ᠰᠢ ᠵᠢᠨ ᠫᠢᠩ ᠰᠠᠦ᠋ᠳᠢ ᠠᠷᠠᠪ᠎ᠤᠨ ᠸᠠᠩ᠎ᠤᠨ ᠵᠠᠯᠭᠠᠮᠵᠢᠯᠠᠭ᠍ᠴᠢ ᠪᠥᠭᠡᠳ ᠲᠡᠷᠢᠭᠦᠨ ᠰᠠᠢᠳ ᠮᠦᠬᠠᠨᠮᠦᠳ᠋᠎ᠲᠠᠢ ᠤᠲᠠᠰᠤ᠎ᠪᠠᠷ ᠶᠠᠷᠢᠯᠴᠠᠪᠠ
2026-04-21 09:47:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 4 ᠰᠠᠷ᠎ᠠ᠎ᠶ᠋ᠢᠨ 20 ᠎ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠵᠣᠭ᠎ᠠ᠎ᠪᠠᠷ ᠰᠡᠦ᠋ᠳᠢ ᠠᠷᠠᠪ᠎ᠤᠨ ᠸᠠᠩ᠎ᠤᠨ ᠵᠠᠯᠭᠠᠮᠵᠢᠯᠠᠭ᠍ᠴᠢ ᠪᠥᠭᠡᠳ ᠲᠡᠷᠢᠭᠦᠨ ᠰᠠᠢᠳ ᠮᠦᠬᠠᠨᠮᠦᠳ᠋᠎ᠲᠠᠢ ᠤᠲᠠᠰᠤ᠎ᠪᠠᠷ ᠶᠠᠷᠢᠯᠴᠠᠪᠠ᠃

ᠰᠢ ᠵᠢᠨ ᠫᠢᠩ᠂ ᠳᠤᠮᠳᠠᠳᠤ ᠤᠯᠤᠰ ᠰᠡᠦ᠋ᠳᠢ ᠠᠷᠠᠪ᠎ᠯᠤᠭ᠎ᠠ᠎ᠶ᠋ᠢᠨ ᠬᠠᠷᠢᠯᠴᠠᠭ᠎ᠠ᠎ᠪᠠᠨ ᠬᠥᠭ᠌ᠵᠢᠭᠦᠯᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠢᠮᠠᠭ᠍ᠲᠠ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠬᠠᠨᠳᠤᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠵᠠᠷᠴᠢᠮ᠎ᠢ ᠪᠠᠷᠢᠮᠲᠠᠯᠠᠨ᠎ᠠ᠃ ᠡᠨᠡ ᠵᠢᠯ ᠪᠣᠯ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠰᠠᠨ 10 ᠵᠢᠯ᠎ᠦᠨ ᠤᠢ ᠪᠣᠯᠤᠨ᠎ᠠ᠂ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ᠎ᠯᠤᠭ᠎ᠠ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠯ᠎ᠡ ᠲᠡᠰ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠥᠷᠭᠡᠳᠭᠡᠵᠦ᠍᠂ ᠳᠤᠮᠳᠠᠳᠤ ᠰᠡᠦ᠋ᠳᠢ ᠠᠷᠠᠪ᠎ᠤᠨ ᠬᠠᠷᠢᠯᠴᠠᠭ᠎ᠠ᠎ᠶ᠋ᠢᠨ ᠥᠷᠭᠡᠴᠡ ᠪᠣᠯᠤᠨ ᠭᠦᠨᠴᠡ᠎ᠶ᠋ᠢ ᠦᠷᠭᠦᠯᠵᠢᠯᠡᠨ ᠥᠷᠭᠡᠳᠭᠡᠵᠦ᠍᠂ ᠳᠤᠮᠳᠠᠳᠤ ᠤᠯᠤᠰ ᠪᠣᠯᠤᠨ ᠠᠷᠠᠪ᠎ᠤᠨ ᠤᠯᠤᠰ᠎ᠤᠳ᠎ᠤᠨ ᠬᠠᠷᠢᠯᠴᠠᠭᠠᠨ᠎ᠤ ᠬᠥᠭ᠌ᠵᠢᠯᠲᠡ᠎ᠳᠦ ᠵᠢᠱ᠌ᠢᠢ᠎ᠡ ᠦᠵᠡᠭᠦᠯᠬᠦ᠌ ᠦᠢᠯᠡᠳᠦᠯ ᠪᠠᠳᠠᠷᠠᠭᠤᠯᠤᠨ᠎ᠠ ᠭᠡᠵᠦ᠍ ᠵᠢᠭᠠᠵᠤ ᠭᠠᠷᠭᠠᠪᠠ᠃

ᠣᠳᠣᠬᠠᠨ᠎ᠤ ᠳᠤᠮᠳᠠᠳᠤ ᠳᠣᠷᠣᠨᠠᠲᠤ᠎ᠶ᠋ᠢᠨ ᠲᠠᠯᠠᠢ᠎ᠶ᠋ᠢᠨ ᠪᠤᠯᠤᠩ᠎ᠤᠨ ᠭᠠᠵᠠᠷ ᠣᠷᠣᠨ᠎ᠤ ᠪᠠᠢᠳᠠᠯ᠎ᠳᠤ ᠴᠢᠭ᠌ᠯᠡᠭᠦᠯᠦᠨ᠂ ᠰᠢ ᠵᠢᠨ ᠫᠢᠩ᠂ ᠳᠤᠮᠳᠠᠳᠤ ᠤᠯᠤᠰ ᠲᠠᠢ᠌ᠨ ᠢ᠋ ᠳᠠᠷᠤᠢᠬᠠᠨ ᠪᠦᠬᠦ᠌ ᠲᠠᠯ᠎ᠠ᠎ᠪᠠᠷ ᠵᠣᠭ᠍ᠰᠣᠭᠠᠬᠤ᠎ᠶ᠋ᠢ ᠵᠣᠷᠢᠵᠤ᠂ ᠡᠩᠬᠡ ᠲᠠᠢᠪᠤᠩ᠎ᠢ ᠰᠡᠷᠭᠦᠭᠡᠬᠦ᠌᠎ᠳᠦ ᠠᠱᠢᠭ᠍ᠲᠠᠢ ᠠᠯᠢᠪᠠ ᠴᠢᠷᠮᠠᠢᠯᠭ᠎ᠠ᠎ᠶ᠋ᠢ ᠲᠡᠮᠵᠢᠵᠤ᠂ ᠤᠯᠤᠰ ᠲᠦᠷᠤ ᠭᠠᠳᠠᠭᠠᠳᠤ ᠬᠠᠷᠢᠯᠴᠠᠭᠠᠨ᠎ᠤ ᠠᠷᠭ᠎ᠠ ᠵᠠᠮ᠎ᠢᠶᠠᠷ ᠮᠠᠷᠭᠤᠯᠳᠤᠭᠠᠨ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠨ᠎ᠠ᠃ ᠬᠤᠷᠮᠤᠽ ᠬᠣᠭᠣᠯᠠᠢ ᠬᠡᠪ᠎ᠦᠨ ᠪᠠᠢᠳᠠᠯ᠎ᠢᠶᠠᠷ ᠨᠡᠪᠲᠡᠷᠡᠬᠦ᠌᠎ᠶ᠋ᠢ ᠪᠠᠲᠤᠯᠠᠪᠠᠯ ᠵᠣᠬᠢᠨ᠎ᠠ᠂ ᠡᠨᠡ ᠨᠢ ᠭᠠᠵᠠᠷ ᠣᠷᠣᠨ᠎ᠤ ᠤᠯᠤᠰ ᠪᠣᠯᠤᠨ ᠳᠡᠯᠡᠬᠡᠢ ᠨᠡᠢᠭᠡᠮ᠎ᠦᠨ ᠬᠠᠮᠲᠤ᠎ᠶ᠋ᠢᠨ ᠠᠱᠢᠭ ᠲᠤᠰᠠ᠎ᠳᠤ ᠨᠡᠢᠴᠡᠨ᠎ᠡ᠃ ᠳᠤᠮᠳᠠᠳᠤ ᠤᠯᠤᠰ ᠤ᠋ᠨ ᠬᠢᠨ ᠭᠠᠵᠠᠷ ᠣᠷᠣᠨ᠎ᠤ ᠤᠯᠤᠰ᠎ᠤᠳ᠎ᠤᠨ ᠡᠶᠡᠯᠳᠡᠭ ᠬᠥᠷᠰᠢ᠂ ᠬᠥᠭ᠌ᠵᠢᠯᠲᠡ᠂ ᠠᠮᠤᠷ ᠲᠦᠪᠱᠢᠨ᠂ ᠬᠠᠮᠲᠤᠷᠠᠯᠴᠠᠭᠠᠨ᠎ᠤ ᠬᠠᠮᠲᠤ᠎ᠶ᠋ᠢᠨ ᠭᠡᠷ ᠣᠷᠣᠨ᠎ᠢᠶᠠᠨ ᠪᠠᠢᠭᠤᠯᠬᠤ᠎ᠶ᠋ᠢ ᠳᠡᠮᠵᠢᠵᠦ᠍᠂ ᠢᠷᠡᠭᠡᠳᠦᠢ ᠵᠢᠨ ᠬᠤᠪᠢ ᠵᠠᠶᠠᠭ᠎ᠠ᠎ᠪᠠᠨ ᠥᠪᠡᠷ᠎ᠤᠨ ᠭᠠᠷ ᠲᠠᠭᠠᠨ ᠡᠵᠡᠮᠳᠡᠵᠦ᠍᠂ ᠭᠠᠵᠠᠷ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ᠎ᠶ᠋ᠢ ᠠᠬᠢᠭᠤᠯᠤᠨ᠎ᠠ ᠭᠡᠵᠦ ᠴᠢᠬᠤᠯᠠᠴᠢᠯᠠᠪᠠ᠃

ᠮᠦᠬᠠᠨᠮᠦᠳ᠋᠂ ᠰᠠᠦ᠋ᠳᠢ ᠠᠷᠠᠪ ᠳᠤᠮᠳᠠᠳᠤ᠎ᠶ᠋ᠢᠨ ᠬᠠᠷᠢᠯᠴᠠᠭ᠎ᠠ ᠪᠣᠯ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠶᠤᠮ᠂ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠬᠥᠭ᠌ᠵᠢᠭᠦᠯᠬᠦ᠌ ᠨᠢ ᠰᠠᠦ᠋ᠳᠢ ᠠᠷᠠᠪ᠎ᠲᠤ ᠲᠤᠢᠯ᠎ᠤᠨ ᠴᠢᠬᠤᠯᠠ ᠶᠤᠮ᠃ ᠣᠳᠣᠬᠠᠨ᠎ᠳᠤ ᠳᠤᠮᠳᠠᠳᠤ ᠳᠣᠷᠣᠨᠠᠲᠤ᠎ᠶ᠋ᠢᠨ ᠲᠠᠢ᠌ᠨ ᠨᠢ ᠲᠠᠯᠠᠢ᠎ᠶ᠋ᠢᠨ ᠪᠤᠯᠤᠩ᠎ᠤᠨ ᠤᠯᠤᠰ ᠤ᠋ᠳ᠎ᠤᠨ ᠠᠮᠤᠷ ᠲᠦᠪᠱᠢᠨ᠎ᠢ ᠬᠣᠬᠢᠷᠠᠭᠤᠯᠵᠤ᠂ ᠳᠡᠯᠡᠬᠡᠢ᠎ᠶ᠋ᠢᠨ ᠡᠨᠧᠷᠭᠢ᠎ᠶ᠋ᠢᠨ ᠬᠠᠩᠭᠠᠯᠭ᠎ᠠ ᠪᠣᠯᠤᠨ ᠠᠵᠤ ᠠᠬᠤᠢ᠎ᠶ᠋ᠢᠨ ᠠᠵᠢᠯᠯᠠᠭᠠᠨ᠎ᠢ ᠬᠦᠨᠳᠦ ᠨᠣᠴᠢᠲᠠᠢ ᠨᠥᠯᠥᠭᠡᠯᠡᠵᠦ᠍ ᠪᠠᠢᠨ᠎ᠠ᠃ ᠰᠠᠦ᠋ᠳᠢ ᠠᠷᠠᠪ ᠶᠠᠷᠢᠯᠴᠠᠭ᠎ᠠ᠎ᠪᠠᠷ ᠳᠠᠮᠵᠢᠨ ᠵᠥᠷᠢᠴᠡᠯ ᠵᠥᠷᠢᠯᠳᠦᠭᠡᠨ ᠢ᠋ ᠱᠢᠢᠳᠪᠦᠷᠢᠯᠡᠬᠦ᠌᠎ᠪᠡᠷ ᠴᠢᠷᠮᠠᠢᠵᠤ᠂ ᠪᠠᠢᠳᠠᠯ᠎ᠤᠨ ᠳᠡᠰ ᠳᠡᠪᠱᠢᠬᠦ᠌᠎ᠡᠴᠡ ᠵᠠᠢᠯᠠᠰᠭᠢᠬᠦ᠎ᠵᠢ ᠬᠦᠰᠡᠵᠦ᠍ ᠪᠠᠢᠨ᠎ᠠ᠃ ᠳᠤᠮᠳᠠᠳᠤ ᠤᠯᠤᠰ ᠪᠣᠯ ᠬᠠᠷᠢᠭᠤᠴᠠᠯᠭ᠎ᠠ᠎ᠲᠠᠶ ᠳᠡᠯᠡᠬᠡᠢ᠎ᠶ᠋ᠢᠨ ᠲᠤᠮᠤ ᠤᠯᠤᠰ ᠮᠥᠨ᠂ ᠢᠮᠠᠭ᠍ᠲᠠ ᠲᠥᠪ ᠭᠣᠣᠯᠴᠢ ᠵᠣᠭ᠍ᠰᠣᠯᠲᠠ᠎ᠶ᠋ᠢ ᠪᠠᠷᠢᠮᠲᠠᠯᠠᠵᠤ᠂ ᠳᠤᠮᠳᠠᠳᠤ ᠳᠣᠷᠣᠨᠠᠲᠤ᠎ᠶ᠋ᠢᠨ ᠤᠯᠤᠰ᠎ᠤᠳ᠎ᠤᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠷᠢᠯᠴᠠᠭ᠎ᠠ᠂ ᠶᠠᠷᠢᠯᠴᠠᠭ᠎ᠠ ᠬᠠᠮᠲᠤᠷᠠᠯᠴᠠᠭ᠎ᠠ᠎ᠶ᠋ᠢ ᠳᠡᠮᠵᠢᠭ᠌ᠰᠡᠭᠡᠷ ᠢᠷᠡᠪᠡ᠃ ᠰᠠᠦ᠋ᠳᠢ ᠠᠷᠠᠪ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠲᠠᠢ᠌ᠨ ᠵᠣᠭ᠍ᠰᠣᠬᠤ ᠪᠠᠢᠳᠠᠯ᠎ᠢ ᠬᠠᠮᠠᠭᠠᠯᠠᠵᠤ᠂ ᠲᠠᠢ᠌ᠨ᠎ᠦ ᠭᠠᠯ ᠲᠠᠬᠢᠨ ᠳᠦᠷᠡᠯᠵᠢᠬᠦ᠎ᠡᠴᠡ ᠰᠡᠷᠭᠡᠢᠯᠡᠵᠦ᠍᠂ ᠬᠤᠷᠮᠤᠽ ᠬᠣᠭᠣᠯᠠᠢ᠎ᠶ᠋ᠢᠨ ᠠᠶᠠᠯᠠᠯ᠎ᠤᠨ ᠠᠮᠤᠷ ᠲᠦᠪᠱᠢᠨ ᠪᠠ ᠴᠢᠯᠥᠭᠡᠳᠡᠢ ᠪᠠᠢᠬᠤ᠎ᠶ᠋ᠢ ᠦᠨᠡᠨ᠎ᠬᠦ ᠪᠠᠲᠤᠯᠠᠵᠤ᠂ ᠭᠠᠵᠠᠷ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ᠎ᠶ᠋ᠢ ᠪᠡᠶᠡᠯᠡᠭᠦᠯᠬᠦ᠌ ᠠᠷᠭ᠎ᠠ᠎ᠶ᠋ᠢ ᠬᠠᠮᠲᠤ᠎ᠪᠠᠷ ᠡᠷᠢᠯᠬᠢᠯᠡᠨ᠎ᠡ ᠭᠡᠵᠦ᠍ ᠢᠯᠡᠳᠭᠡᠪᠡ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 20 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号