠷᠢᠵᠤ ᠢᠷᠡᠬᠦ ᠦᠶ᠎ᠡ᠎ᠳᠦ ᠲᠦᠭᠡᠭᠡᠯ ᠤᠰᠤ ᠦᠭᠡᠢ᠂ ᠵᠠᠮ ᠨᠢ ᠴᠸ᠋ ᠰᠢᠷᠣᠢ᠎ᠶᠢᠨ ᠵᠠᠮ ᠪᠠᠢᠪᠠ᠂ ᠶᠦᠨ ᠱᠦᠵᠢ ᠪᠢᠳᠡᠨ᠎ᠢ ᠳᠠᠭᠠᠭᠤᠯᠤᠨ ᠤᠰᠤ ᠨᠡᠪᠲᠡᠷᠡᠭᠦᠯᠦᠨ ᠵᠠᠮ ᠵᠠᠰᠠᠵᠤ᠂ ᠲᠣᠰᠬᠣᠨ᠎ᠤ ᠰᠠᠭᠤᠷᠢ ᠲᠥᠬᠦᠭᠡᠷᠦᠮᠵᠢ᠎ᠶᠢ ᠨᠢᠭᠡᠳ ᠨᠢᠭᠡ᠎ᠪᠡᠷ ᠲᠡᠭᠦᠯᠳᠡᠷᠵᠢᠭᠦᠯᠪᠡ》ᠭᠡᠵᠠᠢ᠃ ᠤᠳᠤ ᠲᠡᠭᠦᠨ᠎ᠦ ᠦᠬᠡᠷ ᠲᠡᠵᠢᠭᠡᠬᠦ ᠲᠠᠯᠠᠪᠠᠢ᠎ᠳᠤ 70 ᠭᠠᠷᠤᠢ ᠮᠢᠬᠠᠨ ᠤ᠋ ᠦᠬᠡᠷ ᠲᠡᠵᠢᠭᠡᠵᠦ᠂ ᠵᠢᠯ᠎ᠦᠨ ᠣᠷᠣᠯᠭ᠎ᠠ ᠨᠢ 20 ᠭᠠᠷᠤᠢ ᠲᠦᠮᠡᠨ ᠲᠥᠭᠥᠷᠢᠭ᠎ᠲᠦ ᠬᠦᠷᠴᠦ ᠪᠤᠢ᠃ ᠰᠤᠷᠪᠤᠯᠵᠢᠯᠠᠬᠤ ᠵᠠᠮ ᠳᠤᠮᠳᠠ᠂ ᠬᠠᠪᠤᠷ ᠤ᠋ᠨ ᠪᠣᠷᠣᠭᠠᠨ ᠰᠢᠪᠡᠷᠡᠵᠦ᠂ ᠶᠦᠨ ᠸᠧᠨ ᠯᠦᠩ᠄ 《ᠡᠨᠡ ᠦᠶ᠎ᠡ᠎ᠳᠦ ᠪᠣᠷᠣᠭᠠᠨ ᠰᠠᠢᠨ ᠣᠷᠣᠪᠠᠯ᠂ ᠲᠠᠷᠢᠶᠠᠨ ᠭᠠᠵᠠᠷ᠎ᠤᠨ ᠴᠢᠭᠢᠭ᠎ᠦᠨ ᠪᠠᠢᠳᠠᠯ ᠰᠠᠢᠵᠢᠷᠠᠨ᠎ᠠ᠂ ᠡᠨᠡ ᠵᠢᠯ᠎ᠦᠨ ᠬᠤᠷᠢᠶᠠᠯᠲᠠ ᠪᠠᠰᠠ ᠢᠯᠡᠭᠦᠦ ᠨᠢᠭᠡ ᠬᠤᠪᠢ ᠪᠠᠲᠤᠯᠠᠭ᠎ᠠ᠎ᠲᠠᠢ ᠪᠣᠯᠣᠨ᠎ᠠ》 ᠭᠡᠵᠤ ᠪᠠᠢᠯ᠎ᠠ᠃
ᠠᠯᠬᠤᠮ ᠠᠯᠬᠤᠮ᠎ᠢᠶᠠᠷ ᠲᠣᠰᠬᠣᠨ᠎ᠤ ᠬᠥᠭᠵᠢᠯᠲᠡ᠎ᠶᠢ ᠡᠷᠢᠯᠬᠢᠯᠡᠵᠦ᠂ ᠶᠦᠨ ᠸᠸᠨ ᠯᠦᠩ ᠲᠣᠰᠬᠣᠨ᠎ᠤ ᠠᠷᠠᠳ᠎ᠤᠨ ᠭᠤᠤᠯ ᠲᠦᠰᠢᠭ ᠪᠤᠯᠪᠠ᠃ ᠲᠣᠰᠬᠣᠨ᠎ᠤ ᠬᠥᠭᠵᠢᠯᠲᠡ᠎ᠶᠢᠨ ᠳᠤᠲᠠᠭᠤᠳᠠᠯ᠎ᠢ ᠨᠢᠭᠡᠳ ᠨᠢᠭᠡ᠎ᠪᠡᠷ ᠨᠥᠬᠥᠪᠦᠷᠢᠯᠡᠵᠦ᠂ ᠠᠵᠤ ᠦᠢᠯᠡᠰ ᠤ᠋ᠨ ᠰᠠᠭᠤᠷᠢ ᠶᠠᠪᠤᠬᠤ ᠲᠤᠳᠤᠮ ᠯᠠᠪᠳᠠᠭᠤᠨ ᠪᠠᠲᠤᠲᠠᠢ ᠪᠣᠯᠪᠠ᠃ ᠰᠠᠢ ᠺᠸ ᠰᠢᠩ ᠰᠠᠭᠠᠯᠢ᠎ᠶᠢᠨ ᠦᠨᠢᠶᠡᠨ᠎ᠦ ᠡᠭᠦᠯᠳᠡᠷ ᠪᠣᠢᠵᠢᠭᠤᠯᠬᠤ ᠭᠣᠣᠯ ᠲᠥᠪ᠂ ᠺᠠᠩ ᠪᠦᠦ ᠲᠦᠮᠡᠨ ᠮᠢᠬᠠᠨ ᠤ᠋ ᠬᠣᠨᠢ ᠲᠡᠵᠢᠭᠡᠨ ᠦᠷᠡᠵᠢᠭᠦᠯᠬᠦ᠂ ᠠᠩᠭᠸᠰ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠂ ᠰᠢᠬᠢᠷᠯᠢᠭ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠵᠡᠷᠭᠡ ᠲᠥᠷᠥᠯ ᠵᠦᠢᠯ ᠢ᠋ ᠵᠠᠯᠭᠠᠭ᠎ᠠ᠎ᠪᠠᠷ ᠨᠠᠢᠳᠠᠪᠤᠷᠢᠵᠢᠭᠤᠯᠪᠠ᠃ ᠲᠣᠰᠬᠣᠨ᠎ᠤ ᠬᠠᠮᠲᠤ ᠨᠠᠢᠳᠠ ᠨᠢ ᠠᠵᠤ ᠠᠬᠤᠢᠯᠠᠯ᠎ᠳᠤ ᠬᠤᠪᠢ ᠣᠷᠣᠬᠤ᠂ ᠭᠠᠵᠠᠷ ᠱᠢᠷᠤᠢ᠎ᠶ᠋ᠢᠨ ᠡᠵᠡᠨᠭ᠌ᠨᠡᠯᠳᠡᠶ᠋ᠢᠨ ᠡᠷᠬᠡ᠎ᠶ᠋ᠢ ᠭᠦᠢᠯᠭᠡᠭᠡᠬᠦ᠌ ᠵᠡᠷᠭᠡ ᠬᠡᠯᠪᠡᠷᠢ᠎ᠪᠡᠷ 110 ᠲᠦᠮᠡᠨ ᠲᠥᠭᠥᠷᠢᠭ᠎ᠦᠨ ᠣᠷᠣᠯᠭ᠎ᠠ ᠣᠯᠵᠤ᠂ 200 ᠭᠠᠷᠤᠢ ᠲᠣᠰᠬᠣᠨ᠎ᠤ ᠠᠷᠠᠳ᠎ᠢ ᠲᠠᠢ᠍ᠢᠴᠢᠯᠠᠨ ᠣᠢᠷ᠎ᠠ ᠬᠠᠪᠢ᠎ᠳᠠᠭᠠᠨ ᠠᠵᠢᠯ ᠣᠯᠭᠣᠵᠤ᠂ ᠵᠢᠯ᠎ᠳᠦ 500 ᠭᠠᠷᠤᠢ ᠲᠦᠮᠡᠨ ᠲᠥᠭᠥᠷᠢᠭ᠎ᠦᠨ ᠴᠠᠯᠢᠩ ᠣᠯᠭᠣᠪᠠ᠃ ᠲᠣᠰᠬᠣᠨ᠎ᠤ ᠠᠷᠠᠳ᠎ᠤᠨ ᠬᠥᠮᠥᠨ ᠳᠤᠮᠳᠠᠴᠢ᠎ᠶᠢᠨ ᠵᠢᠯ᠎ᠦᠨ ᠣᠷᠣᠯᠭ᠎ᠠ ᠥᠩᠭᠡᠷᠡᠭᠰᠡᠨ᠎ᠦ 1.5 ᠲᠦᠮᠡᠨ ᠲᠥᠭᠥᠷᠢᠭ ᠪᠠᠢᠭᠰᠠᠠᠡᠴᠡ ᠤᠳᠤ᠎ᠶᠢᠨ 3.7 ᠲᠦᠮᠡᠨ ᠲᠥᠭᠥᠷᠢᠭ ᠪᠣᠯᠣᠨ ᠨᠡᠮᠡᠭᠳᠡᠵᠦ᠂ ᠠᠮᠢᠳᠤᠷᠠᠯ ᠨᠢ ᠡᠳᠦᠷ᠎ᠡᠴᠡ ᠡᠳᠦᠷ ᠰᠠᠢᠵᠢᠷᠠᠵᠤ ᠪᠠᠢᠨ᠎ᠠ᠃
ᠡᠨᠡ ᠵᠢᠯ᠂ ᠨᠢᠲᠤᠯᠬᠤ ᠭᠠᠵᠠᠷ ᠪᠣᠯᠣᠨ 110 ᠺᠢᠯᠤᠸᠤᠯᠲ᠎ᠤᠨ ᠬᠤᠪᠢᠰᠬᠠᠭᠤᠷ ᠤ᠋ᠨ ᠦᠷᠲᠡᠭᠡ ᠠᠰᠢᠭ᠍ᠯᠠᠯᠲᠠ᠎ᠳᠤ ᠣᠷᠣᠨ᠎ᠠ᠂ ᠴᠢᠳ᠋ᠸᠩᠤᠨ ᠭᠤᠤ ᠲᠣᠰᠬᠣᠨ᠎ᠤ ᠬᠥᠭᠵᠢᠯᠲᠡ᠎ᠶᠢᠨ ᠡᠷᠴᠢ ᠬᠦᠴᠦᠨ ᠨᠡᠩ ᠴᠢᠩᠭᠠᠷᠠᠬᠤ ᠪᠣᠯᠣᠨ᠎ᠠ᠃
ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ
ᠪᠦᠲᠦᠨ ᠡᠳᠦᠷ᠎ᠦᠨ ᠰᠣᠷᠪᠤᠯᠵᠢᠯᠠᠭ᠎ᠠ ᠪᠡᠷ᠂ ᠪᠢᠳᠡ ᠶᠦᠨ ᠸᠸᠨ ᠯᠦᠩ᠎ᠢ ᠳᠠᠭᠠᠵᠤ ᠴᠢᠳ᠋ᠸᠩᠤᠨ ᠭᠤᠤ ᠲᠣᠰᠬᠣᠨ᠎ᠤ ᠲᠠᠷᠢᠶᠠᠨ ᠵᠠᠬ᠎ᠠ ᠱᠠᠩ᠎ᠤᠨ ᠲᠡᠷᠬᠡᠳᠠ᠂ ᠠᠵᠤ ᠦᠢᠯᠡᠰ᠎ᠦᠨ ᠰᠠᠭᠤᠷᠢᠨ᠂ ᠠᠢᠯ ᠲᠣᠰᠬᠣᠨ ᠵᠡᠭᠡᠯᠢ ᠭᠤᠳᠤᠮᠵᠢ᠎ᠪᠠᠷ ᠨᠢ ᠬᠠᠮᠳᠤ ᠶᠠᠪᠤᠵᠤ᠂ ᠰᠡᠳᠬᠢᠯ ᠮᠠᠰᠢ ᠲᠤᠭᠳᠤᠯᠪᠠ᠃
ᠲᠡᠭᠷᠢ ᠭᠠᠵᠠᠷ᠎ᠢ ᠳᠣᠩᠰᠣᠯᠭᠠᠮ᠎ᠠ ᠠᠤᠭ᠎ᠠ ᠠᠵᠢᠯᠯᠠᠭ᠎ᠠ ᠪᠠᠢᠬᠤ ᠦᠭᠡᠢ᠂ ᠤᠷᠠᠨ ᠰᠠᠢᠬᠠᠨ ᠦᠭᠡ ᠶᠠᠷᠢᠶ᠎ᠠ ᠪᠠᠢᠬᠤ ᠦᠭᠡᠢ᠂ ᠪᠠᠢᠬᠤ ᠨᠢ ᠬᠠᠷᠢᠨ ᠶᠦᠨ ᠸᠸᠨ ᠯᠦᠩ ᠵᠢᠯ ᠲᠤᠷᠰᠢ ᠪᠠᠭᠠᠵᠢ ᠬᠡᠷᠡᠭᠰᠡᠯ᠎ᠤᠨ ᠬᠠᠢᠷᠴᠠᠭ ᠲᠡᠭᠡᠭᠡᠭᠰᠡᠨ ᠬᠠᠭᠤᠴᠢᠨ ᠲᠡᠷᠭᠡ᠎ᠪᠡᠨ ᠵᠢᠯᠤᠭᠣᠳᠴᠤ᠂ ᠲᠣᠰᠬᠣᠨ᠎ᠤ ᠠᠷᠠᠳ᠎ᠤᠨ ᠲᠡᠷᠭᠡᠳᠡᠬᠢ 《ᠰᠡᠯᠪᠢᠨ ᠵᠠᠰᠠᠬᠴᠢ》᠎ᠨᠢ ᠪᠤᠯᠵᠤ ᠠᠵᠢᠯᠯᠠᠨ ᠲᠣᠰᠬᠣᠨ᠎ᠤ ᠨᠠᠮ᠎ᠤᠨ ᠡᠭᠦᠷ᠎ᠦᠨ ᠱᠦᠵᠢ᠎ᠶᠢᠨ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠭᠰᠡᠨ ᠡᠬᠡᠯ ᠵᠢᠷ ᠤ᠋ᠨ ᠦᠯᠢᠭᠡᠷ ᠤ᠋ᠳ ᠪᠤᠯᠤᠨ᠎ᠠ᠃ ᠲᠡᠷᠡ ᠲᠠᠷᠢᠶᠠᠨ ᠭᠠᠵᠠᠷ ᠢ᠋ ᠵᠠᠰᠠᠵᠤ᠂ ᠭᠡᠮ ᠰᠣᠭᠣᠭ᠎ᠢ ᠠᠷᠢᠯᠭᠠᠨ᠂ ᠲᠣᠰᠬᠣᠨ᠎ᠤ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠠᠮᠤᠷ ᠲᠣᠭᠲᠠᠭᠤᠨ᠎ᠢ ᠬᠠᠮᠠᠭᠠᠯᠠᠪᠠ; ᠲᠡᠷᠡ ᠰᠡᠳᠬᠢᠯ᠎ᠦᠨ ᠵᠠᠩᠭᠢᠷᠠᠭ᠎ᠠ᠎ᠵᠢ ᠲᠠᠶ᠋ᠢᠯᠵᠤ᠂ ᠠᠷᠠᠳ᠎ᠤᠨ ᠰᠡᠳᠬᠢᠯ ᠢ᠋ ᠤᠢᠯᠠᠭᠠᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠰᠢᠢᠳᠪᠦᠷᠢᠯᠡᠪᠡ; ᠲᠡᠷᠡ ᠳᠤᠲᠠᠭᠤᠳᠠᠯ᠎ᠢᠶᠠᠨ ᠨᠥᠬᠥᠪᠦᠷᠢᠯᠡᠵᠦ᠂ ᠠᠵᠤ ᠦᠢᠯᠡᠰ᠎ᠢ ᠬᠥᠭᠵᠢᠭᠦᠯᠵᠦ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠰᠢᠨ᠎ᠡ ᠵᠠᠮ᠎ᠢᠶᠠᠷ ᠵᠠᠮᠨᠠᠪᠠ᠃
ᠦᠨᠳᠦᠰᠦᠨ ᠱᠠᠲᠤᠨ᠎ᠤ ᠺᠠᠳ᠋ᠷ᠂ ᠪᠡᠶ᠎ᠡ ᠨᠢ ᠦᠨᠳᠦᠰᠦᠨ ᠱᠠᠲᠤᠨ᠎ᠳᠤ ᠪᠠᠢᠵᠤ᠂ ᠰᠡᠳᠬᠢᠯ ᠨᠢ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠬᠥᠯ ᠳᠣᠣᠷ᠎ᠠ ᠨᠢ ᠬᠡᠳᠦᠢ ᠰᠢᠪᠠᠷ ᠰᠢᠷᠣᠢ ᠪᠠᠢᠪᠠᠯ᠂ ᠰᠡᠳᠬᠢᠯ ᠵᠢᠷᠦᠬᠡᠨ᠎ᠳᠦ ᠨᠢ ᠲᠡᠳᠦᠢ ᠦᠨᠡᠨ ᠰᠡᠳᠬᠢᠯᠭᠡ ᠬᠠᠳᠠᠭᠠᠯᠠᠭᠳᠠᠨ᠎ᠠ᠃ ᠶᠦᠨ ᠸᠸᠨ ᠯᠦᠩ ᠤᠯᠠᠨ ᠲᠦᠮᠡᠨ᠎ᠦ ᠶᠠᠪᠤᠳᠠᠯ᠎ᠢ ᠰᠡᠳᠬᠢᠯ᠎ᠳᠡᠭᠡᠨ ᠪᠤᠳᠤᠵᠥ᠂ ᠬᠥᠭᠵᠢᠯᠲᠡ᠎ᠶᠢᠨ ᠬᠠᠷᠢᠭᠤᠴᠠᠯᠭ᠎ᠠ᠎ᠶᠢ ᠮᠥᠷᠥᠨ᠎ᠳᠡᠭᠡᠨ ᠡᠭᠦᠷᠭᠡᠯᠡᠵᠦ᠂ ᠬᠥᠷᠥᠰᠥ ᠰᠢᠷᠤᠢ᠎ᠳᠦ ᠭᠦᠨ ᠬᠠᠭᠠᠯᠪᠤᠷᠢᠯᠠᠵᠤ᠂ ᠡᠭᠦᠷᠭᠡᠯᠡᠯ᠎ᠢᠶᠡᠷ ᠤᠭ ᠰᠠᠨᠠᠭ᠎ᠠ᠎ᠪᠠᠨ ᠲᠠᠢᠯᠪᠤᠷᠢᠯᠠᠵᠤ᠂ ᠪᠣᠳᠠᠲᠠᠢ ᠠᠵᠢᠯᠯᠠᠵᠤ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠪᠡ᠃