ᠳᠤᠮᠳᠠᠳᠤ ᠤᠯᠤᠰ᠎ᠤᠨ ᠬᠡᠪᠯᠡᠯ᠎ᠦᠨ ᠰᠤᠨᠭᠭᠤᠳᠠᠭ ᠪᠦᠲᠦᠭᠡᠯ ᠨᠢ 2026 ᠫᠠᠷᠢᠰ᠎ᠤᠨ ᠨᠣᠮ ᠪᠢᠴᠢᠭ᠎ᠦᠨ ᠨᠠᠢᠷ᠎ᠲᠤ ᠳᠤᠮᠳᠠᠳᠤ᠎ᠶᠢᠨ ᠰᠣᠶᠣᠯ᠎ᠤᠨ ᠷᠢᠳᠢ ᠰᠢᠳᠢ᠎ᠶᠢ ᠭᠠᠢᠬᠠᠭᠤᠯᠵᠠᠢ
2026-04-21 10:34:30
ᠵᠣᠬᠢᠶᠠᠭ᠍ᠴᠢ᠄
ᠵᠠᠩ ᠪᠠᠢ ᠬᠤᠢ
ᠣᠩᠱᠢᠭ᠍ᠰᠠᠨ ᠣᠳᠠᠭ᠎ᠠ᠄
★★★☆☆

2026 ᠣᠨ᠎ᠤ ᠫᠠᠷᠢᠰ᠎ᠤᠨ ᠨᠣᠮ ᠪᠢᠴᠢᠭ᠎ᠦᠨ ᠨᠠᠢᠷ 17᠎ᠤ᠋ ᠡᠳᠦᠷ᠎ᠡᠴᠡ 19᠎ᠤ᠋ ᠡᠳᠦᠷ ᠪᠣᠯᠲᠠᠯ᠎ᠠ ᠹᠷᠠᠨᠼᠢ᠎ᠶᠢᠨ ᠫᠠᠷᠢᠰ᠎ᠤᠨ ᠬᠠᠭᠠᠨ᠎ᠤ ᠲᠤᠮᠤ ᠣᠷᠳᠣᠨ᠎ᠳᠤ ᠶᠠᠪᠤᠭᠳᠠᠵᠤ᠂ ᠳᠤᠮᠳᠠᠳᠤ ᠤᠯᠤᠰ᠎ᠤᠨ ᠬᠡᠪᠯᠡᠯ᠎ᠦᠨ ᠲᠥᠯᠥᠭᠡᠯᠡᠭᠴᠢᠳ᠎ᠦᠨ ᠪᠦᠯᠬᠦᠮ᠎ᠤᠨ ᠬᠢᠨ ᠰᠣᠨᠭᠭᠤᠳᠠᠭ ᠨᠣᠮ ᠪᠢᠴᠢᠭ ᠪᠣᠯᠣᠨ ᠰᠢᠷᠢᠰ ᠰᠣᠶᠣᠯ᠎ᠤᠨ ᠠᠵᠢᠯᠯᠠᠭ᠎ᠠ᠎ᠲᠠᠢ ᠣᠷᠣᠯᠴᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠬᠡᠪᠯᠡᠯ᠎ᠦᠨ ᠦᠷ᠎ᠡ ᠪᠦᠲᠦᠭᠡᠯ ᠪᠣᠯᠣᠨ ᠳᠤᠮᠳᠠᠳᠤ᠎ᠶᠢᠨ ᠰᠣᠶᠣᠯ᠎ᠤᠨ ᠷᠢᠳᠢ ᠰᠢᠳᠢ᠎ᠶᠢ ᠳᠡᠯᠭᠡᠨ ᠦᠵᠡᠭᠦᠯᠵᠡᠢ᠃

ᠲᠣᠰ ᠬᠤᠭᠤᠴᠠᠭᠠᠨ᠎ᠤ ᠫᠠᠷᠢᠰ᠎ᠤᠨ ᠨᠣᠮ ᠪᠢᠴᠢᠭ᠎ᠦᠨ ᠨᠠᠢᠷ ᠨᠢ 《ᠠᠶᠠᠯᠠᠯ ᠵᠢᠭᠤᠯᠴᠢᠯᠠᠯ》 ᠵᠢᠡᠷ ᠣᠨ᠎ᠤ ᠭᠣᠣᠯ ᠰᠡᠳᠦᠪ ᠪᠣᠯᠭᠠᠵᠤ᠂ ᠪᠥᠬᠥ ᠳᠡᠯᠡᠬᠡᠢ᠎ᠶᠢᠨ 450 ᠰᠢᠬᠠᠮ ᠬᠡᠪᠯᠡᠯ᠎ᠦᠨ ᠪᠠᠢᠭᠤᠯᠤᠮᠵᠢ ᠴᠤᠭᠯᠠᠷᠠᠵᠠᠢ᠃ ᠬᠤᠸᠠᠨ ᠴᠢᠦ ᠰᠣᠨᠢᠨ ᠮᠡᠳᠡᠭᠡ ᠬᠡᠪᠯᠡᠯ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ ᠡᠴᠡ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠢᠭᠤᠯᠤᠭᠰᠠᠨ ᠳᠤᠮᠳᠠᠳᠤ ᠤᠯᠤᠰ᠎ᠤᠨ ᠬᠡᠪᠯᠡᠯ᠎ᠦᠨ ᠲᠥᠯᠥᠭᠡᠯᠡᠭᠴᠢᠳ᠎ᠦᠨ ᠪᠦᠯᠬᠦᠮ ᠨᠢ ᠬᠡᠪᠯᠡᠯ᠎ᠦᠨ ᠡᠲᠡᠭᠡᠳ᠎ᠦᠨ ᠲᠥᠯᠥᠭᠡᠯᠡᠭᠴᠢ᠂ ᠵᠣᠬᠢᠶᠠᠯᠴᠢ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ ᠵᠡᠷᠭᠡ 60 ᠰᠢᠬᠠᠮ ᠬᠥᠮᠥᠨ᠎ᠢ ᠴᠤᠭᠯᠠᠭᠤᠯᠵᠤ᠂ ᠨᠣᠮ ᠪᠢᠴᠢᠭ᠎ᠦᠨ ᠦᠵᠡᠭᠦᠯᠭᠡ᠂ ᠤᠳᠬ᠎ᠠ ᠵᠣᠬᠢᠶᠠᠯ᠎ᠤᠨ ᠶᠠᠷᠢᠯᠴᠠᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠲᠣᠭᠯᠠᠯᠲᠠ᠂ ᠬᠡᠪᠯᠡᠯ᠎ᠦᠨ ᠡᠷᠬᠡ᠎ᠶᠢᠨ ᠬᠠᠮᠲᠤᠷᠠᠯᠴᠠᠭ᠎ᠠ ᠵᠡᠷᠭᠡ ᠤᠯᠠᠨ ᠡᠰᠢᠲᠦ ᠬᠡᠯᠪᠡᠷᠢ᠎ᠪᠡᠷ ᠹᠷᠠᠨᠼᠢ ᠵᠢᠴᠢ ᠡᠸᠦ᠋ᠷᠦᠫᠡ ᠲᠢᠪ᠎ᠦᠨ ᠠᠷᠠᠳ ᠤᠯᠠᠨ᠎ᠳᠤ ᠪᠣᠰᠣᠭ᠎ᠠ ᠴᠣᠭᠴᠠᠲᠤ ᠳᠤᠮᠳᠠᠳᠤ ᠤᠯᠤᠰ᠎ᠤᠨ ᠳᠦᠷᠢ ᠲᠥᠷᠬᠦ᠎ᠶᠢ ᠬᠠᠷᠠᠭᠤᠯᠪᠠ᠃

ᠳᠤᠮᠳᠠᠳᠤ ᠤᠯᠤᠰ᠎ᠤᠨ ᠦᠵᠡᠭᠦᠯᠭᠡ᠎ᠶᠢᠨ ᠲᠠᠢᠰᠠᠨ᠎ᠳᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ᠂ ᠰᠢᠨᠵᠢᠯᠡᠬᠦ ᠤᠬᠠᠭᠠᠨ᠎ᠤ ᠤᠷᠠᠨ ᠵᠦᠨᠭᠨᠡᠯ᠎ᠤᠨ ᠤᠳᠬ᠎ᠠ ᠵᠣᠬᠢᠶᠠᠯ᠂ ᠤᠤᠭᠠᠯ ᠡᠭᠦᠳᠦᠯᠳᠡ ᠵᠢᠨ ᠱᠣᠭ ᠵᠢᠷᠤᠭ᠂ ᠪᠠᠭᠠᠴᠤᠳ ᠬᠡᠦᠬᠡᠳ᠎ᠦᠨ ᠬᠡᠪᠯᠡᠯ ᠵᠡᠷᠭᠡ ᠨᠣᠮ ᠪᠢᠴᠢᠭ᠎ᠦᠨ ᠦᠵᠡᠭᠦᠯᠭᠡ᠎ᠶᠢᠨ ᠲᠣᠭᠣᠷᠢᠭ᠋᠎ᠢ ᠲᠣᠬᠢᠷᠠᠭᠤᠯᠵᠤ᠂ ᠤᠯᠠᠨ ᠲᠦᠷᠦᠯ᠎ᠦᠨ ᠬᠡᠯᠨ ᠪᠡᠷ 600 ᠭᠠᠷᠤᠢ ᠵᠦᠢᠯ᠂ 1200 ᠭᠠᠷᠤᠢ ᠳᠡᠪᠲᠡᠷ ᠬᠡᠪᠯᠡᠭᠳᠡᠬᠦᠨ᠎ᠢ ᠢᠯᠡᠷᠡᠭᠦᠯᠵᠦ᠂ 《ᠰᠢ ᠵᠢᠨ ᠫᠢᠩ ᠲᠦᠷᠦ᠎ᠶᠢ ᠵᠠᠰᠠᠬᠤ ᠲᠤᠬᠠᠢ》 ᠨᠣᠮ᠎ᠤᠨ ᠨᠢᠭᠡᠳᠦᠭᠡᠷ ᠪᠣᠳᠢ᠎ᠡᠴᠡ ᠲᠠᠪᠤᠳᠤᠭᠠᠷ ᠪᠣᠳᠢ᠂ 《ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠲᠤᠬᠠᠢ ᠵᠢᠨ ᠪᠣᠳᠠᠲᠤ ᠲᠡᠮᠳᠡᠭᠯᠡᠯ》 ᠨᠣᠮ᠎ᠤᠨ ᠨᠢᠭᠡᠳᠦᠭᠡᠷ ᠪᠣᠳᠢ᠂ 《ᠰᠢ ᠵᠢᠨ ᠫᠢᠩ ᠨᠠᠮ᠎ᠤᠨ ᠲᠡᠦᠬᠡ ᠵᠢᠨ ᠶᠠᠷᠢᠭ᠍ᠰᠠᠨ ᠨᠢ》 ᠵᠡᠷᠭᠡ ᠭᠣᠣᠯ ᠰᠡᠳᠦᠪᠲᠦ ᠬᠡᠪᠯᠡᠭᠳᠡᠬᠦᠨ᠎ᠦ ᠬᠢᠲᠠᠳ ᠭᠠᠳᠠᠭᠠᠳᠤ ᠬᠡᠯᠡᠨ᠎ᠦ ᠬᠡᠪᠯᠡᠯ ᠵᠢᠴᠢ ᠤᠯᠤᠰ᠎ᠤᠨ ᠭᠣᠣᠯᠳᠠᠯᠭ᠎ᠠ ᠲᠠᠢ ᠬᠡᠪᠯᠡᠯ᠎ᠦᠨ ᠲᠦᠷᠦᠯ ᠵᠦᠢᠯ᠎ᠦᠨ 《ᠳᠤᠮᠳᠠᠳᠤ᠎ᠶᠢᠨ ᠵᠤᠬᠢᠶᠠᠯ᠎ᠤᠨ ᠬᠥᠮᠥᠷᠭᠡ》 ᠭᠡᠬᠦ ᠬᠢᠲᠠᠳ ᠹᠷᠠᠨᠼᠢ ᠬᠡᠯᠡᠨ᠎ᠤ ᠬᠠᠷᠢᠴᠠᠭᠤᠯᠤᠭᠰᠠᠨ ᠴᠤᠪᠤᠷᠠᠯ ᠪᠢᠴᠢᠭ ᠵᠡᠷᠭᠡ᠎ᠶᠢ ᠭᠣᠣᠯᠳᠠᠯᠭ᠎ᠠ᠎ᠲᠠᠢ ᠳᠡᠯᠭᠡᠨ ᠦᠵᠡᠭᠦᠯᠪᠡ᠃

ᠦᠵᠡᠭᠦᠯᠭᠡ ᠵᠢᠨ ᠬᠤᠭᠤᠴᠠᠭᠠᠨ᠎ᠳᠤ᠂ ᠲᠥᠯᠥᠭᠡᠯᠡᠭᠴᠢᠳ᠎ᠦᠨ ᠪᠦᠯᠬᠦᠮ ᠤᠯᠠᠨ ᠲᠠᠯᠠᠪᠤᠷ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠪᠡ᠃ 17᠎ᠤ᠋ ᠡᠳᠦᠷ᠎ᠦᠨ 《ᠫᠠᠷᠢᠰ᠎ᠤᠨ ᠨᠣᠮ ᠪᠢᠴᠢᠭ᠎ᠦᠨ ᠨᠠᠢᠷ᠎ᠤᠨ ᠳᠤᠮᠳᠠᠳᠤ ᠤᠯᠤᠰ᠎ᠤᠨ ᠵᠠᠯᠠᠭᠤ ᠵᠣᠬᠢᠶᠠᠯᠴᠢᠳ᠎ᠤᠨ ᠳᠡᠯᠭᠡᠷᠡᠭᠦᠯᠬᠦ ᠠᠵᠢᠯᠯᠠᠭ᠎ᠠ》 ᠳᠡᠭᠡᠷ᠎ᠡ ᠴᠧᠨ ᠴᠢᠦ ᠹᠠᠨ᠂ ᠯᠢᠦ ᠲᠦᠩ᠂ ᠯᠢᠶᠠᠩ ᠴᠢᠩ ᠰᠠᠨ ᠵᠡᠷᠭᠡ ᠳᠤᠮᠳᠠᠳᠤ ᠤᠯᠤᠰ᠎ᠤᠨ ᠵᠣᠬᠢᠶᠠᠯᠴᠢᠳ ᠹᠷᠠᠨᠼᠢ᠎ᠶᠢᠨ ᠵᠣᠬᠢᠶᠠᠯᠴᠢ ᠪᠣᠯᠣᠨ ᠬᠡᠪᠯᠡᠯ᠎ᠦᠨ ᠡᠲᠡᠭᠡᠳ᠎ᠦᠨ ᠬᠥᠮᠥᠰ᠎ᠲᠠᠢ ᠶᠠᠷᠢᠯᠴᠠᠵᠤ᠂ ᠰᠢᠨᠵᠢᠯᠡᠬᠦ ᠤᠬᠠᠭᠠᠨ᠎ᠤ ᠤᠷᠠᠨ ᠵᠦᠨᠭᠨᠡᠯ᠎ᠤᠨ ᠤᠳᠬ᠎ᠠ ᠵᠣᠬᠢᠶᠠᠯ ᠪᠣᠯᠣᠨ ᠬᠥᠮᠥᠨ ᠲᠥᠷᠥᠯᠬᠢᠲᠡᠨ᠎ᠦ ᠢᠷᠡᠭᠡᠳᠦᠢ ᠵᠡᠷᠭᠡ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠪᠠ᠃

ᠶᠠᠷᠢᠯᠴᠠᠭ᠎ᠠ ᠵᠢᠨ ᠠᠵᠢᠯᠯᠠᠭ᠎ᠠ᠎ᠳᠤ ᠣᠷᠣᠯᠴᠠᠭᠰᠠᠨ ᠹᠷᠠᠨᠼᠢ᠎ᠶᠢᠨ ᠣᠷᠴᠢᠭᠤᠯᠤᠭ᠍ᠴᠢ ᠮᠠᠷᠢᠶᠤᠨ·ᠳ᠋ᠠᠯᠢᠪᠤᠶᠢᠰ ᠰᠤᠷᠪᠤᠯᠵᠢᠯᠠᠭ᠍ᠴᠢ᠎ᠳᠤ᠄《ᠰᠢᠨᠵᠢᠯᠡᠬᠦ ᠤᠬᠠᠭᠠᠨ᠎ᠤ ᠤᠷᠠᠨ ᠵᠦᠨᠭᠨᠡᠯ᠎ᠤᠨ ᠤᠳᠬ᠎ᠠ ᠵᠣᠬᠢᠶᠠᠯ ᠨᠢ ᠭᠠᠵᠠᠷ ᠣᠷᠣᠨ᠂ ᠰᠣᠶᠣᠯ ᠪᠠ ᠴᠠᠭ᠎ᠤᠨ ᠬᠢᠵᠠᠭᠠᠷᠯᠠᠯ᠎ᠡᠴᠡ ᠳᠠᠪᠠᠵᠤ ᠴᠢᠳᠠᠳᠠᠭ᠂ ᠣᠳᠣᠬᠠᠨ᠎ᠤ ᠠᠰᠠᠭᠤᠳᠠᠯ᠎ᠢ ᠰᠢᠨᠵᠢᠯᠡᠨ ᠰᠤᠳᠤᠯᠬᠤ᠂ ᠣᠳᠣ᠌ ᠦᠶ᠎ᠡ᠎ᠶᠢᠨ ᠬᠥᠮᠥᠨᠴᠢ ᠴᠢᠨᠠᠷ᠎ᠢ ᠬᠢᠨᠠᠨ ᠰᠢᠨᠵᠢᠬᠦ ᠪᠦᠲᠦᠮᠵᠢᠲᠡᠶ ᠠᠷᠭ᠎ᠠ ᠵᠠᠮ ᠮᠥᠨ᠃ ᠡᠢᠮᠦ᠎ᠡᠴᠡ ᠪᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠤᠷᠠᠨ ᠵᠦᠨᠭᠨᠡᠯ᠎ᠤᠨ ᠲᠤᠭᠤᠵᠢᠰ᠎ᠢ ᠮᠠᠰᠢ ᠪᠠᠬᠠᠷᠬᠠᠳᠠᠭ᠂ ᠲᠡᠭᠦᠨ᠎ᠦ ᠥᠪᠡᠷᠮᠢᠴᠡ ᠬᠠᠷᠠᠭᠠᠰᠤ ᠨᠢ ᠹᠷᠠᠨᠼᠢ᠎ᠶᠢᠨ ᠤᠩᠰᠢᠭ᠍ᠴᠢᠳ᠎ᠲᠤ ᠠᠪᠴᠤ ᠬᠡᠯᠡᠪᠡᠯ ᠲᠤᠢᠯ᠎ᠤᠨ ᠰᠢᠨ᠎ᠡ ᠰᠡᠪᠡᠭᠦᠨ ᠪᠠᠢᠳᠠᠭ》 ᠭᠡᠪᠡ᠃

ᠣᠢᠯᠠᠭᠠᠭᠰᠠᠨ᠎ᠢᠶᠠᠷ᠂ ᠳᠤᠮᠳᠠᠳᠤ ᠹᠷᠠᠨᠼᠢ᠎ᠶᠢᠨ ᠬᠡᠪᠯᠡᠯ᠎ᠦᠨ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠬᠤᠷᠠᠯ᠂ ᠨᠣᠮ ᠤᠩᠰᠢᠬᠤ ᠰᠣᠯᠢᠯᠴᠠᠭᠠᠨ᠎ᠤ ᠪᠠ ᠶᠠᠷᠢᠯᠴᠠᠬᠤ ᠬᠤᠷᠠᠯ᠂ ᠬᠡᠪᠯᠡᠯ᠎ᠦᠨ ᠡᠷᠬᠡ᠎ᠶᠢᠨ ᠭᠡᠷ᠎ᠡ ᠲᠣᠭᠲᠠᠬᠤ᠂ ᠰᠢᠨ᠎ᠡ ᠨᠣᠮ ᠨᠡᠢᠲᠡᠯᠡᠬᠦ᠂ ᠵᠣᠬᠢᠶᠠᠯᠴᠢ ᠭᠠᠷ᠎ᠤᠨ ᠥᠰᠥᠭ ᠵᠢᠷᠤᠵᠤ ᠬᠤᠳᠠᠯᠳᠤᠬᠤ ᠵᠡᠷᠭᠡ ᠣᠯᠠᠨ ᠵᠦᠢᠯ᠎ᠦᠨ ᠬᠡᠪᠯᠡᠯ᠎ᠦᠨ ᠰᠣᠯᠢᠯᠴᠠᠭᠠᠨ᠎ᠤ ᠠᠵᠢᠯᠯᠠᠭ᠎ᠠ᠎ᠶᠢ ᠦᠵᠡᠭᠦᠯᠭᠡ᠎ᠶᠢᠨ ᠬᠤᠭᠤᠴᠠᠭᠠᠨ᠎ᠳᠤ ᠵᠠᠯᠭᠠᠭ᠎ᠠ ᠪᠠᠷ ᠡᠷᠭᠢᠯᠡᠬᠦ ᠪᠣᠯᠣᠨ᠎ᠠ᠃

 (ᠰᠢᠨᠬᠤᠸᠠ ᠬᠣᠷᠢᠶ᠎ᠡ ᠵᠢᠨ ᠫᠠᠷᠢᠰ᠎ᠤᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号